1 ᠰᠠᠷ᠎ᠠ ᠶ᠋ᠢᠨ 31 ᠤ᠋ ᠡᠳᠦᠷ᠂ ᠪᠦᠬᠦ᠌ ᠣᠷᠣᠨ᠎ᠤ ᠤᠬᠠᠭᠤᠯᠬᠤ ᠬᠡᠯᠲᠡᠰ᠎ᠦᠨ ᠳᠠᠷᠤᠭᠠᠨᠠᠷ ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠡᠴᠡ ᠪᠥᠬᠥ᠌ ᠤᠯᠤᠰ᠎ᠤᠨ ᠤᠬᠠᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠢᠶᠠᠨ ᠳ᠋ᠦᠩᠨᠡᠨ ᠪᠠᠢᠳᠠᠯ᠎ᠢ ᠵᠠᠳᠠᠯᠵᠤ᠂ 2026 ᠣᠨ᠎ᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠱᠢᠶᠠᠨ ᠬᠤᠸᠠ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ ᠡᠴᠡ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠂ ᠨᠠᠮ᠎ᠤᠨ ᠱᠢᠨ᠎ᠡ ᠡᠭᠦᠳᠦᠭᠰᠡᠨ ᠣᠨᠣᠯ᠎ᠤᠨ ᠰᠤᠷᠤᠯᠴᠠᠯᠭ᠎ᠠ ᠰᠤᠳᠤᠯᠭᠠᠨ ᠪᠠ ᠤᠬᠠᠭᠤᠯᠵᠤ ᠲᠠᠢᠯᠪᠤᠷᠢᠯᠠᠬᠤ᠎ᠶ᠋ᠢ ᠭᠦᠨᠵᠡᠭᠡᠢᠷᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠭᠣᠣᠯ ᠵᠠᠭᠤᠴᠢᠯᠠᠭᠤᠷ᠎ᠤᠨ ᠱᠢᠰᠲ᠋ᠧᠮ᠎ᠦᠨ ᠴᠢᠨᠠᠷᠲᠠᠢ ᠬᠤᠪᠢᠰᠤᠯᠲᠠ ᠶ᠋ᠢ ᠲᠦᠷᠭᠡᠪᠴᠢᠯᠡᠨ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ ᠢ ᠴᠢᠩᠭᠠᠳᠭᠠᠨ ᠰᠠᠢᠵᠢᠷᠠᠭᠤᠯᠵᠤ᠂ ᠬᠣᠲᠠ ᠬᠥᠳᠡᠭᠡ ᠶ᠋ᠢᠨ ᠣᠶᠤᠨ ᠤ ᠪᠣᠯᠪᠠᠰᠤᠨ ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠰᠣᠶᠣᠯ ᠤᠨ ᠦᠢᠯᠡᠴᠢᠯᠡᠭᠡ ᠪᠠ ᠰᠣᠶᠣᠯ᠎ᠤᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠂ ᠰᠣᠶᠣᠯ᠎ᠤᠨ ᠥᠪ ᠦᠨ ᠱᠢᠰᠲ᠋ᠧᠮᠲᠦ ᠴᠢᠨᠠᠷᠲᠠᠢ ᠬᠠᠮᠠᠭᠠᠯᠠᠯᠲᠠ᠎ᠶ᠋ᠢ ᠠᠬᠢᠭᠤᠯᠵᠤ᠂ ᠰᠣᠶᠣᠯ᠎ᠤᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠮᠠᠯ ᠠᠵᠤ ᠠᠬᠤᠶ ᠲᠠᠷᠢᠶᠠᠯᠠᠩ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠬᠤᠳᠠᠯᠳᠤᠭ᠎ᠠ ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠰᠦᠯᠵᠢᠶᠡᠨ᠎ᠦ ᠠᠮᠢ ᠠᠬᠤᠢ᠎ᠶ᠋ᠢᠨ ᠵᠠᠰᠠᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ᠂ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠂ ᠰᠣᠶᠣᠯ᠎ᠤᠨ ᠠᠱᠢᠭ᠍ᠲᠠᠶ ᠨᠥᠬᠥᠴᠡᠯ ᠬᠠᠩᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ᠂ ᠲᠥᠪ᠎ᠦᠨ ᠲᠣᠭᠣᠷᠢᠨ ᠪᠠᠢᠴᠠᠭᠠᠯᠳᠠ᠎ᠳᠤ ᠬᠠᠷᠢᠭᠤ ᠲᠤᠰᠭᠠᠭ᠍ᠰᠠᠨ ᠰᠠᠨᠠᠯ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨᠬᠦ ᠬᠠᠳᠠᠭᠤ ᠲᠠᠢ ᠨᠢ ᠬᠠᠯᠳᠠᠨ ᠰᠠᠢᠳᠤᠷ ᠠᠳᠭᠤᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠪᠣᠳᠠᠲᠠᠢᠵᠢᠭᠤᠯᠵᠤ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠭᠠᠷᠭᠠᠬᠤ᠎ᠪᠠᠷ ᠪᠥᠬᠥ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠱᠢᠨ᠎ᠡ ᠪᠠᠢᠳᠠᠯ᠎ᠢ ᠡᠭᠦᠳᠦᠨ ᠨᠡᠬᠡᠬᠡᠬᠦ ᠬᠡᠷᠡᠭ᠌ᠲᠡᠶ ᠭᠡᠵᠦ ᠴᠢᠬᠤᠯᠠᠴᠢᠯᠠᠪᠠ᠃