ᠬᠣᠶᠠᠷ ᠰᠠᠯᠠᠭ᠎ᠠ ᠮᠥᠴᠢᠷ ᠰᠠᠨᠠᠯ ᠳᠠᠷᠤᠮᠠᠯᠯᠠᠨ ᠲᠠᠷᠬᠠᠭᠠᠵᠤ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠭᠦᠯᠬᠦ ᠪᠡᠷ ᠪᠠᠢᠨ᠎ᠠ
2026-02-10 09:29:48
ᠵᠣᠬᠢᠶᠠᠭ᠍ᠴᠢ᠄
ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠸᠧᠶ ᠬᠣᠩ ᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠢᠷ᠎ᠡ ᠵᠢᠨ ᠡᠳᠦᠷ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠤᠯᠠᠮ ᠴᠢᠨᠠᠭᠰᠢᠳᠠ ᠪᠦᠷᠢᠨᠱᠢᠬᠦᠯᠬᠦ᠌᠎ᠶ᠋ᠢᠨ ᠲᠥᠯᠥᠭᠡ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠣᠢᠷ᠎ᠠ᠎ᠳᠤ 《ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠬᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠪᠠ᠃

ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠪᠣᠯ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠰᠠᠭᠤᠷᠢ ᠲᠥᠬᠥᠭᠡᠷᠦᠮᠵᠢ ᠮᠥᠨ᠂ ᠦᠶᠡᠷ᠎ᠢ ᠰᠡᠷᠭᠡᠢᠯᠡᠬᠦ᠌ ᠠᠮᠤᠷ ᠲᠦᠪᠱᠢᠨ᠂ ᠤᠰᠤ ᠬᠠᠩᠭᠠᠬᠤ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠬᠤ ᠵᠡᠷᠭᠡ ᠲᠠᠯ᠎ᠠ᠎ᠪᠠᠷ ᠴᠢᠬᠤᠯᠠ ᠲᠤᠯᠭᠠᠭᠤᠷᠢᠯᠠᠬᠤ ᠦᠶ᠋ᠯᠡᠳᠦᠯ᠎ᠲᠡᠶ ᠶᠤᠮ᠃ ᠲᠠᠨᠢᠯᠴᠠᠭᠤᠯᠤᠭ᠍ᠰᠠᠨ᠎ᠢᠶᠠᠷ᠂ ᠰᠠᠨᠠᠯ᠎ᠢ ᠨᠡᠢᠲᠡ ᠶᠡᠷᠦᠩᠬᠡᠶ ᠱᠠᠭᠠᠷᠳᠠᠯᠭ᠎ᠠ᠂ ᠢᠨᠵᠧᠨᠧᠷᠢᠩ᠎ᠦᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠬᠦᠯᠬᠦ᠌᠂ ᠢᠨᠵᠧᠨᠧᠷᠢᠩ᠎ᠦᠨ ᠥᠨᠳᠥᠷ ᠲᠦᠪᠱᠢᠨ ᠪᠥᠬᠥᠶ ᠠᠵᠢᠯᠯᠠᠭᠠᠨ᠎ᠤ ᠲᠣᠭ᠍ᠲᠡᠴᠡ᠎ᠶ᠋ᠢ ᠪᠦᠷᠢᠨᠱᠢᠬᠦᠯᠬᠦ᠌ ᠪᠠ ᠢᠨᠵᠧᠨᠧᠷᠢᠩ᠎ᠦᠨ ᠥᠨᠳᠥᠷ ᠪᠦᠲᠦᠮᠵᠢᠲᠡᠶ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠬᠦᠯᠬᠦ᠌ ᠵᠡᠷᠭᠡ 4 ᠬᠡᠰᠡᠭ ᠬᠤᠪᠢᠶᠠᠨ᠎ᠠ᠃

ᠰᠠᠨᠠᠯ᠎ᠳᠤ᠂ 《ᠱᠢᠰᠲ᠋ᠧᠮ ᠪᠦᠷᠢᠨ ᠲᠡᠭᠦᠯᠳᠡᠷ᠂ ᠠᠮᠤᠷ ᠲᠦᠪᠱᠢᠨ ᠨᠠᠢᠳᠠᠪᠤᠷᠢᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ ᠣᠶᠤᠨᠴᠢ᠂ ᠡᠷᠭᠢᠯᠲᠡ ᠰᠠᠭᠠᠳ ᠥᠬᠡᠶ᠂ ᠲᠣᠬᠢᠷᠠᠭᠤᠯᠤᠯ ᠡᠵᠡᠮᠳᠡᠯ ᠨᠢ ᠡᠮᠬᠢ ᠵᠢᠷᠤᠮ᠎ᠲᠠᠶ》ᠤᠯᠤᠰ᠎ᠤᠨ ᠤᠰᠤᠨ ᠲᠤᠤᠷ᠎ᠤᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠲᠠᠶ ᠤᠶᠠᠯᠳᠤᠭᠤᠯᠤᠨ᠂ ᠵᠠᠰᠠᠭ᠎ᠤᠨ ᠣᠷᠳᠣᠨ ᠬᠥᠲᠥᠯᠦᠨ ᠵᠢᠯᠣᠭᠣᠳᠭᠤ᠂ ᠵᠠᠬ᠎ᠠ ᠳᠡᠯᠭᠡᠭᠦᠷ ᠣᠷᠣᠯᠴᠠᠬᠤ ᠵᠢ ᠪᠠᠷᠢᠮᠲᠠᠯᠠᠵᠤ᠂ 《ᠬᠠᠲᠠᠭᠤ ᠪᠠᠯᠠ ᠣᠷᠣᠭᠤᠯᠤᠯᠲᠠ》 ᠪᠠ 《ᠵᠥᠭᠡᠯᠡᠨ ᠪᠥᠲᠥᠭᠡᠨ ᠪᠠᠢᠭᠤᠯᠤᠯᠲᠠ》 ᠶ᠋ᠢ ᠨᠢᠭᠡᠳᠦᠯᠲᠡᠶ ᠲᠥᠯᠥᠪᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠶ᠂ ᠪᠠᠯᠠ ᠣᠷᠣᠭᠤᠯᠤᠯᠲᠠ ᠣᠯᠠᠨ ᠡᠱᠢᠵᠢᠭ᠌ᠰᠡᠨ᠂ ᠶᠠᠰᠤ ᠴᠢᠨᠠᠷ ᠦᠷ᠎ᠡ ᠪᠦᠲᠦᠮᠵᠢ᠎ᠶ᠋ᠢ ᠵᠡᠷᠭᠡ᠎ᠪᠡᠷ ᠴᠢᠬᠤᠯᠠᠴᠢᠯᠠᠭ᠍ᠰᠠᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠪᠠ ᠠᠵᠢᠯᠯᠠᠭᠠᠨ᠎ᠤ ᠲᠣᠭ᠍ᠲᠡᠴᠡ᠎ᠶ᠋ᠢ ᠪᠦᠷᠢᠨᠱᠢᠭᠦᠯᠵᠦ᠍᠂ ᠲᠦᠷᠢᠮ ᠨᠢ ᠪᠦᠷᠢᠨ ᠲᠡᠭᠦᠯᠳᠡᠷ᠂ ᠲᠣᠭᠠᠴᠢᠯᠠᠯᠲᠠ ᠤᠶᠤᠨᠴᠢᠯᠠᠯᠲᠠ ᠪᠡᠷ ᠡᠨ᠋ᠸᠷᠬᠢ ᠣᠯᠭᠣᠭ᠍ᠰᠠᠨ᠂ ᠬᠢᠨᠠᠯᠲᠠ ᠬᠠᠮᠢᠶᠠᠷᠤᠯᠲᠠ ᠨᠢ ᠥᠨᠳᠥᠷ ᠪᠦᠲᠦᠮᠵᠢᠲᠡᠶ ᠬᠠᠮᠢᠶᠠᠷᠤᠯᠲᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠂ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠦᠨ ᠴᠢᠨᠠᠷ ᠰᠠᠢᠲᠠᠶ ᠪᠠᠢᠭᠤᠯᠤᠯᠲᠠ᠂ ᠦᠨᠳᠦᠷ ᠲᠦᠪᠰᠢᠨ ᠪᠦᠭᠦᠢ ᠠᠵᠢᠯᠯᠠᠭᠠᠨ ᠪᠤᠯᠤᠨ ᠦᠨᠳᠦᠷ ᠪᠦᠲᠦᠮᠵᠢᠲᠡᠢ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃

(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号