— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠬᠠᠮᠤᠭ᠎ᠤᠨ ᠱᠢᠨ᠎ᠡ ᠲᠥᠯᠥᠪᠵᠢᠭᠦᠯᠭᠡ ᠪᠠᠢᠷᠢᠱᠢᠭᠤᠯᠤᠯᠲᠠ ᠪᠠᠢᠵᠤ᠂ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠡᠷᠦᠩᠬᠡᠢ ᠭᠠᠷᠳᠠᠴᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠣᠶᠠᠷ ᠬᠤᠷᠠᠯ ᠲᠡᠭᠡᠷ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭᠠᠳᠬᠠᠨ᠂ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠤᠨ ᠬᠦᠴᠦᠯᠡᠬᠦ᠌ ᠴᠡᠭ᠎ᠢᠶᠡᠨ ᠤᠯᠠᠮ ᠨᠢᠭᠡ ᠠᠯᠬᠤᠮ ᠲᠣᠳᠣᠷᠬᠠᠢᠯᠠᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠳᠦ ᠠᠷᠭ᠎ᠠ ᠵᠠᠮ ᠢ᠋ ᠲᠤᠳᠤᠷᠬᠠᠢᠯᠠᠵᠤ᠂ ᠬᠦᠴᠦᠨ ᠴᠢᠳᠠᠯᠢ᠋ ᠨᠢᠭ᠍ᠲᠠᠷᠠᠭᠤᠯᠪᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠮᠥᠨ᠃ ᠭᠠᠭ᠍ᠴᠠ ᠬᠦ᠌ ᠡᠨᠡ ᠬᠦ᠌ ᠭᠣᠣᠯ ᠱᠢᠵᠢᠮ᠎ᠢ ᠰᠠᠢᠳᠤᠷ ᠡᠵᠡᠮᠳᠡᠪᠠᠯ ᠰᠠᠶᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠨᠢᠭᠡ ᠰᠡᠳᠭᠢᠯ ᠨᠢᠭᠡ ᠵᠣᠷᠢᠭ᠎ᠢᠶᠠᠷ᠂ ᠨᠢᠭᠡ ᠵᠦᠭ ᠲᠸ᠋ ᠤᠷᠤᠭ᠍ᠰᠢᠯᠠᠭᠤᠯᠵᠤ᠂ ᠥᠪᠥᠷ ᠮᠣᠩᠭᠣᠯ᠎ᠤᠨ ᠡᠬᠡ ᠭᠠᠵᠠᠷ᠎ᠲᠤ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠤᠤᠷᠢᠶᠠᠳᠤᠭᠤᠯᠵᠤ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ ᠤ ᠭᠡᠷ ᠣᠷᠣᠨ ᠤ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠭᠣᠣᠯ ᠱᠢᠵᠢᠮ ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠢ ᠠᠨᠠᠷ᠎ᠤᠨ ᠦᠷ᠎ᠡ ᠱᠢᠭ ᠪᠦᠯᠬᠦᠮᠳᠡᠬᠦᠯᠤᠨ ᠨᠢᠭ᠍ᠲᠠᠷᠠᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠬᠤ ᠬᠡᠷᠡᠭ᠌ᠲᠡᠢ᠃ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ ᠦᠨ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠡᠴᠡ ᠪᠤᠳᠤᠯᠬᠢᠯᠠᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠮᠥᠨ᠂ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤᠦᠨᠳᠦᠰᠦᠨ ᠵᠢᠷᠤᠮᠯᠠᠯ ᠮᠥᠨ᠂ ᠡᠷᠬᠡᠪᠰᠢ ᠢᠮᠠᠭ᠍ᠲᠠ ᠲᠤᠭᠤᠱᠢᠯᠠᠭᠤᠯᠵᠤ᠂ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ; ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ; ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠬᠡᠷᠡᠭ᠌ᠲᠡᠢ; ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠬᠡᠷᠡᠭᠲᠡᠢ; ᠳᠤᠮᠳᠠᠳᠤ ᠤᠯᠤᠰ (ᠥᠪᠥᠷ ᠮᠣᠩᠭᠣᠯ ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠵᠢᠷᠤᠭ᠍ᠯᠠᠭ᠍ᠰᠠᠨ ᠠᠸ᠋ᠭ᠎ᠠ ᠲᠥᠰᠦᠪ᠎ᠢ ᠠᠯᠬᠤᠮ ᠠᠯᠬᠤᠮ᠎ᠢᠶᠠᠷ ᠰᠠᠢᠨ ᠰᠠᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡᠬᠦ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠬᠡᠷᠡᠭᠲᠡᠢ᠃
ᠭᠣᠣᠯᠳᠠᠯᠭ᠎ᠠ᠎ᠶ᠋ᠢ ᠠᠳᠭᠤᠪᠠᠯ ᠰᠠᠶᠢ ᠪᠦᠬᠦ ᠲᠠᠯ᠎ᠠ ᠵᠢ ᠡᠵᠡᠮᠳᠡᠵᠦ᠍ ᠴᠢᠳᠠᠨ᠎ᠠ᠂ ᠬᠥᠲᠥᠯᠪᠦᠷᠢ᠎ᠶ᠋ᠢ ᠠᠳᠭᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠠᠬᠢ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠪᠣᠯ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠳᠠᠪᠤᠷᠢ ᠲᠠᠰ᠎ᠢ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠮᠥᠨ᠂ ᠣᠷᠣᠨ ᠳᠠᠶᠠᠭᠠᠷ᠎ᠢᠶᠠᠨ ᠦᠳᠲᠡᠷ ᠲᠦᠷᠭᠡᠨ ᠬᠥᠳᠡᠯᠦᠯᠴᠡᠨ᠂ ᠱᠠᠯᠠᠪᠳᠠᠨ ᠠᠵᠢᠯᠯᠠᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ᠎ᠳᠤ ᠰᠠᠭᠤᠷᠢᠯᠠᠨ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠶ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡᠪᠡᠷ ᠠᠬᠢᠭᠤᠯᠵᠤ᠂ ᠭᠠᠵᠠᠷ ᠣᠷᠣᠨ ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠢ ; ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ ᠬᠡᠷᠡᠭᠳᠡᠢ ;
ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠬᠡᠷᠡᠭᠳᠡᠢ; ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ ᠢ ᠱᠢᠯᠢᠳᠡᠭ᠌ᠵᠢᠭᠦᠯᠵᠦ᠍᠂ ᠵᠣᠬᠢᠴᠠᠩᠭᠤᠢ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ ᠬᠡᠷᠡᠭᠳᠡᠢ ; ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠬᠤ ᠬᠡᠷᠡᠭᠳᠡᠢ; ᠠᠷᠠᠳ᠎ᠤᠨ ᠠᠮᠢᠳᠤᠷᠠᠯ᠎ᠢ ᠴᠢᠬᠤᠯᠠᠴᠢᠯᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠪᠠᠢᠷᠢᠯᠠᠭᠤᠯᠤᠯᠲᠠ ᠨᠢᠭᠡᠪᠦᠷᠢ᠎ᠶ᠋ᠢ ᠪᠣᠳᠠᠲᠠᠶ ᠨᠠᠢᠳᠠᠪᠤᠷᠢᠵᠢᠭᠤᠯᠵᠤ᠂ ᠡᠭᠦᠷᠭᠡ ᠨᠢᠭᠡᠪᠦᠷᠢ᠎ᠶ᠋ᠢ ᠦᠷ᠎ᠡ ᠪᠦᠲᠦᠮᠵᠢᠲᠡᠶ ᠪᠣᠯᠭᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠳᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠵᠠᠩᠭᠢᠯᠠᠭ᠎ᠠ᠎ᠶ᠋ᠢᠨ ᠴᠠᠭ ᠦᠶ᠎ᠡ ᠪᠣᠯᠬᠤ ᠲᠤᠳᠤᠮ᠂ ᠡᠭᠦᠷᠭᠡ ᠬᠠᠲᠠᠭᠤ ᠪᠡᠷᠬᠡ ᠪᠣᠯᠬᠤ ᠲᠤᠳᠤᠮ᠂ ᠨᠠᠮ᠎ᠤᠨ ᠤᠳᠤᠷᠢᠳᠤᠯᠭ᠎ᠠ ᠡᠨᠡ ᠬᠦ᠌ ᠬᠠᠮᠤᠭ᠎ᠤᠨ ᠶᠡᠬᠡ ᠳᠠᠪᠠᠭᠤᠯᠢᠭ᠎ᠢ ᠤᠯᠠᠮ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭ᠌ᠯᠡᠵᠦ᠍᠂ ᠰᠠᠢᠲᠤᠷ ᠬᠥᠭ᠌ᠵᠢᠭᠦᠯᠬᠦ᠌ ᠬᠡᠷᠡᠭ᠌ᠲᠡᠢ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠠᠵᠢᠯ᠎ᠤᠨ ᠡᠯ᠎ᠡ ᠲᠠᠯ᠎ᠠ ᠪᠥᠬᠥ᠌ ᠶᠠᠪᠤᠴᠠ᠎ᠳᠤ ᠲᠤᠭᠤᠱᠢᠯᠠᠭᠤᠯᠵᠤ᠂ 《ᠬᠣᠶᠠᠷ ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠨ᠂《ᠬᠣᠶᠠᠷ ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠣᠨᠣᠪᠴᠢᠲᠠᠶ ᠲᠤᠭᠤᠱᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠱᠠᠭᠠᠷᠳᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ; ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠶ᠋ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ ᠦ ᠲᠥᠯᠥᠭᠡ ᠠᠵᠢᠯ ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠰᠣᠬᠣᠷ ᠪᠠᠯᠠᠢ᠎ᠪᠠᠷ ᠪᠠᠯᠠᠮᠠᠳᠯᠠᠨ ᠠᠵᠢᠯᠯᠠᠵᠤ ᠪᠣᠯᠬᠤ ᠦᠭᠡᠢ᠂ ᠪᠢᠳᠡ ᠶᠠᠭᠠᠬᠢᠭᠰᠠᠨ ᠴᠦ᠍ ᠡᠷᠡᠭᠦᠯ ᠮᠡᠨᠳᠦ ᠠᠮᠢ ᠨᠠᠰᠤ ᠪᠡᠷ ᠦᠷᠡᠭᠳᠡᠯ ᠪᠤᠯᠭᠠᠭᠰᠠᠨ GDP᠂ ᠪᠤᠬᠢᠷᠳᠤᠯ ᠲᠠᠢ GDP᠂ 《ᠬᠠᠭᠤᠷᠮᠠᠭ》 GDP ᠢ᠋ ᠠᠪᠴᠤ ᠪᠣᠯᠬᠤ ᠦᠭᠡᠢ ; ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠶᠡᠬᠡ ᠰᠤᠷᠤᠯᠴᠠᠯᠭ᠎ᠠ ᠬᠢᠵᠦ᠍᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠠᠷᠢᠭᠤᠨ ᠴᠢᠬᠡᠴᠢ ᠪᠠᠢᠵᠤ᠂ ᠬᠠᠤᠯᠢ ᠪᠠᠷ ᠵᠠᠰᠠᠬᠤ᠂ ᠦᠨᠡᠨᠴᠢ ᠢᠲᠡᠭᠡᠮᠵᠢᠲᠡᠶ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠦᠶ᠋ᠯᠡᠴᠢᠯᠡᠬᠦ᠌ ᠬᠡᠯᠪᠡᠷᠢ ᠶ᠋ᠢᠨ ᠵᠠᠰᠠᠭ ᠤᠨ ᠣᠷᠳᠣᠨ᠎ᠢ ᠪᠠᠢᠭᠤᠯᠬᠤ ᠬᠡᠷᠡᠭᠳᠡᠢ᠃
ᠵᠢᠯ᠎ᠦᠨ ᠠᠵᠢᠯ ᠬᠠᠪᠤᠷ᠎ᠲᠠᠭᠠᠨ᠂ ᠰᠠᠢᠨ ᠡᠬᠢᠯᠡᠯᠲᠡ᠎ᠵᠢ ᠪᠤᠢ ᠪᠤᠯᠭᠠᠬᠤ᠎ᠳᠤ ᠴᠤᠭ ᠵᠢᠪᠬᠤᠭ᠎ᠠ ᠵᠢ ᠦᠵᠡᠨ᠎ᠠ᠃ ᠣᠷᠣᠨ ᠳᠠᠶᠠᠭᠠᠷ ᠵᠢᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠡᠭᠡᠷ᠎ᠡ ᠨᠢᠭᠡᠳᠭᠡᠵᠦ᠍᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠨᠢᠭᠡᠨᠲᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠵᠢ ᠪᠡᠶᠡᠯᠡᠭᠦᠯᠬᠦ᠌ ᠳᠡᠭᠡᠷ᠎ᠡ ᠨᠢᠭ᠍ᠲᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ᠂ ᠲᠦᠮᠡᠨ ᠠᠬ᠍ᠳᠠ᠎ᠶ᠋ᠢᠨ ᠲᠦᠪᠡᠷᠭᠡᠨ ᠪᠠᠳᠠᠷᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠵᠣᠭ᠍ᠰᠣᠯᠳᠡ ᠦᠭᠡᠢ ᠤᠷᠤᠭ᠍ᠰᠢᠯᠠᠬᠤ ᠡᠷᠴᠢ ᠵᠣᠷᠢᠭ᠎ᠢᠶᠠᠨ ᠪᠠᠲᠤᠯᠠᠨ᠂ ᠵᠤᠷᠢᠭᠳᠠᠢ ᠵᠠᠮ ᠨᠡᠭᠡᠭᠡᠨ ᠤᠷᠤᠭ᠍ᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠨ ᠡᠬᠢᠯᠡᠯᠲᠡ ᠲᠠᠢ ᠪᠤᠯᠭᠠᠵᠤ᠂ ᠠᠨᠭᠬᠠᠨ ᠤ ᠠᠯᠬᠤᠮ᠎ᠢ ᠰᠠᠢᠳᠤᠷ ᠠᠯᠬᠤᠬᠤ ᠵᠢ ᠦᠨᠡᠨ ᠬᠦ᠌ ᠪᠠᠲᠤᠯᠠᠵᠠᠭᠠᠶᠠ᠃