ᠪᠦᠬᠦ᠌ ᠣᠷᠣᠨ᠎ᠤ ᠪᠠᠢᠴᠠᠭᠠᠬᠤ ᠳᠠᠷᠤᠭ᠎ᠠ᠎ᠨᠠᠷ᠎ᠤᠨ ᠬᠤᠷᠠᠯ ᠬᠥᠬᠡᠬᠣᠲᠠ᠎ᠳᠤ ᠬᠤᠷᠠᠯᠳᠤᠪᠠ
2026-02-01 11:46:55
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠯᠢ ᠶᠦᠩ ᠵᠢᠶᠦ᠋ᠨ ᠶᠠᠷᠢᠶ᠎ᠠ ᠲᠠᠯᠪᠢᠪᠠ


1 ᠰᠠᠷ᠎ᠠ᠎ᠶ᠋ᠢᠨ 30 ᠤ᠋ ᠡᠳᠦᠷ᠂ ᠪᠦᠬᠦ᠌ ᠣᠷᠣᠨ᠎ᠤ ᠪᠠᠢᠴᠠᠭᠠᠬᠤ ᠳᠠᠷᠤᠭ᠎ᠠ᠎ᠨᠠᠷ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠡᠨᠡ ᠵᠢᠯ᠎ᠦᠨ ᠭᠣᠣᠯᠳᠠᠯᠭ᠎ᠠ᠎ᠲᠠᠶ ᠠᠵᠢᠯ᠎ᠢ ᠰᠤᠳᠤᠯᠤᠨ ᠪᠠᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠬᠤᠷᠠᠯ᠎ᠡᠴᠡ᠂ ᠥᠪᠥᠷ ᠮᠣᠩᠭᠣᠯ᠎ᠤᠨ ᠪᠠᠢᠴᠠᠭᠠᠬᠤ ᠠᠵᠢᠯ᠎ᠤᠨ 《ᠭᠤᠷᠪᠠᠨ ᠵᠢᠯ᠎ᠳᠦ ᠨᠢᠭᠡ ᠤᠳᠠᠭ᠎ᠠ ᠶᠡᠬᠡ ᠬᠤᠪᠢᠷᠠᠯᠳᠠ ᠲᠠᠢ ᠪᠤᠯᠭᠠᠬᠤ》 ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃ ᠡᠨᠡ ᠵᠢᠯ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ 《1571》ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠴᠢᠷᠮᠠᠢᠨ ᠬᠠᠮᠠᠭᠠᠯᠠᠬᠤ ᠬᠡᠷᠡᠭ᠌ᠲᠡᠢ; ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠡᠴᠡ ᠎ᠪᠠᠨ ᠣᠷᠣᠯᠴᠠᠵᠤ᠂ ᠴᠢᠨᠠᠷ ᠰᠠᠢᠲᠠᠶ ᠬᠥᠭ᠌ᠵᠢᠯᠲᠡ᠎ᠳᠦ ᠪᠥᠬᠥ᠌ ᠬᠦᠴᠦᠨ᠎ᠢᠶᠡᠷ᠎ᠢᠶᠡᠨ ᠦᠶ᠋ᠯᠡᠴᠢᠯᠡᠬᠦ ᠬᠡᠷᠡᠭᠲᠡᠢ; ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠢᠳᠡᠪᠬᠢᠲᠡᠢ ᠪᠠᠲᠤᠯᠠᠵᠤ᠂ ᠪᠠᠢᠴᠠᠭᠠᠬᠤ ᠠᠵᠢᠯ ᠨᠢ ᠠᠷᠠᠳ᠎ᠤᠨ ᠲᠥᠯᠥᠭᠡ ᠪᠣᠳᠠᠲᠤ ᠶᠠᠪᠤᠳᠠᠯ ᠬᠢᠭᠦ᠎ᠶᠢ ᠰᠡᠳᠭᠢᠯ ᠲᠠᠯᠪᠢᠨ ᠰᠠᠢᠲᠤᠷ ᠬᠢᠭᠦ ᠬᠡᠷᠡᠭᠲᠡᠢ; ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠴᠢᠷᠮᠠᠢᠨ ᠠᠬᠢᠭᠤᠯᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠳᠦ ᠪᠠᠢᠴᠠᠭᠠᠬᠤ ᠠᠵᠢᠯ ᠎ᠤᠨ ᠬᠦᠴᠦᠨ ᠴᠢᠳᠠᠯ᠎ᠢ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号