ᠪᠦᠬᠦ᠌ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ ᠬᠤᠷᠠᠯᠳᠤᠪᠠ
2026-02-10 09:32:32
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠬᠦᠦᠳᠠᠭᠤᠯᠠ ᠶᠠᠷᠢᠶ᠎ᠠ ᠲᠠᠯᠪᠢᠪᠠ


2 ᠰᠠᠷ᠎ᠠ᠎ᠶ᠋ᠢᠨ 8᠎ᠤ᠋ ᠡᠳᠦᠷ᠂ ᠪᠦᠬᠦ᠌ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠶᠠᠷᠢᠶ᠎ᠠ ᠲᠠᠯᠪᠢᠪᠠ᠃

ᠬᠦᠦᠳᠠᠭᠤᠯᠠ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠦ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠠᠢᠳᠠᠯ ᠡᠭᠦᠷᠭᠡ᠎ᠶ᠋ᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠨ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠬᠦᠴᠦᠯᠡᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠦ᠂ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠂ ᠨᠢᠭᠡᠳᠦᠮᠡᠯ ᠹᠷᠣᠨᠲ᠎ᠤᠨ ᠠᠵᠢᠯ᠎ᠤᠨ ᠱᠢᠨᠵᠢᠯᠡᠬᠦ᠌ ᠤᠬᠠᠭᠠᠨᠴᠢᠯᠠᠯᠳᠠ ᠵᠢᠷᠤᠮᠵᠢᠯᠳᠠ ᠳᠦᠷᠢᠮᠵᠢᠯᠳᠡ ᠶ᠋ᠢ ᠠᠬᠢᠭᠤᠯᠵᠦ᠂ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠰᠡᠷᠭᠡᠢᠯᠡᠨ ᠠᠷᠢᠯᠭᠠᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠦ᠂ ᠥᠪᠡᠷᠲᠡᠭᠡᠨ ᠵᠠᠰᠠᠬᠤ ᠣᠷᠣᠨ᠎ᠤ 《ᠠᠷᠪᠡᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠰᠠᠢᠨ ᠡᠬᠢᠯᠡᠯᠲᠡ ᠲᠠᠢ ᠪᠤᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠳ᠋ᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠬᠡᠵᠦ ᠴᠢᠩᠭᠠᠳᠬᠠᠪᠠ᠃

ᠪᠤᠭᠤᠲᠤ ᠬᠤᠳᠠ᠂ ᠲᠦᠩᠯᠢᠶᠣᠤ ᠬᠤᠳᠠ᠂ ᠤᠷᠳᠤᠰ ᠬᠤᠳᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号