ᠤᠰᠤᠨ ᠲᠤᠤᠷ ᠤ᠋ᠨ ᠭᠤᠤᠯᠯᠠᠬᠤ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠳ᠋ᠤ ᠴᠢᠬᠤᠯᠠ ᠰᠢᠪᠳᠤᠯᠤᠯᠳᠠ ᠭᠠᠷᠭᠠᠪᠠ
2026-02-10 10:15:05
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠤᠰᠤᠨ ᠠᠰᠢᠭᠯᠠᠯᠲᠠ ᠢ᠋ᠢᠨ ᠴᠢᠨᠠᠷ ᠰᠠᠢᠳᠠᠢ ᠬᠦᠭᠵᠢᠯᠲᠡ ᠵᠢ ᠠᠬᠢᠭᠤᠯᠤᠭᠰᠠᠨ ᠦᠷ᠎ᠡ ᠪᠦᠲᠦᠬᠡᠯ 


ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠢᠨᠵᠧᠨᠧᠷᠢᠩ᠂ ᠲᠠᠭ᠎ᠠ ᠢ᠋ᠢᠨ ᠨᠠᠭᠤᠷ ᠤ᠋ᠨ ᠠᠮᠢ ᠠᠬᠤᠢ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ᠂ ᠵᠡᠭᠦᠨ ᠲᠠᠢᠽᠢ ᠤᠰᠤᠨ ᠴᠥᠭᠥᠷᠥᠮ ᠤ᠋ᠨ ᠢᠨᠵᠧᠨᠧᠷᠢᠩ᠂ ᠥᠨᠳᠡᠭᠡᠨ ᠤᠰᠤᠨ ᠠᠱᠢᠭ᠍ᠯᠠᠯᠲᠠ ᠢ᠋ᠢᠨ ᠬᠦᠶ᠋ᠰᠦ ᠢ᠋ᠢᠨ ᠢᠨᠵᠧᠨᠧᠷᠢᠩ᠂ ᠴᠤᠤᠯ ᠭᠤᠤᠯ ᠤ᠋ᠨ ᠤᠰᠤ ᠢ᠋ᠢ ᠯᠢᠶᠣᠤᠾᠧ ᠭᠤᠤᠯ ᠳ᠋ᠤ ᠲᠠᠲᠠᠬᠤ ᠬᠣᠶᠠᠳᠤᠭᠠᠷ ᠬᠤᠭᠤᠴᠠᠭ᠎ᠠ ᠵᠢᠴᠢ ᠥᠪᠥᠷ ᠮᠣᠩᠭᠣᠯ ᠤ᠋ᠨ ᠰᠠᠯᠪᠤᠷᠢ ᠱᠤᠭᠤᠮ ᠤ᠋ᠨ ᠢᠨᠵᠧᠨᠧᠷᠢᠩ ᠁ ᠮᠠᠨ ᠤ᠋ ᠤᠷᠤᠨ 《ᠠᠮᠤᠷ ᠲᠦᠪᠱᠢᠨ ᠪᠦᠭᠡᠳ ᠨᠠᠢᠳᠠᠪᠤᠷᠢᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ ᠣᠶᠤᠨᠴᠢ᠂ ᠱᠢᠰᠲ᠋ᠧᠮ ᠢ᠋ᠢᠡᠷ ᠪᠦᠷᠢᠨ ᠲᠡᠭᠦᠯᠳᠡᠷ᠂ ᠡᠷᠭᠢᠯᠲᠡ ᠪᠠᠷ ᠰᠢᠭᠤᠳ ᠰᠢᠯᠤᠭᠤᠨ᠂ ᠲᠣᠬᠢᠷᠠᠭᠤᠯᠤᠯᠲᠠ ᠡᠵᠡᠮᠳᠡᠯ ᠢ᠋ᠢᠡᠷ ᠡᠮᠬᠢ ᠵᠢᠷᠤᠮ ᠲᠠᠢ》 ᠣᠳᠣᠬᠢᠴᠢᠯᠠᠭ᠍ᠰᠠᠨ ᠤᠰᠤᠨ ᠲᠤᠤᠷ  ᠪᠠᠢᠭᠤᠯᠬᠤ ᠪᠡᠷ ᠬᠠᠷᠠᠯᠲᠠ ᠪᠣᠯᠭᠠᠵᠤ᠂ ᠨᠢᠭᠡ ᠪᠦᠯᠦᠭ ᠪᠡᠯᠭᠡ ᠲᠡᠮᠳᠡᠭ ᠤ᠋ᠨ ᠴᠢᠨᠠᠷᠲᠠᠶ ᠭᠤᠤᠯᠯᠠᠭ᠍ᠤ ᠢᠨᠵᠧᠨᠧᠷᠢᠩ ᠢ᠋ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠢ᠋ᠢ ᠱᠢᠯᠢᠳᠡᠭ᠌ᠵᠢᠭᠦᠯᠬᠦ᠌᠂ ᠤᠰᠤᠨ ᠤ᠋ ᠠᠮᠤᠷ ᠲᠦᠪᠱᠢᠨ ᠢ᠋ ᠪᠠᠲᠤᠯᠠᠬᠤ ᠲᠠᠯ᠎ᠠ ᠪᠡᠷ ᠴᠢᠬᠤᠯᠠ ᠰᠢᠪᠳᠤᠯᠤᠯᠳᠠ ᠭᠠᠷᠭᠠᠪᠠ᠃

2025 ᠣᠨ ᠳ᠋ᠤ 391 ᠺᠢᠯᠣᠮᠧᠲ᠋ᠷ᠎ᠤᠨ ᠰᠤᠪᠠᠭ ᠲᠠᠳᠠᠵᠦ ᠬᠢᠩᠭᠠᠨ ᠠᠢᠮᠠᠭ ᠤ᠋ᠨ ᠴᠤᠤᠯ ᠭᠤᠤᠯ᠎ᠤᠨ ᠤᠰᠤ ᠵᠢ ᠲᠦᠩᠯᠢᠶᠣᠤ ᠬᠣᠲᠠ ᠵᠢᠨ ᠮᠣᠷᠢᠨ ᠰᠦᠮ᠎ᠡ ᠵᠢᠨ ᠤᠰᠤᠨ ᠴᠥᠭᠥᠷᠥᠮ ᠳ᠋ᠤ ᠲᠠᠳᠠᠨ ᠣᠷᠣᠭᠤᠯᠵᠤ᠂ ᠵᠠᠮ ᠲᠠᠭᠠᠤ ᠵᠢᠨ ᠬᠢᠩᠭᠠᠨ ᠠᠢᠮᠠᠭ ᠪᠤᠯᠤᠨ ᠲᠦᠩᠯᠢᠶᠣᠤ ᠬᠣᠲᠠ ᠢ᠋ᠢᠨ 8 ᠬᠣᠱᠢᠭᠤ ᠱᠢᠶᠠᠨ ᠬᠣᠲᠠ ᠲᠣᠭᠣᠷᠢᠭ᠂ 10 ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠲᠦ᠍ 《ᠤᠮᠳᠠ ᠬᠠᠩᠭᠠᠵᠤ》᠂ ᠥᠪᠥᠷ ᠮᠣᠩᠭᠣᠯ ᠤ᠋ᠨ ᠵᠡᠭᠦᠨ ᠪᠡᠶ᠎ᠠ ᠢ᠋ᠢᠨ ᠭᠠᠵᠠᠷ ᠤᠷᠤᠨ ᠤ᠋ ᠤᠰᠤ ᠳᠤᠲᠠᠭ᠍ᠳᠠᠬᠤ ᠠᠰᠠᠭᠤᠳᠠᠯ ᠢ᠋ ᠰᠢᠢᠳᠪᠦᠷᠢᠯᠡᠬᠦ 《ᠠᠮᠢᠨ ᠤᠷᠤᠰᠬᠠᠯ》 ᠪᠤᠯᠵᠠᠢ᠃

ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠢᠨᠵᠧᠨᠧᠷᠢᠩ ᠪᠣᠯ ᠪᠦᠬᠦ ᠤᠯᠤᠰ ᠤ᠋ᠨ ᠤᠰᠤ ᠠᠷᠪᠢᠯᠠᠵᠤ ᠤᠰᠤ ᠬᠠᠩᠭᠠᠬᠤ 172 ᠴᠢᠬᠤᠯᠠ ᠶᠡᠬᠡ ᠤᠰᠤᠨ ᠠᠱᠢᠭ᠍ᠯᠠᠯᠲᠠ ᠢ᠋ᠢᠨ ᠢᠨᠵᠧᠨᠧᠷᠢᠩ ᠤ᠋ᠨ ᠨᠢᠭᠡ ᠪᠣᠯᠬᠤ ᠪᠥᠭᠡᠳ ᠮᠠᠨ ᠤ᠋ ᠣᠷᠣᠨ ᠤ᠋ ᠣᠳᠤ ᠪᠣᠯᠲᠠᠯᠡᠬᠢ ᠪᠡᠯᠡ ᠣᠷᠣᠭᠤᠯᠤᠯᠲᠠ ᠢ᠋ᠢᠨ ᠬᠡᠪᠴᠢᠶ᠎ᠠ ᠪᠡᠷ ᠬᠠᠮᠤᠭ ᠤ᠋ᠨ ᠶᠡᠬᠡ᠂ ᠤᠰᠤ ᠳᠠᠮᠵᠢᠭᠤᠯᠬᠤ ᠵᠠᠮ ᠱᠤᠭᠤᠮ ᠢ᠋ᠢᠡᠷ ᠬᠠᠮᠤᠭ ᠤ᠋ᠨ ᠤᠷᠲᠤ ᠰᠠᠪᠠ ᠭᠠᠵᠠᠷ ᠠᠯᠤᠰᠯᠠᠬᠰᠠᠨ ᠤᠰᠤ ᠲᠠᠲᠠᠬᠤ ᠢᠨᠵᠧᠨᠧᠷᠢᠩ ᠪᠣᠯᠤᠨ᠎ᠠ᠃ 2024 ᠣᠨ ᠳ᠋ᠤ ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠢᠨᠵᠧᠨᠧᠷᠢᠩ ᠪᠥᠬᠥ᠌ ᠱᠤᠭᠤᠮ ᠢ᠋ᠢᠡᠷ ᠤᠰᠤ ᠨᠡᠪᠲᠡᠷᠡᠭ᠌ᠰᠡᠨ ᠡᠴᠡ ᠨᠠᠭᠠᠰᠢ᠂ ᠪᠠᠷᠠᠭᠤᠨ ᠯᠢᠶᠣᠤᠾᠧ ᠭᠤᠤᠯ ᠤ᠋ᠨ ᠰᠠᠪᠠ ᠭᠠᠵᠠᠷ ᠲᠤ᠌ ᠨᠡᠢᠲᠡ 5571 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠬᠠᠩᠭᠠᠵᠤ᠂ ᠬᠢᠡᠭᠭᠠᠨ ᠠᠢᠮᠠᠭ ᠪᠤᠯᠤᠨ ᠲᠦᠩᠯᠢᠶᠣᠤ ᠬᠤᠳᠠ ᠢ᠋ᠢᠨ ᠤᠰᠤᠨ ᠤ᠋ ᠰᠤᠷᠪᠤᠯᠵᠢ ᠢ᠋ᠢ ᠲᠣᠭ᠍ᠲᠠᠪᠤᠷᠢᠵᠢᠭᠤᠯᠤᠨ᠂  ᠲᠠᠷᠢᠶᠠᠯᠠᠩ ᠪᠠ ᠠᠵᠤ ᠦᠶ᠋ᠯᠡᠰ ᠤ᠋ᠨ ᠬᠥᠭ᠌ᠵᠢᠯᠲᠡ ᠳ᠋ᠤ ᠪᠠᠲᠤ ᠪᠠᠬᠢ ᠪᠠᠲᠤᠯᠠᠭ᠎ᠠ ᠬᠠᠩᠭᠠᠬᠰᠠᠨ ᠪᠢᠯᠡ᠃

ᠤᠳᠤ ᠮᠠᠨ ᠤ᠋ ᠤᠷᠤᠨ ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠬᠣᠶᠠᠳᠤᠭᠠᠷ ᠬᠤᠭᠤᠴᠠᠭ᠎ᠠ ᠵᠢᠴᠢ ᠥᠪᠥᠷ ᠮᠣᠩᠭᠣᠯ ᠤ᠋ᠨ ᠰᠠᠯᠪᠤᠷᠢ ᠱᠤᠭᠤᠮ ᠤ᠋ᠨ ᠢᠨᠵᠧᠨᠧᠷᠢᠩ ᠢ᠋ ᠡᠮᠬᠢ ᠵᠢᠷᠤᠮ ᠲᠠᠢ ᠠᠬᠢᠭᠤᠯᠵᠤ᠂ ᠨᠢᠬᠡᠨᠳᠡ 62.64 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠪᠠ᠃ ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠬᠤᠶᠠᠳᠤᠭᠠᠷ ᠬᠤᠭᠤᠴᠠᠭᠠᠨ ᠤ᠋ ᠢᠨᠵᠧᠨᠧᠷᠢᠩ ᠪᠣᠯ ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠢᠨᠵᠧᠨᠧᠷᠢᠩ ᠤ᠋ᠨ ᠢᠵᠢ ᠪᠦᠷᠢᠳᠦᠭᠦᠯᠬᠦ᠌ ᠢᠨᠵᠧᠨᠧᠷᠢᠩ ᠪᠠᠢᠵᠤ᠂ ᠪᠦᠳᠦᠬᠡᠨ ᠪᠠᠢᠭᠤᠯᠵᠤ ᠳᠠᠭᠤᠰᠤᠬᠰᠠᠨ ᠤ᠋ ᠳᠠᠷᠠᠭ᠎ᠠ ᠮᠠᠨ ᠤ᠋ ᠤᠷᠤᠨ ᠤ᠋ ᠤᠰᠤ ᠬᠠᠩᠭᠠᠬᠤ ᠬᠦᠷᠢᠶ᠎ᠡ ᠬᠡᠪᠴᠢᠶ᠎ᠡ ᠢ᠋ᠢ ᠤᠯᠠᠮ ᠥᠷᠭᠡᠳᠭᠡᠨ᠂ 《ᠡᠮᠦᠨᠡᠰᠢ ᠤᠮᠠᠷᠠᠰᠢ ᠬᠠᠷᠢᠯᠴᠠᠨ ᠲᠣᠬᠢᠷᠠᠭᠤᠯᠬᠤ᠂ ᠵᠡᠭᠦᠨᠰᠢ ᠪᠠᠷᠠᠭᠤᠨᠰᠢ ᠬᠠᠷᠢᠯᠴᠠᠨ ᠲᠤᠰᠠᠯᠠᠬᠤ》 ᠤᠰᠤᠨ ᠤ᠋ ᠡᠬᠢ ᠪᠠᠶᠠᠯᠢᠭ ᠢ᠋ ᠲᠣᠬᠢᠷᠠᠭᠤᠯᠬᠤ ᠪᠠᠢᠷᠢᠱᠢᠯ ᠢ᠋ ᠪᠤᠢ ᠪᠤᠯᠭᠠᠵᠤ᠂ ᠣᠷᠣᠨ ᠪᠦᠰᠡ ᠢ᠋ᠢᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠪᠠ ᠠᠮᠢ ᠠᠬᠤᠶ ᠣᠷᠴᠢᠨ ᠲᠣᠭᠣᠷᠢᠨ ᠤ᠋ ᠰᠡᠷᠭᠦᠯᠲᠡ ᠢ᠋ᠢ ᠭᠦᠨᠵᠡᠭᠡᠢ ᠠᠬᠢᠭᠤᠯᠬᠤ ᠪᠤᠯᠤᠨ᠎ᠠ᠃

ᠮᠠᠨ ᠤ᠋ ᠤᠷᠤᠨ ᠦᠶᠡᠷ ᠢ᠋ ᠰᠡᠷᠭᠡᠢᠯᠡᠬᠦ᠌᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠠᠮᠢ ᠠᠬᠤᠶ ᠢ᠋ᠢ ᠬᠠᠮᠠᠭᠠᠯᠠᠬᠤ ᠢ᠋ᠢ ᠨᠢᠭᠡ ᠴᠣᠭ᠍ᠴᠠᠵᠢᠭᠤᠯᠤᠭ᠍ᠰᠠᠨ ᠥᠨᠳᠡᠭᠡᠨ ᠤᠰᠤᠨ ᠠᠱᠢᠭ᠍ᠯᠠᠯᠲᠠ ᠢ᠋ᠢᠨ ᠬᠦᠶ᠋ᠰᠦ ᠢᠨᠵᠧᠨᠧᠷᠢᠩ ᠢ᠋ ᠪᠦᠳᠦᠬᠡᠨ ᠪᠠᠢᠭᠤᠯᠵᠤ᠂ ᠬᠠᠭᠠᠯᠲᠠ ᠵᠢ ᠪᠠᠭᠤᠯᠭᠠᠨ ᠤᠰᠤ ᠬᠠᠳᠠᠭᠠᠯᠠᠵᠤ ᠡᠬᠢᠯᠡᠭᠰᠡᠨ ᠮᠦᠷᠳᠡᠬᠡᠨ ᠴᠠᠬᠢᠯᠭᠠᠨ ᠥᠷᠲᠡᠭᠡ ᠢ᠋ᠢ ᠲᠤᠤᠷ ᠲᠦ᠍ ᠨᠡᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠭᠠᠷᠭᠠᠭ᠍ᠰᠠᠨ ᠬᠡᠮᠵᠢᠶ᠎ᠡ ᠨᠢ 2.2 ᠳ᠋ᠦᠩᠱᠢᠭᠤᠷ ᠺᠢᠯᠦᠸᠠᠲ ᠴᠠᠭ ᠲᠦ᠍ ᠬᠦᠷᠴᠤ᠂ ᠬᠢᠵᠠᠭᠠᠷ ᠲᠠᠶ ᠤᠰᠤᠨ ᠤ᠋ ᠡᠬᠢ ᠪᠠᠶᠠᠯᠢᠭ ᠢ᠋ ᠬᠣᠶᠠᠳᠠᠬᠢ ᠤᠳᠠᠭ᠎ᠠ ᠠᠰᠢᠭᠯᠠᠭᠰᠠᠨ ᠢ᠋ᠢᠡᠷ ᠪᠠᠷᠠᠬᠤ ᠥᠬᠡᠶ ᠤᠰᠤᠨ ᠤ᠋ ᠡᠬᠢ ᠪᠠᠶᠠᠯᠢᠭ ᠢ᠋ ᠶᠡᠷᠦᠩᠬᠡᠢᠯᠡᠨ ᠠᠰᠢᠭᠯᠠᠬᠤ ᠦᠷ᠎ᠡ ᠪᠦᠲᠦᠮᠵᠢ ᠢ᠋ᠢ ᠳᠡᠭᠡᠭᠱᠢᠯᠡᠭᠦᠯᠵᠦ᠍᠂ ᠭᠠᠵᠠᠷ ᠣᠷᠣᠨ ᠤ᠋ ᠴᠠᠬᠢᠯᠭᠠᠨ ᠲᠤᠤᠷ ᠤ᠋ᠨ ᠴᠠᠬᠢᠯᠭᠠᠨ ᠬᠡᠷᠡᠭᠯᠡᠬᠦ ᠣᠷᠭᠢᠯ ᠬᠤᠭᠤᠴᠠᠭ᠎ᠠ ᠢ᠋ᠢ ᠲᠣᠬᠢᠷᠠᠭᠤᠯᠬᠤ ᠪᠠ ᠡᠨᠧᠷᠭᠢ ᠢ᠋ᠢᠨ ᠪᠦᠲᠦᠴᠡ ᠢ᠋ᠢ ᠱᠢᠯᠢᠳᠡᠭᠵᠢᠭᠦᠯᠬᠦ᠌ ᠳ᠋ᠤ ᠢᠳᠡᠪᠬᠢ ᠦᠢᠯᠡᠳᠤᠯ  ᠦᠵᠡᠭᠦᠯᠵᠡᠢ᠃ 

ᠥᠨᠳᠡᠭᠡᠨ ᠤᠰᠤᠨ ᠠᠰᠢᠭᠯᠠᠯᠲᠠ ᠢ᠋ᠢᠨ ᠬᠦᠢᠰᠦ ᠢᠨᠵᠧᠨᠧᠷᠢᠩ ᠪᠤᠯ ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠡᠲᠡᠬᠤ ᠢᠨᠵᠧᠨᠧᠷᠢᠩ ᠤ᠋ᠨ ᠤᠰᠤᠨ ᠰᠤᠷᠪᠤᠯᠵᠢ ᠢ᠋ᠢᠨ ᠢᠨᠵᠧᠨᠧᠷᠢᠩ ᠪᠠᠢᠵᠤ᠂ ᠵᠢᠯ ᠪᠦᠷᠢ ᠳᠤᠮᠳᠠᠴᠢ ᠪᠡᠷ ᠳᠣᠣᠷᠠᠳᠤ ᠤᠷᠤᠰᠭᠠᠯ ᠳ᠋ᠤ 1.8 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲᠷ ᠤ᠋ᠨ ᠠᠮᠢ ᠠᠬᠤᠢ ᠢ᠋ᠢᠨ ᠤᠰᠤ ᠨᠥᠬᠥᠪᠥᠷᠢᠯᠡᠵᠤ᠂ ᠴᠤᠤᠯ ᠭᠤᠤᠯ ᠤ᠋ᠨ ᠳᠣᠣᠷᠠᠳᠤ ᠤᠷᠤᠰᠭᠠᠯ ᠤ᠋ᠨ ᠨᠤᠭᠤ ᠭᠠᠵᠠᠷ ᠠᠪᠴᠢᠬᠤ᠂ ᠭᠤᠤᠯ ᠤ᠋ᠨ ᠤᠷᠤᠰᠭᠠᠯ ᠲᠠᠰᠤᠷᠠᠬᠤ ᠵᠡᠷᠭᠡ ᠠᠰᠠᠭᠤᠳᠠᠯ ᠢ᠋ ᠪᠦᠲᠦᠮᠵᠢᠲᠡᠶ ᠨᠠᠮᠳᠠᠭᠤᠯᠤᠨ᠂ ᠬᠣᠪᠣᠷ ᠴᠤᠬᠠᠭ ᠱᠢᠪᠠᠭᠤᠨ ᠤ᠋ ᠲᠥᠷᠥᠯ ᠪᠤᠯᠤᠨ ᠤᠰᠤᠨ ᠤ᠋ ᠠᠮᠢᠳᠤ ᠪᠣᠳᠠᠰ ᠲᠤ᠌ ᠰᠠᠢᠨ ᠰᠠᠢᠬᠠᠨ ᠣᠷᠴᠢᠨ ᠨᠦᠬᠦᠴᠡᠯ ᠬᠠᠡᠭᠭᠠᠵᠤ᠂ ᠦᠪᠤᠷ ᠮᠤᠩᠭᠤᠯ ᠤ᠋ᠨ ᠤᠰᠤᠨ ᠤ᠋ ᠡᠬᠢ ᠪᠠᠶᠠᠯᠢᠭ ᠢ᠋ ᠶᠡᠷᠦᠩᠬᠡᠢᠯᠡᠨ ᠠᠱᠢᠭ᠍ᠯᠠᠬᠰᠠᠨ᠂ ᠠᠵᠤ ᠠᠬᠤᠢ ᠪᠣᠯᠤᠨ ᠠᠮᠢ ᠠᠬᠤᠢ ᠢ᠋ᠢᠨ ᠦᠷ᠎ᠡ ᠠᠱᠢᠭ ᠢ᠋ ᠬᠠᠮᠲᠤ ᠳ᠋ᠤᠨᠢ ᠬᠠᠷᠠᠭᠠᠯᠵᠠᠭ᠍ᠰᠠᠨ ᠨᠡᠢᠲᠡᠯᠢᠭ ᠵᠢᠱ᠌ᠢᠶ᠎ᠡ ᠠᠮᠢᠳᠤᠯᠢᠭ ᠦᠢᠯᠡᠳᠦᠯᠭᠡ ᠪᠤᠯᠤᠬᠰᠠᠨ ᠪᠠᠢᠨ᠎ᠠ᠃

ᠮᠠᠨ ᠤ᠋ ᠤᠷᠤᠨ ᠭᠣᠣᠯᠳᠠᠯᠭ᠎ᠠ ᠲᠠᠢ ᠰᠠᠪᠠ ᠭᠠᠵᠠᠷ ᠤ᠋ᠨ ᠠᠮᠢ ᠠᠬᠤᠢ ᠢ᠋ᠢᠨ ᠪᠠᠢᠳᠠᠯ ᠳ᠋ᠤ ᠴᠢᠭ᠌ᠯᠡᠭᠦᠯᠦᠨ ᠤᠨᠤᠴᠠᠲᠠᠢ ᠠᠷᠭ᠎ᠠ ᠪᠤᠳᠤᠯᠭ᠎ᠠ ᠬᠡᠷᠡᠭ᠌ᠵᠢᠭᠦᠯᠵᠤ《ᠬᠠᠨᠳᠤᠯᠭᠠᠲᠤ ᠴᠢᠨᠠᠷᠳᠠᠢ ᠡᠮᠴᠢᠯᠡᠭᠡ》 ᠬᠢᠪᠠ᠃ ᠠᠭᠤᠷ ᠠᠮᠢᠰᠭᠤᠯ ᠤ᠋ᠨ ᠬᠤᠪᠢᠷᠠᠯᠲᠠ ᠪᠣᠯᠤᠨ ᠵᠣᠷᠢᠭᠤᠳᠠ ᠢ᠋ᠢᠨ ᠬᠦᠴᠦᠨ ᠵᠦᠶ᠋ᠯ ᠤ᠋ᠨ ᠨᠥᠯᠥᠭᠡ ᠡᠴᠡ ᠪᠣᠯᠵᠣ ᠲᠠᠭ᠎ᠠ ᠢ᠋ᠢᠨ ᠨᠠᠭᠤᠷ ᠤ᠋ᠨ ᠤᠰᠤᠨ ᠤ᠋ ᠴᠠᠷᠠᠭ᠎ᠠ ᠨᠢᠭᠡᠨ ᠦᠶ᠎ᠡ ᠨᠡᠯᠢᠶᠡᠳ ᠪᠠᠭᠠᠰᠴᠠᠢ᠃ ᠡᠬᠦᠨ ᠳ᠋ᠤ ᠦᠪᠡᠷᠳᠡᠬᠡᠨ ᠵᠠᠰᠠᠬᠤ ᠤᠷᠤᠨ ᠡᠴᠡ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠢ᠋ ᠬᠡᠷᠡᠭ᠌ᠵᠢᠭᠦᠯᠵᠦ᠍᠂ ᠪᠥᠬᠥ᠌ ᠱᠤᠭᠤᠮ ᠢ᠋ᠢᠡᠷ ᠤᠰᠤ ᠨᠡᠪᠲᠡᠷᠡᠭᠦᠯᠤᠨ ᠤᠷᠢᠳ ᠬᠤᠵᠢᠳ 6316 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠡ᠃ ᠤᠳᠤ ᠪᠤᠯᠬᠤ ᠳ᠋ᠤ ᠤᠰᠤ ᠨᠥᠬᠥᠪᠥᠷᠢᠯᠡᠭᠰᠡᠨ ᠦᠷ᠎ᠡ ᠪᠦᠲᠦᠮᠵᠢ ᠢᠯᠡᠷᠬᠡᠢ ᠪᠤᠯᠵᠤ᠂ ᠭᠤᠤᠯ ᠤ᠋ᠨ ᠲᠠᠩ ᠤ᠋ᠨ ᠣᠷᠣᠨ ᠤ᠋ ᠭᠠᠵᠠᠷ ᠳᠤᠤᠷᠠᠬᠢ ᠤᠰᠤᠨ ᠲᠦᠪᠱᠢᠨ ᠲᠣᠭ᠍ᠲᠠᠪᠤᠷᠢᠵᠢᠵᠤ᠂ ᠤᠷᠭᠤᠮᠠᠯ ᠤ᠋ᠨ ᠬᠤᠴᠢᠯᠭ᠎ᠠ ᠪᠠ ᠱᠢᠪᠠᠭᠤᠨ ᠤ᠋ ᠲᠥᠷᠥᠯ ᠢᠯᠡᠳᠲᠡ ᠨᠡᠮᠡᠭ᠌ᠳᠡᠨ᠂ ᠨᠠᠭᠤᠷ ᠤ᠋ᠨ ᠣᠷᠣᠨ ᠤ᠋ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠲᠣᠭ᠍ᠲᠠᠭᠤᠨ ᠳᠡᠭᠡᠭ᠌ᠰᠢᠯᠡᠵᠦ᠍᠂ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠵᠢᠴᠢ ᠡᠷᠬᠢᠨ ᠲᠣᠭᠣᠷᠢᠨ ᠤ᠋ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠮᠡᠳᠡᠭᠳᠡᠮ᠎ᠠ ᠰᠠᠢᠵᠢᠷᠠᠪᠠ᠃

ᠮᠠᠨ ᠤ᠋ ᠤᠷᠤᠨ ᠲᠠᠷᠢᠶᠠᠨ ᠭᠠᠵᠠᠷ ᠤ᠋ᠨ ᠤᠰᠤᠯᠠᠯᠳᠠ᠂ ᠴᠠᠬᠢᠯᠭᠠᠨ ᠭᠠᠷᠭᠠᠯᠳᠠ ᠪᠠ ᠠᠮᠢ ᠠᠬᠤᠶ ᠢ᠋ᠢᠨ ᠰᠠᠢᠵᠢᠷᠠᠭᠤᠯᠤᠯᠳᠠ ᠢ᠋ᠢ ᠬᠠᠮᠲᠤ ᠳ᠋ᠤᠨᠢ ᠬᠠᠷᠠᠭᠠᠯᠵᠠᠭ᠍ᠰᠠᠨ᠂ ᠦᠶᠡᠷ ᠢ᠋ ᠰᠡᠷᠭᠡᠢᠯᠡᠬᠦ᠌ ᠪᠠ ᠤᠰᠤ ᠬᠠᠩᠭᠠᠬᠤ ᠪᠡᠷ ᠭᠣᠣᠯ ᠪᠣᠯᠭᠠᠬᠰᠠᠨ ᠲᠣᠮᠣ ᠬᠡᠯᠪᠡᠷᠢ ᠢ᠋ᠢᠨ ᠤᠰᠤᠨ ᠠᠱᠢᠭ᠍ᠯᠠᠯᠲᠠ ᠢ᠋ᠢᠨ ᠢᠨᠵᠧᠨᠧᠷᠢᠩ ᠪᠤᠯᠬᠤ ᠵᠡᠬᠦᠨ ᠲᠡᠢᠽᠢ ᠤᠰᠤᠨ ᠴᠥᠭᠥᠷᠥᠮ ᠤ᠋ᠨ ᠢᠨᠵᠸᠨ᠋ᠸᠷᠢᠩ ᠢ᠋ ᠲᠠᠭᠤᠰᠬᠠᠭᠠᠳ ᠤᠰᠤ ᠬᠠᠳᠠᠭᠠᠯᠠᠵᠤ᠂ ᠳᠣᠣᠷᠠᠳᠤ ᠤᠷᠤᠰᠭᠠᠯ ᠤ᠋ᠨ ᠦᠶᠡᠷ ᠢ᠋ ᠰᠡᠷᠭᠡᠢᠯᠡᠬᠦ᠌ ᠪᠠᠷᠢᠮᠵᠢᠶ᠎ᠠ ᠢ᠋ᠢ 10 ᠵᠢᠯ ᠳ᠋ᠤ ᠨᠢᠭᠡ ᠲᠤᠬᠢᠶᠠᠯᠳᠤᠬᠤ ᠪᠠᠢᠭ᠍ᠰᠠᠨ ᠡᠴᠡ 30 ᠵᠢᠯ ᠳ᠋ᠤ ᠨᠢᠭᠡ ᠲᠤᠬᠢᠶᠠᠯᠳᠤᠬᠤ ᠪᠣᠯᠭᠠᠨ ᠳᠡᠭᠡᠭᠰᠢᠯᠡᠭᠦᠯᠵᠡᠢ᠃ ᠡᠭᠦᠨ ᠤ᠋ ᠬᠠᠮᠲᠤ ᠪᠠᠰᠠ ᠳᠤᠮᠳᠠ ᠬᠡᠯᠪᠡᠷᠢ ᠵᠢᠨ ᠤᠰᠤᠨ ᠠᠰᠢᠭ᠍ᠯᠠᠯᠲᠠ ᠵᠢᠨ ᠬᠦᠢᠰᠤ ᠪᠠᠷᠢᠯᠭ᠎ᠠ ᠪᠤᠯᠬᠤ ᠭᠠᠬᠠᠶ ᠠᠭᠤᠯᠠ ᠢ᠋ᠢᠨ ᠤᠰᠤᠨ ᠴᠥᠭᠥᠷᠥᠮ ᠤ᠋ᠨ ᠭᠤᠤᠯ ᠴᠣᠭ᠍ᠴᠠ ᠢ᠋ᠢᠨ ᠪᠠᠷᠢᠯᠭ᠎ᠠ ᠢ᠋ᠢ ᠳᠠᠭᠤᠰᠬᠠᠵᠤ᠂ ᠪᠦᠬᠦ ᠤᠷᠤᠨ ᠤ᠋ ᠤᠰᠤᠨ ᠲᠣᠣᠷ ᠤ᠋ᠨ ᠱᠢᠰᠲ᠋ᠧᠮ ᠢ᠋ ᠤᠯᠠᠮ ᠲᠡᠭᠦᠯᠳᠡᠷᠵᠢᠭᠦᠯᠪᠡ᠃

ᠴᠤᠤᠯ ᠭᠣᠣᠯ ᠤ᠋ᠨ ᠤᠰᠤ ᠢ᠋ᠢ ᠯᠢᠶᠣᠤᠾᠧ ᠭᠣᠣᠯ ᠳ᠋ᠤ ᠲᠠᠲᠠᠬᠤ ᠡᠴᠡ ᠣᠷᠣᠨ ᠪᠦᠰᠡ ᠠᠯᠤᠰᠯᠠᠨ ᠤᠰᠤ ᠳᠠᠮᠵᠢᠭᠤᠯᠵᠤ ᠤᠰᠤᠨ ᠤ᠋ ᠡᠬᠢ ᠪᠠᠶᠠᠯᠢᠭ ᠢ᠋ ᠶᠡᠷᠦᠩᠬᠡᠢᠯᠡᠨ ᠠᠱᠢᠭ᠍ᠯᠠᠬᠤ ᠬᠦᠷᠲᠡᠯ᠎ᠡ᠂ ᠳᠠᠭ᠎ᠠ ᠢ᠋ᠢᠨ ᠨᠠᠭᠤᠷ ᠲᠤ᠌ ᠠᠮᠢ ᠠᠬᠤᠢ ᠢ᠋ᠢᠨ ᠤᠰᠤ ᠨᠥᠬᠥᠪᠥᠷᠢᠯᠡᠬᠦ᠌ ᠡᠴᠡ ᠵᠠᠭᠦᠨ ᠲᠡᠢᠽᠢ ᠤᠰᠤᠨ ᠴᠦᠬᠦᠷᠤᠮ ᠤ᠋ᠨ ᠦᠶᠡᠷ ᠢ᠋ ᠰᠡᠷᠭᠡᠢᠯᠡᠬᠦ᠌ ᠪᠠᠲᠤᠯᠠᠭ᠎ᠠ ᠬᠦᠷᠲᠡᠯ᠎ᠡ᠂ ᠥᠪᠥᠷ ᠮᠣᠩᠭᠣᠯ ᠤ᠋ᠨ ᠤᠰᠤᠨ ᠲᠣᠣᠷ ᠤ᠋ᠨ ᠭᠣᠣᠯᠯᠠᠭ᠍ᠤ ᠢᠨᠵᠧᠨᠧᠷᠢᠩ ᠤ᠋ᠨ ᠪᠦᠳᠦᠬᠡᠨ ᠪᠠᠢᠭᠤᠯᠤᠯᠳᠠ ᠳ᠋ᠤ ᠭᠠᠷᠭᠠᠭᠰᠠᠨ ᠴᠢᠬᠤᠯᠠ ᠰᠢᠪᠳᠤᠯᠤᠯᠳᠠ ᠨᠢ ᠣᠷᠣᠨ ᠪᠦᠰᠡ ᠢ᠋ᠢᠨ ᠤᠰᠤᠨ ᠤ᠋ ᠡᠬᠢ ᠪᠠᠶᠠᠯᠢᠭ ᠤ᠋ᠨ ᠪᠠᠢᠷᠢᠱᠢᠯ ᠢ᠋ ᠳᠠᠬᠢᠨ ᠴᠤᠭᠴᠠᠯᠠᠬᠰᠠᠨ ᠢ᠋ᠢᠡᠷ ᠪᠠᠷᠠᠬᠤ ᠦᠬᠡᠢ 《ᠤᠰᠤᠨ ᠤ᠋ ᠬᠡᠮᠵᠢᠶ᠎ᠠ ᠪᠡᠷ ᠬᠤᠳᠠ ᠢ᠋ᠢᠨ ᠪᠦᠲᠦᠭᠡᠨ ᠪᠠᠢᠭᠤᠯᠤᠯᠲᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠭᠠᠵᠠᠷ ᠲᠠᠷᠢᠶ᠎ᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠬᠥᠮᠦᠨ ᠠᠮᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠭᠠᠷᠤᠯᠲᠠ ᠢ᠋ᠢ ᠲᠣᠭ᠍ᠲᠠᠭᠠᠬᠤ》 ᠴᠢᠨᠠᠷ ᠰᠠᠢᠲᠠᠢ ᠬᠥᠭ᠌ᠵᠢᠯᠲᠡ ᠢ᠋ᠢᠨ ᠵᠠᠮ ᠢ᠋ ᠤᠯᠠᠮ ᠰᠠᠷᠠᠭᠤᠯ ᠲᠠᠷᠳᠠᠩ ᠪᠤᠯᠭᠠᠪᠠ᠃ ᠮᠠᠨ ᠤ᠋ ᠤᠷᠤᠨ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠶ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠪᠠᠲᠤ ᠴᠣᠭ᠍ᠴᠠᠯᠠᠬᠤ ᠪᠠᠢᠯᠳᠤᠬᠤ ᠪᠣᠳᠣᠯᠭ᠎ᠠ ᠢ᠋ᠢᠨ ᠲᠤᠭᠤᠷᠢᠨ ᠳ᠋ᠤ 《ᠣᠷᠣᠨ ᠵᠠᠶ ᠢ᠋ᠢ ᠲᠡᠩᠴᠡᠭᠦᠷᠢᠲᠡᠶ ᠪᠠᠢᠯᠭᠠᠬᠤ》 ᠤᠰᠤ ᠵᠠᠰᠠᠬᠤ ᠦᠶ᠋ᠯᠡᠳᠦᠯᠭᠡ ᠢ᠋ᠢ ᠤᠯᠠᠮ ᠭᠦᠨᠵᠡᠭᠡᠢᠷᠡᠭᠦᠯᠤᠨ᠂ ᠤᠰᠤᠨ ᠲᠤᠤᠷ ᠤ᠋ᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠢ᠋ᠢ ᠦᠷᠭᠦᠯᠵᠢᠯᠡᠨ ᠠᠬᠢᠭᠤᠯᠵᠤ᠂ ᠦᠪᠤᠷ ᠮᠤᠩᠭᠤᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠪᠠᠲᠤ ᠴᠢᠡᠭᠭ᠎ᠠ ᠲᠤᠯᠭᠠᠭᠤᠷᠢᠯᠠᠯ ᠬᠠᠡᠭᠭᠠᠭᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号