ᠪᠠᠷᠠᠭᠠᠨ᠎ᠤ ᠵᠠᠬ᠎ᠠ ᠳᠡᠯᠭᠡᠭᠦᠷ᠎ᠲᠡᠭᠢ ᠰᠠᠷ᠎ᠠ ᠰᠢᠨ᠎ᠠ ᠵᠢᠨ ᠦᠨᠦᠷ ᠠᠮᠲᠠ
2026-02-10 09:46:59
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

《ᠡᠵᠢ ᠡ᠂ ᠡᠨᠡ ᠵᠢᠮᠢᠰ᠎ᠤᠨ ᠱᠤᠷᠤᠯᠠᠭ ᠶᠠᠭᠠᠬᠢᠭᠰᠠᠨ ᠭᠤᠶᠤ ᠪᠤᠢ᠂ ᠨᠠᠳᠠᠳᠤ ᠬᠡᠳᠦ᠎ᠵᠢ ᠠᠪᠤᠭᠠᠳ ᠦᠭᠭᠦᠭᠡᠴᠢ!》 ᠭᠡᠵᠤ ᠪᠢᠴᠢᠬᠠᠨ ᠭᠦᠦ ᠡᠵᠢ ᠡᠴᠡ ᠪᠠᠨ ᠭᠤᠶᠤᠨ᠎ᠠ᠃ 2 ᠰᠠᠷ᠎ᠠ᠎ᠶ᠋ᠢᠨ ᠡᠬᠢ ᠪᠡᠷ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤ᠋ᠨ ᠵᠢᠯ᠎ᠤᠨ ᠪᠠᠷᠠᠭᠠᠨ᠎ᠤ ᠵᠠᠬ᠎ᠠ ᠲᠡᠯᠭᠡᠭᠦᠷ ᠬᠦᠷ ᠬᠦᠭᠵᠢᠶᠡᠨ ᠲᠠᠢ ᠪᠠᠢᠵᠤ᠂ ᠳᠡᠯᠭᠡᠨ ᠪᠤᠷᠤᠯᠠᠭᠤᠯᠭ᠎ᠠ᠎ᠶ᠋ᠢᠨ ᠭᠠᠵᠠᠷ ᠪᠦᠬᠦᠨ ᠳ᠋ᠤ ᠤᠯᠠᠭᠠᠨ ᠳ᠋ᠧᠩᠯᠦ ᠡᠯᠭᠦᠭᠳᠡᠵᠦ᠂ ᠡᠯ᠎ᠡ ᠲᠥᠷᠥᠯ᠎ᠦ᠋ᠨ ᠴᠠᠭᠠᠨ ᠰᠠᠷ᠎ᠠ᠎ᠶᠢᠨ ᠪᠠᠷᠠᠭ᠎ᠠ ᠬᠢᠭᠡᠳ ᠨᠤᠲᠤᠭ᠎ᠤ᠋ᠨ ᠣᠨᠴᠠ ᠭᠠᠷᠤᠯᠲᠠ  ᠲᠦᠭᠦᠷᠡᠩ ᠦᠷᠦᠭᠳᠡᠵᠤ᠂ ᠰᠠᠷ᠎ᠠ ᠰᠢᠨ᠎ᠡ᠎ᠶ᠋ᠢᠨ ᠪᠠᠶᠠᠷ ᠵᠢᠠᠷ ᠪᠢᠯᠬᠠᠨ᠎ᠠ᠃

ᠲᠤᠰ ᠤᠳᠠᠭ᠎ᠠ ᠵᠢᠨ ᠴᠠᠭᠠᠨ ᠰᠠᠷ᠎ᠠ᠎ᠶᠢᠨ ᠪᠠᠷᠠᠭᠠᠨ᠎ᠤ ᠵᠠᠬ᠎ᠠ ᠲᠡᠯᠭᠡᠭᠦᠷ᠎ᠢ ᠭᠤᠷᠪᠠᠨ ᠬᠤᠪᠢᠶᠠᠷᠢ ᠲᠠᠯᠠᠪᠠᠢ ᠬᠤᠪᠢᠶᠠᠵᠤ᠂ ᠡᠯ᠎ᠡ ᠲᠤᠮᠤ ᠬᠤᠳᠠᠯᠳᠤᠭᠠᠨ᠎ᠤ ᠲᠡᠯᠭᠡᠭᠦᠷ ᠲᠠᠢ ᠬᠠᠮᠲᠤᠪᠡᠷ ᠤᠷᠮᠠᠰᠢᠭᠤᠯᠬᠤ ᠪᠣᠷᠣᠯᠠᠭᠤᠯᠭ᠎ᠠ᠎ᠶᠢᠨ ᠥᠷᠨᠢᠯᠲᠡ᠎ᠵᠢ ᠭᠠᠷᠭᠠᠪᠠ᠃ ᠪᠠᠷᠠᠭ᠎ᠠ ᠬᠤᠳᠠᠯᠳᠤᠨ ᠠᠪᠬᠤ᠎ᠳ᠋ᠤ᠌ ᠨᠥᠬᠥᠪᠥᠷᠢ ᠥᠭᠬᠦ᠂ ᠴᠠᠭ ᠬᠢᠵᠠᠭᠠᠷᠯᠠᠨ ᠬᠢᠮᠳᠠ ᠪᠠᠷ ᠪᠤᠷᠤᠯᠠᠭᠤᠯᠬᠤ᠂ ᠲᠤᠭᠲᠠᠭᠰᠠᠨ ᠬᠡᠮᠵᠢᠶ᠎ᠠ ᠬᠦᠷᠪᠡᠯ ᠦᠨ᠎ᠠ ᠵᠢ ᠨᠢ ᠨᠤᠭᠤᠯᠤᠨ ᠬᠢᠮᠲᠠᠷᠠᠭᠤᠯᠬᠤ ᠵᠡᠷᠭᠡ ᠣᠯᠠᠨ ᠵᠦᠢᠯ᠎ᠦ᠋ᠨ ᠠᠷᠭ᠎ᠠ ᠬᠡᠮᠵᠢᠶ᠎ᠡ ᠨᠢ ᠬᠡᠷᠡᠭᠯᠡᠭᠴᠢᠳ᠎ᠦ᠋ᠨ ᠪᠠᠷᠠᠭ᠎ᠠ ᠬᠤᠳᠠᠯᠳᠤᠨ ᠠᠪᠬᠤ ᠤᠷᠮ᠎ᠠ᠎ᠶ᠋ᠢ ᠲᠤᠢᠯ᠎ᠤ᠋ᠨ ᠶᠡᠬᠡᠪᠡᠷ ᠬᠥᠭᠵᠢᠭᠡᠵᠡᠢ᠃ ᠡᠯ᠎ᠡ ᠵᠡᠭᠡᠯᠢ ᠭᠤᠳᠤᠮᠵᠢ᠎ᠨᠤᠭᠤᠳ ᠠᠷᠠᠳ᠎ᠲᠤ᠌ ᠳᠥᠭᠥᠮ ᠦᠵᠡᠭᠦᠯᠬᠦ ᠵᠠᠬ᠎ᠠ ᠳᠡᠯᠭᠡᠭᠦᠷ᠂ ᠵᠢᠵᠢᠭᠯᠡᠨ ᠪᠤᠷᠤᠯᠠᠭᠤᠯᠬᠤ ᠲᠠᠯᠠᠪᠤᠷ᠎ᠢ᠋ ᠢᠳᠡᠪᠬᠢᠲᠡᠢ᠎ᠵᠣᠬᠢᠶᠠᠨ ᠪᠠᠢᠭᠤᠯᠤᠨ ᠴᠠᠭᠠᠨ ᠰᠠᠷ᠎ᠠ᠎ᠶᠢᠨ ᠪᠠᠷᠠᠭ᠎ᠠ᠎ᠶ᠋ᠢᠨ ᠲᠤᠰᠬᠠᠢ ᠲᠣᠭᠣᠷᠢᠭ ᠲᠤᠬᠢᠷᠠᠭᠤᠯᠵᠤ᠂ ᠰᠠᠭᠤᠭᠠᠯᠢ ᠠᠷᠠᠳ᠎ᠤ᠋ᠨ 《ᠨᠢᠭᠡ ᠥᠷᠲᠡᠭᠡᠴᠢᠯᠡᠭᠰᠡᠨ》 ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠶ᠋ᠢ ᠬᠠᠩᠭᠠᠵᠤ᠂ 《ᠬᠣᠲᠠ ᠲᠣᠭᠣᠷᠢᠭ᠎ᠤ᠋ᠨ 15 ᠮᠢᠨᠦ᠋ᠲ᠎ᠦ᠋ᠨ ᠴᠠᠭᠠᠨ ᠰᠠᠷ᠎ᠠ᠎ᠶᠢᠨ ᠪᠠᠷᠠᠭ᠎ᠠ᠎ᠶ᠋ᠢᠨ ᠴᠠᠭᠠᠷᠢᠭ》 ᠢ᠋ ᠪᠠᠢᠭᠤᠯᠤᠨ᠂ ᠬᠣᠲᠠ᠎ᠶ᠋ᠢᠨ ᠠᠷᠠᠳ᠎ᠤ᠋ᠨ ᠪᠠᠷᠠᠭ᠎ᠠ ᠬᠤᠳᠠᠯᠳᠤᠨ ᠠᠪᠬᠤ᠎ᠳ᠋ᠤ᠌ ᠨᠡᠩ ᠳᠥᠭᠥᠮ ᠲᠦᠳᠡ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠪᠠ᠃

《ᠡᠨᠡ ᠵᠢᠯ᠎ᠦ᠋ᠨ ᠴᠠᠭᠠᠨ ᠰᠠᠷ᠎ᠠ᠎ᠶ᠋ᠢᠨ ᠪᠠᠷᠠᠭᠠᠨ᠎ᠤ ᠵᠠᠬ᠎ᠠ ᠲᠡᠯᠬᠡᠬᠦᠷ᠎ᠤᠨ ᠪᠠᠷᠠᠭᠠᠨ᠎ᠤ ᠲᠥᠷᠥᠯ ᠵᠦᠢᠯ ᠡᠯᠪᠡᠭ ᠪᠠᠶᠠᠯᠢᠭ ᠮᠥᠷᠲᠡᠭᠡᠨ ᠬᠠᠷᠠᠭᠠᠯᠵᠠᠯ᠎ᠤ᠋ᠨ ᠡᠷᠴᠢᠮ ᠨᠢ ᠴᠦ᠍ ᠣᠨᠴᠠᠭᠠᠢ ᠶᠡᠬᠡ᠂ ᠨᠢᠭᠡᠯᠡ ᠡᠳᠦᠷ ᠲᠣᠭᠣᠷᠢᠭᠠᠳ ᠬᠡᠷᠡᠭᠴᠡᠭᠡ᠎ᠲᠡᠢ ᠪᠠᠷᠠᠭ᠎ᠠ᠎ᠪᠠᠨ ᠪᠦᠬᠦᠨ᠎ᠢ᠋ ᠪᠦᠷᠢᠳᠦᠭᠦᠯᠪᠡ᠂ ᠤᠳᠤ ᠪᠠᠶᠠᠷ ᠬᠦᠷ ᠲᠠᠢ ᠭᠡᠷ᠎ᠲᠡᠭᠡᠨ ᠬᠠᠷᠢᠭᠠᠳ ᠰᠢᠨᠡᠯᠡᠬᠦ᠎ᠵᠢ ᠬᠦᠯᠢᠶᠡᠪᠡᠯ ᠪᠤᠯᠴᠢᠬᠠᠨ᠎ᠠ》 ᠭᠡᠵᠦ ᠯᠢᠨ ᠾᠧ ᠲᠤᠭᠤᠷᠢᠭ᠎ᠤᠨ ᠬᠣᠲᠠ᠎ᠶ᠋ᠢᠨ ᠠᠷᠠᠳ ᠲᠤᠶᠠᠭ᠎ᠠ ᠬᠡᠯᠡᠵᠤ ᠪᠠᠢᠪᠠ᠃

ᠲᠤᠰ ᠤᠳᠠᠭ᠎ᠠ ᠵᠢᠨ  ᠴᠠᠭᠠᠨ ᠰᠠᠷ᠎ᠠ᠎ᠶ᠋ᠢᠨ ᠪᠠᠷᠠᠭᠠᠨ᠎ᠤ ᠵᠠᠬ᠎ᠠ ᠲᠡᠯᠬᠡᠬᠦᠷ ᠨᠢ ᠬᠣᠲᠠ ᠬᠥᠳᠡᠭᠡ᠎ᠶ᠋ᠢᠨ ᠵᠠᠭᠠᠭ᠎ᠢ ᠡᠪᠳᠡᠵᠦ᠂ ᠴᠤᠭᠯᠠᠭ᠎ᠠ ᠮᠠᠢᠮᠠᠢ᠎ᠶ᠋ᠢ ᠰᠢᠶᠠᠩ ᠪᠠᠯᠭᠠᠰᠤᠨ᠎ᠤ᠋ ᠵᠠᠬ᠎ᠠ ᠳᠡᠯᠭᠡᠭᠦᠷ ᠪᠣᠯᠤᠨ ᠬᠣᠲᠠ᠎ᠶ᠋ᠢᠨ ᠲᠡᠭᠦᠷᠭᠡ᠎ᠶ᠋ᠢᠨ ᠵᠢᠵᠢᠭᠯᠡᠨ ᠬᠤᠳᠠᠯᠳᠤᠬᠤ ᠳᠡᠯᠭᠡᠭᠦᠷ᠎ᠲᠦ᠍ ᠬᠦᠷᠲᠡᠯ᠎ᠡ ᠥᠷᠭᠡᠳᠬᠡᠪᠡ᠃ ᠨᠠᠷᠢᠯᠢᠭ ᠰᠣᠩᠭᠣᠭᠰᠠᠨ ᠣᠶᠤᠨᠴᠢ ᠴᠠᠬᠢᠯᠭᠠᠨ ᠲᠣᠭᠣᠭ᠎ᠠ᠂ ᠨᠡᠷᠡᠲᠦ ᠲᠡᠮᠳᠡᠭᠲᠦ ᠡᠪᠦᠯ᠎ᠤᠨ ᠲᠡᠪᠡᠯ ᠵᠡᠷᠭᠡ ᠲᠠᠸᠠᠷ᠎ᠢ᠋ ᠬᠥᠳᠡᠭᠡ ᠲᠣᠰᠬᠣᠨ᠎ᠤ᠋ ᠪᠠᠷᠠᠭᠠᠨ᠎ᠤ ᠲᠡᠯᠭᠡᠭᠦᠷ᠎ᠲᠤ ᠲᠣᠬᠢᠷᠠᠭᠤᠯᠵᠤ᠂ ᠬᠣᠲᠠ ᠬᠥᠳᠡᠭᠡ᠎ᠶ᠋ᠢᠨ ᠬᠡᠷᠡᠭᠯᠡᠭᠡ ᠵᠢᠨ ᠶᠠᠰᠤ ᠴᠢᠨᠠᠷ ᠨᠢ ᠠᠳᠠᠯᠢ ᠪᠠᠢᠬᠤ᠎ᠶ᠋ᠢ ᠪᠡᠶᠡᠯᠡᠭᠦᠯᠪᠡ᠃ ᠯᠢᠨ ᠾᠧ ᠲᠣᠭᠣᠷᠢᠭ᠎ᠤ᠋ᠨ ᠴᠧᠩ ᠭᠤᠸᠠᠨ ᠪᠠᠯᠭᠠᠰᠤᠨ᠎ᠤ᠋ ᠴᠠᠭᠠᠨ ᠰᠠᠷ᠎ᠠ᠎ᠶᠢᠨ ᠪᠠᠷᠠᠭᠠᠨ᠎ᠤ᠋ ᠴᠤᠭᠯᠠᠭ᠎ᠠ ᠮᠠᠢᠮᠠᠢ᠎ᠶ᠋ᠢᠨ ᠭᠠᠵᠠᠷ᠎ᠲᠤ᠌᠂ ᠦ᠋ ᠰᠧ ᠲᠣᠰᠬᠣᠨ᠎ᠤ᠋ ᠴᠠᠭᠠᠨ ᠭᠤᠯᠢᠷ᠂ ᠶᠢᠦ ᠢ ᠲᠣᠰᠬᠣᠨ᠎ᠤ᠋ ᠤᠷᠭᠤᠮᠠᠯ᠎ᠤᠨ ᠲᠣᠰᠣ᠂ ᠵᠢᠢ ᠭᠤᠸᠠᠩ ᠲᠣᠰᠬᠣᠨ᠎ᠤ᠋ ᠴᠠᠭᠠᠰᠤᠨ ᠬᠠᠢᠴᠢᠯᠠᠮᠠᠯ ᠴᠣᠩᠬᠣᠨ ᠬᠤᠸᠠᠷ ᠵᠡᠷᠭᠡ ᠦᠢᠯᠡᠳᠬᠦᠨ᠎ᠢ ᠨᠢᠭᠡ ᠭᠠᠵᠠᠷ ᠲᠸ᠋ ᠲᠦᠪᠯᠡᠷᠡᠬᠦᠯᠦᠨ ᠲᠡᠯᠭᠡᠵᠦ᠂ ᠬᠣᠲᠠ᠎ᠶ᠋ᠢᠨ ᠠᠷᠠᠳ᠂ ᠨᠤᠲᠤᠭ᠎ᠲᠠᠭᠠᠨ ᠪᠤᠴᠠᠭᠰᠠᠨ ᠣᠯᠠᠨ ᠲᠦᠮᠡᠨ ᠵᠢᠴᠢ ᠣᠢᠷ᠎ᠠ ᠬᠠᠪᠢ᠎ᠶ᠋ᠢᠨ ᠵᠢᠭᠤᠯᠴᠢᠯᠠᠭᠰᠠᠳ᠎ᠤ᠋ᠨ ᠠᠩᠬᠠᠷᠤᠯ᠎ᠢ᠋ ᠲᠠᠲᠠᠵᠠᠢ᠃ 《ᠥᠩᠭᠡᠷᠡᠭᠰᠡᠨ᠎ᠳ᠋ᠦ᠍ ᠴᠠᠭᠠᠨ ᠰᠠᠷ᠎ᠠ᠎ᠶ᠋ᠢᠨ ᠪᠠᠷᠠᠭ᠎ᠠ ᠬᠤᠳᠠᠯᠳᠤᠨ ᠠᠪᠬᠤ᠎ᠳ᠋ᠠᠭᠠᠨ ᠲᠤᠰᠬᠠᠢᠯᠠᠨ ᠬᠣᠲᠠ᠎ᠤᠷᠤᠳᠠᠭ ᠪᠠᠢᠭᠰᠠᠨ᠂ ᠣᠳᠣ ᠭᠡᠷ᠎ᠦ᠋ᠨ᠎ᠢ᠋ᠶ᠋ᠡᠨ ᠡᠬᠦᠳᠡᠨ᠎ᠳ᠋ᠦ᠍ ᠰᠠᠨᠠᠭᠠᠨ᠎ᠳ᠋ᠠᠭᠠᠨ ᠲᠤᠬᠢᠷᠠᠭᠰᠠᠨ ᠲᠠᠸᠠᠷ ᠵᠢᠨᠨ ᠬᠤᠳᠠᠯᠳᠤᠨ ᠠᠪᠴᠤ ᠴᠢᠳᠠᠳᠠᠭ ᠪᠣᠯᠤᠭᠰᠠᠨ ᠨᠢ ᠦᠨᠡᠬᠡᠷ ᠳᠥᠭᠥᠮ ᠪᠣᠯᠵᠠᠢ》 ᠭᠡᠮᠡᠨ ᠨᠤᠲᠤᠭ᠎ᠲᠠᠭᠠᠨ ᠪᠤᠴᠠᠭᠰᠠᠨ ᠤᠶᠤᠲᠠᠨ ᠵᠠᠯᠠᠭᠤ ᠰᠠᠴᠤᠷᠠᠯ ᠰᠢᠨ᠎ᠡ ᠬᠤᠳᠠᠯᠳᠤᠵᠤ ᠠᠪᠤᠭᠰᠠᠨ ᠲᠣᠭᠣᠭᠠᠨ ᠭᠡᠷ᠎ᠦ᠋ᠨ ᠵᠢᠵᠢᠭ ᠴᠠᠬᠢᠯᠭᠠᠨ ᠬᠡᠷᠡᠭᠰᠡᠯ᠎ᠢ᠋ᠶ᠋ᠡᠨ ᠬᠠᠷᠠᠭᠠᠳ ᠴᠢᠷᠠᠢ ᠳᠦᠭᠦᠷᠡᠩ ᠪᠠᠶᠠᠷ ᠪᠠᠬᠠᠳᠤᠯ᠎ᠲᠠᠢ ᠪᠠᠢᠯ᠎ᠠ᠃

ᠠᠵᠢᠯᠯᠠᠭ᠎ᠠ᠎ᠶ᠋ᠢᠨ ᠠᠬᠤᠢ ᠲᠠᠯᠠᠪᠠᠢ᠎ᠳ᠋ᠤ᠌᠂ ᠪᠠᠰᠠ ᠨᠢᠭᠡ ᠪᠦᠯᠦᠭ ᠤᠷᠠᠨ ᠪᠢᠴᠢᠯᠭᠡᠲᠡᠨ ᠲᠤᠰᠬᠠᠢᠯᠠᠨ ᠬᠤᠤᠰ ᠤᠶᠠᠩᠭ᠎ᠠ ᠪᠢᠴᠢᠵᠦ ᠬᠦᠮᠦᠰ᠎ᠲᠤ ᠦᠨ᠎ᠡ ᠲᠦᠯᠦᠪᠦᠷᠢ ᠦᠭᠡᠢ ᠬᠦᠷᠭᠡᠵᠦ ᠪᠠᠢᠯ᠎ᠠ᠃ ᠬᠤᠤᠰ ᠤᠶᠠᠩᠭ᠎ᠠ ᠪᠢᠴᠢᠭᠦᠯᠬᠦ ᠪᠡᠷ ᠮᠦᠷᠯᠡᠭᠰᠡᠳ᠎ᠤᠨ ᠡᠩᠨᠡᠭᠡ 20 ᠮᠧᠲ᠋ᠷ ᠦᠷᠭᠦᠯᠵᠢᠯᠡᠵᠦ᠂ ᠣᠯᠠᠨ᠎ᠢ᠋ᠶ᠋ᠠᠷ᠎ᠢ᠋ᠶ᠋ᠠᠨ ᠡᠨᠡ ᠬᠦ᠌   ᠴᠠᠭᠠᠨ ᠰᠠᠷ᠎ᠠ᠎ᠶ᠋ᠢᠨ ᠦᠯᠵᠡᠢᠲᠡᠢ ᠵᠥᠩᠨᠡᠯ᠎ᠢ᠋ᠶ᠋ᠡᠨ ᠪᠢᠴᠢᠭᠦᠯᠬᠦ᠎ᠶᠢᠨ ᠲᠦᠯᠦᠭᠡ ᠲᠡᠪᠴᠢᠶᠡᠷᠢ ᠲᠠᠢ ᠭᠦᠯᠢᠶᠡᠵᠡᠭᠡᠨ᠎ᠡ᠃

ᠠᠷᠠᠳ᠎ᠤ᠋ᠨ ᠵᠠᠩ ᠦᠢᠯᠡ᠎ᠶ᠋ᠢᠨ ᠲᠣᠭᠣᠷᠢᠭ᠎ᠲᠤ᠂ ᠴᠠᠭᠠᠰᠤᠨ ᠬᠠᠢᠴᠢᠯᠠᠮᠠᠯ᠎ᠤ᠋ᠨ ᠭᠠᠷ ᠤᠷᠠᠯᠢᠭᠴᠢᠳ ᠠᠬᠤᠢ ᠲᠠᠯᠠᠪᠠᠢ᠎ᠳ᠋ᠤ᠌ ᠮᠣᠷᠢᠨ ᠵᠢᠯ᠎ᠦ᠋ᠨ ᠭᠣᠣᠯ ᠰᠡᠳᠦᠪᠲᠦ ᠪᠦᠲᠦᠭᠡᠯ ᠬᠠᠢᠴᠢᠯᠠᠵᠤ᠂ ᠬᠡᠦᠬᠡᠳ᠎ᠤᠳ ᠰᠢᠬᠢᠷ᠎ᠢᠶᠡᠷ ᠬᠢᠭᠰᠡᠨ ᠬᠡᠦᠬᠡᠯᠲᠡᠢ ᠵᠢᠷᠤᠭ᠎ᠢᠶᠡᠨ ᠡᠷᠭᠦᠨ ᠡᠵᠢ ᠠᠪᠤ ᠪᠠᠨ ᠲᠤᠭᠤᠷᠢᠨ ᠬᠦᠶᠦᠯᠳᠦᠵᠦ᠂ ᠴᠠᠭᠠᠨ ᠰᠠᠷ᠎ᠠ᠎ᠶᠢᠨ ᠪᠠᠷᠠᠭᠠᠨ᠎ᠤ ᠵᠠᠬ᠎ᠠ ᠲᠡᠯᠭᠡᠭᠦᠷ᠎ᠤᠨ ᠥᠨᠴᠥᠭ ᠪᠤᠯᠤᠩ ᠪᠣᠯᠭᠠᠨ᠎ᠳᠤ ᠢᠨᠢᠶᠡᠳᠦ ᠭᠥᠷ᠎ᠪᠢᠯᠬᠠᠨ᠎ᠠ ᠃

ᠣᠢᠯᠠᠭᠠᠭᠰᠠᠨ᠎ᠢ᠋ᠶ᠋ᠠᠷ᠂ ᠲᠤᠰ ᠤᠳᠠᠭ᠎ᠠ᠎ᠶ᠋ᠢᠨ ᠴᠠᠭᠠᠨ ᠰᠠᠷ᠎ᠠ᠎ᠶᠢᠨ ᠪᠠᠷᠠᠭᠠᠨ᠎ᠤ ᠵᠠᠬ᠎ᠠ ᠲᠡᠯᠬᠡᠬᠦᠷ ︽ᠭᠣᠣᠯ ᠲᠠᠯᠠᠪᠠᠢ ᠨᠢ ᠬᠥᠲᠥᠯᠦᠨ ᠳᠠᠭᠠᠭᠤᠯᠵᠤ᠂ ᠬᠤᠪᠢᠶᠠᠷᠢ ᠲᠠᠯᠠᠪᠠᠢ ᠨᠢ ᠬᠣᠯᠪᠣᠭᠠᠯᠠᠨ ᠬᠥᠳᠡᠯᠦᠯᠴᠡᠵᠦ᠂ ᠪᠦᠬᠦ ᠬᠣᠲᠠ ᠬᠠᠮᠲᠤᠪᠠᠷ ᠣᠷᠣᠯᠴᠠᠨ᠂ ᠬᠣᠲᠠ ᠬᠥᠳᠡᠭᠡ᠎ᠶ᠋ᠢ ᠪᠦᠷᠬᠦᠭᠦᠯᠬᠦ︾ ᠵᠠᠭᠪᠤᠷ᠎ᠢ᠋ᠶ᠋ᠠᠷ ᠬᠡᠷᠡᠭᠯᠡᠭᠡ ᠵᠢᠨ ᠳᠠᠯᠳᠠ ᠬᠦᠴᠦᠨ᠎ᠢ᠋ ᠭᠦᠢᠴᠡᠳ ᠢᠯᠡᠷᠡᠭᠦᠯᠪᠡ᠃ ᠠᠵᠢᠯᠯᠠᠭ᠎ᠠ ᠨᠢ 2 ᠰᠠᠷ᠎ᠠ᠎ᠶ᠋ᠢᠨ 1 ᠎ᠡᠴᠡ 2 ᠰᠠᠷ᠎ᠠ᠎ᠶ᠋ᠢᠨ 14 ᠦ᠌ ᠡᠳᠦᠷ ᠪᠣᠯᠲᠠᠯ᠎ᠠ ᠶᠠᠪᠤᠭᠳᠠᠬᠤ ᠪᠦᠭᠡᠳ ᠡᠨᠡ ᠬᠦ᠌ ᠬᠤᠭᠤᠴᠠᠭᠠᠨ᠎ᠳ᠋ᠤ᠌ ᠡᠯ᠎ᠡ ᠠᠵᠢᠯᠯᠠᠭ᠎ᠠ᠎ᠶᠢᠨ ᠲᠠᠯᠠᠪᠠᠢ᠎ᠳ᠋ᠤ᠌ ᠵᠠᠯᠭᠠᠭ᠎ᠠ ᠪᠡᠷ ᠣᠨᠢᠰᠣᠭ᠎ᠠ ᠳᠠᠭᠠᠬᠤ᠂ ᠬᠣᠣᠰ ᠤᠶᠠᠩᠭ᠎ᠠ ᠪᠢᠴᠢᠬᠦ᠂ ᠦᠨᠳᠦᠰᠦᠲᠡᠨ᠎ᠦ᠌ ᠵᠠᠩ ᠦᠢᠯᠡ᠎ᠶ᠋ᠢᠨ ᠦᠵᠡᠭᠦᠯᠭᠡ ᠬᠢᠬᠦ ᠵᠡᠷᠭᠡ ᠡᠯᠪᠡᠭ ᠪᠠᠶᠠᠯᠢᠭ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠥᠷᠨᠢᠭᠦᠯᠬᠦ᠎ᠶ᠋ᠢᠨ ᠬᠠᠮᠲᠤ ᠰᠢᠶᠠᠩ ᠪᠠᠯᠭᠠᠰᠤᠨ᠎ᠤ᠋ ᠴᠠᠭᠠᠨ ᠰᠠᠷ᠎ᠠ᠎ᠶᠢᠨ ᠪᠠᠷᠠᠭ᠎ᠠ ᠰᠢᠭᠤᠳ ᠨᠡᠪᠲᠡᠷᠡᠬᠦ ᠲᠡᠷᠭᠡ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠦᠨ ᠪᠠᠷᠠᠭ᠎ᠠ ᠪᠤᠷᠤᠯᠠᠭᠤᠯᠬᠤ ᠵᠡᠷᠭᠡ ᠣᠯᠠᠨ ᠶᠠᠩᠵᠤ᠎ᠶ᠋ᠢᠨ ᠠᠷᠭ᠎ᠠ ᠵᠠᠮ ᠭᠠᠷᠭᠠᠵᠤ᠂ ᠬᠡᠷᠡᠭᠯᠡᠭᠴᠢᠳ᠎ᠦ᠋ᠨ ᠠᠳᠠᠯᠢ ᠪᠤᠰᠤ ᠱᠠᠭᠠᠷᠳᠠᠯᠭ᠎ᠠ᠎ᠶ᠋ᠢ ᠪᠦᠬᠦ ᠲᠠᠯ᠎ᠠ᠎ᠪᠠᠷ ᠬᠠᠩᠭᠠᠬᠤ ᠪᠤᠯᠤᠨ᠎ᠠ᠃

ᠦᠳᠡᠰᠢ᠎ᠶ᠋ᠢᠨ ᠪᠦᠷᠦᠢ ᠪᠣᠯᠬᠤ᠎ᠳᠤ᠂ ᠴᠠᠭᠠᠨ ᠰᠠᠷ᠎ᠠ᠎ᠶᠢᠨ ᠪᠠᠷᠠᠭᠠᠨ᠎ᠤ᠋ ᠵᠠᠬ᠎ᠠ ᠳᠡᠯᠭᠡᠭᠦᠷ ᠲᠸ᠋ ᠮᠥᠨ ᠯᠡ ᠳ᠋ᠸᠩ ᠬᠡᠷᠡᠯᠳᠦᠵᠦ᠂ ᠰᠢᠷᠠᠭᠰᠠᠨ ᠠᠮᠳᠠᠳᠤ ᠲᠥᠮᠥᠰᠥ᠎ᠶ᠋ᠢᠨ ᠠᠩᠬᠢᠯᠤᠮ᠎ᠠ ᠦᠨᠦᠷ ᠠᠭᠠᠷ ᠲᠦᠭᠦᠷᠡᠩ ᠬᠠᠨᠭᠬᠤᠯᠵᠤ᠂ ᠣᠶᠤᠨᠴᠢ ᠴᠠᠬᠢᠯᠭᠠᠨ ᠬᠡᠷᠡᠭᠰᠡᠯ᠎ᠦ᠋ᠨ ᠪᠤᠷᠤᠯᠠᠭᠤᠯᠭ᠎ᠠ᠎ᠶ᠋ᠢᠨ ᠲᠣᠭᠣᠷᠢᠭ᠎ᠤ᠋ᠨ ᠰᠢᠭᠤᠳ ᠨᠡᠪᠲᠡᠷᠡᠭᠦᠯᠭᠡ᠎ᠶ᠋ᠢᠨ ᠪᠦᠯᠬᠦᠮ᠎ᠤᠨ ᠬᠢᠨ ᠰᠦᠯᠵᠢᠶᠡᠨ ᠳᠡᠭᠡᠷ᠎ᠡ ᠪᠠᠷᠠᠭ᠎ᠠ ᠪᠠᠨ ᠪᠤᠷᠤᠯᠠᠭᠤᠯᠵᠤ ᠪᠠᠢᠯ᠎ᠠ᠃ ᠪᠠᠶᠠᠨᠨᠠᠭᠤᠷ᠎ᠤ᠋ᠨ ᠴᠠᠭᠠᠨ ᠰᠠᠷ᠎ᠠ ᠵᠢᠨ ᠠᠷᠠᠯᠵᠢᠶ᠎ᠠ ᠬᠤᠳᠠᠯᠳᠤᠭ᠎ᠠ ᠢᠩᠬᠢᠵᠦ ᠪᠠᠶᠠᠷ ᠬᠦᠷ ᠵᠢᠠᠷ ᠪᠢᠯᠬᠠᠵᠦ᠂ ᠰᠢᠨ᠎ᠠ ᠵᠢᠯ᠎ᠤᠨ ᠦᠨᠤᠷ ᠠᠮᠳᠠ ᠪᠡᠷ ᠲᠦᠬᠦᠷᠡᠩ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号