ᠪᠦᠬᠦ᠌ ᠣᠷᠣᠨ ᠤ
ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠨᠥᠬᠥᠳ ᠲᠤ᠌᠄
ᠬᠠᠪᠤᠷ ᠤ᠋ᠨ
ᠤᠷᠢ ᠨᠠᠭᠠᠰᠢᠯᠠᠵᠤ᠂ ᠲᠦᠮᠡᠨ ᠪᠣᠳᠠᠰ ᠰᠢᠨᠡᠳᠤᠨ ᠬᠤᠪᠢᠷᠠᠨ᠎ᠠ᠃ ᠤᠯᠠᠭᠠᠨ ᠮᠤᠷᠢᠨ ᠵᠢᠯ ᠤᠳᠠᠯ ᠦᠭᠡᠢ ᠬᠦᠷᠴᠦ᠍ ᠢᠷᠡᠬᠦ᠌
ᠲᠠᠱᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ ᠤᠨ ᠣᠷᠳᠣᠨ᠎ᠡᠴᠡ ᠪᠦᠬᠦ᠌
ᠣᠷᠣᠨ᠎ᠤ ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ ᠪᠠᠨ ᠠᠮᠠᠷᠠᠭ᠍ᠰᠠᠨ ᠠᠬᠠᠮᠠᠳ ᠨᠥᠬᠥᠳ᠎ᠲᠦ ᠴᠠᠭᠠᠨ ᠰᠠᠷ᠎ᠠ᠎ᠶ᠋ᠢᠨ ᠵᠥᠩᠨᠡᠯ ᠪᠠ ᠴᠢᠩ
ᠰᠡᠳᠭᠢᠯ ᠦᠨ ᠮᠡᠨᠳᠦᠴᠢᠯᠡᠯ ᠳᠡᠪᠱᠢᠭᠦᠯᠵᠦ᠍ ᠪᠠᠢᠨ᠎ᠠ!
2025 ᠣᠨ ᠳ᠋ᠤ᠂
ᠣᠷᠣᠨ ᠳᠠᠶᠠᠭᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ
ᠤᠳᠤᠷᠢᠳᠤᠯᠭ᠎ᠠ ᠳᠣᠣᠷ᠎ᠠ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ
ᠪᠦᠭᠦᠳᠡ ᠬᠤᠷᠠᠯ᠎ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠦᠨ
ᠥᠪᠥᠷ ᠮᠣᠩᠭᠣᠯ᠎ᠤᠨ
ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂
ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠯᠤᠭᠡ ᠨᠢᠭ᠍ᠲᠠ
ᠤᠶᠠᠯᠳᠤᠭᠤᠯᠵᠤ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠰᠡᠳᠭᠢᠯ ᠰᠢᠭᠤᠳᠤᠨ ᠡᠷᠡᠯᠭᠡᠭᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ 《ᠬᠣᠶᠠᠷ ᠢ ᠲᠣᠭ᠍ᠲᠠᠭᠠᠬᠰᠡᠨ》 ᠢ᠋ ᠡᠷᠡᠰ
ᠬᠦᠷᠢᠶᠡᠯᠡᠵᠤ᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂
ᠰᠣᠶᠣᠯ ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ ᠤ ᠪᠠᠢᠭᠤᠯᠤᠯᠲᠠ ᠪᠠ
ᠨᠠᠮ᠎ᠤᠨ ᠪᠠᠢᠭᠤᠯᠤᠯᠲᠠ ᠵᠢ ᠠᠬᠢᠭᠤᠯᠬᠤ ᠡᠯ᠎ᠡ ᠵᠦᠢᠯ ᠦᠨ ᠠᠵᠢᠯ ᠦᠢᠯᠡᠰ ᠯᠠᠪᠳᠠᠭᠤᠨ᠎ᠢᠶᠠᠷ ᠬᠥᠭ᠌ᠵᠢᠵᠤ᠂
ᠥᠪᠡᠷᠲᠡᠭᠡᠨ ᠵᠠᠰᠠᠬᠤ ᠣᠷᠣᠨ ᠤ 《ᠠᠷᠪᠠᠨ
ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠲᠡᠭᠦᠰ
ᠠᠮᠵᠢᠯᠲᠠ᠎ᠲᠠᠶ ᠰᠡᠬᠦᠯ ᠬᠤᠷᠢᠶᠠᠪᠠ᠃ ᠡᠲᠡᠭᠡᠷ ᠠᠮᠵᠢᠯᠲᠠᠪᠦᠳᠦᠮᠵᠢ ᠵᠢ ᠣᠯᠤᠭ᠍ᠰᠠᠨ᠎ᠨᠢ ᠪᠥᠬᠥ᠌ ᠣᠷᠣᠨ ᠤ
ᠠᠵᠢᠯ ᠡᠴᠡ᠎ᠪᠠᠨ ᠳᠠᠷᠬᠠᠯᠠᠭ᠍ᠳᠠᠵᠤ ᠠᠵᠢᠯ ᠡᠴᠡ᠎ᠪᠠᠨ ᠠᠮᠠᠷᠠᠭ᠍ᠰᠠᠨ ᠠᠬᠠᠮᠠᠳ ᠨᠥᠬᠥᠳ᠎ᠦᠨ ᠣᠷᠳᠣ ᠬᠤᠭᠤᠴᠠᠭᠠᠨ ᠤ ᠲᠤᠷᠱᠢᠬᠢ ᠬᠠᠯᠠᠮᠵᠢᠯᠠᠯ
ᠳᠡᠮᠵᠢᠯᠭᠡ ᠪᠣᠯᠤᠨ ᠬᠠᠷᠠᠮ ᠥᠬᠡᠶ ᠬᠤᠪᠢ ᠨᠡᠮᠡᠷᠢ ᠡᠴᠡ ᠰᠠᠯᠵᠤ ᠴᠢᠳᠠᠬᠤ ᠥᠬᠡᠶ ᠶᠤᠮ᠃ ᠥᠪᠡᠷᠲᠡᠭᠡᠨ ᠵᠠᠰᠠᠬᠤ ᠣᠷᠣᠨ ᠤ ᠨᠠᠮ᠎ᠤᠨ
ᠬᠣᠷᠢᠶ᠎ᠠ ᠪᠣᠯᠤᠨ
ᠵᠠᠰᠠᠭ᠎ᠤᠨ ᠣᠷᠳᠣᠨ ᠠᠬᠠᠮᠠᠳ ᠨᠥᠬᠥᠳ᠎ᠲᠦ ᠴᠢᠩ ᠰᠡᠳᠭᠢᠯ ᠦᠨ ᠲᠠᠯᠠᠷᠬᠠᠯ᠂ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠪᠠᠢᠨ᠎ᠠ!
2026 ᠣᠨ ᠳ᠋ᠤ᠂
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ
ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ
ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠵᠢᠨ
ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠬᠣᠶᠠᠷ ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠤ᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ
ᠬᠣᠷᠢᠶ᠎ᠠ᠎ᠶ᠋ᠢᠨ 《1571》 ᠠᠵᠢᠯ ᠤᠨ ᠪᠠᠢᠷᠢᠯᠠᠭᠤᠯᠤᠯᠲᠠ ᠶᠣᠰᠣᠭᠠᠷ᠂ ᠳᠠᠷᠤᠢ ᠳᠤᠮᠳᠠᠳᠤ᠎ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ
ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ
ᠰᠠᠢᠲᠤᠷ ᠪᠦᠳᠦᠭᠡᠨ ᠪᠠᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ
ᠮᠣᠩᠭᠣᠯ ᠳᠤ ᠣᠯᠭᠣᠭ᠍ᠰᠠᠨ 《ᠬᠣᠶᠠᠷ
ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ
ᠬᠠᠷᠢᠭᠤᠴᠠᠯᠭ᠎ᠠ ᠵᠢ ᠬᠦᠨᠵᠡᠭᠡᠢ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ
ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ ᠢ᠋ ᠪᠦᠲᠦᠭᠡᠨ ᠪᠠᠢᠭᠤᠯᠬᠤ᠎ᠶ᠋ᠢ ᠰᠠᠢᠲᠤᠷ ᠠᠳᠭᠤᠵᠤ᠂ ᠭᠠᠵᠠᠷ ᠣᠷᠣᠨ ᠤ
ᠪᠠᠢᠳᠠᠯ ᠳᠤᠨᠢ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠪᠡᠶ᠎ᠡ ᠪᠡᠨ
ᠳᠠᠭᠠᠭᠠᠵᠤ ᠬᠦᠴᠦᠷᠬᠡᠭ᠌ᠵᠢᠬᠦ᠌᠎ᠶ᠋ᠢ
ᠲᠦᠷᠭᠡᠳᠭᠡᠵᠦ᠍᠂ ᠪᠦᠬᠦ᠌ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠵᠤ᠂ ᠥᠨᠳᠥᠷ
ᠲᠦᠪᠱᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠵᠤ᠂ ᠣᠷᠣᠨ ᠪᠦᠰᠡ᠎ᠶ᠋ᠢᠨ ᠠᠵᠤ
ᠠᠬᠤᠢ᠎ᠶ᠋ᠢᠨ ᠪᠠᠢᠷᠢᠱᠢᠯ ᠢ ᠱᠢᠯᠢᠳᠡᠭ᠌ᠵᠢᠭᠦᠯᠵᠦ᠍᠂ ᠨᠡᠢᠭᠡᠮ ᠵᠢᠷᠤᠮ᠎ᠤᠨ ᠰᠣᠶᠣᠯ ᠢ ᠴᠡᠴᠡᠭ᠌ᠯᠡᠭᠦᠯᠦᠨ ᠬᠥᠭ᠌ᠵᠢᠭᠦᠯᠵᠦ᠍᠂
ᠠᠷᠠᠳ᠎ᠤᠨ ᠠᠮᠢᠳᠤᠷᠠᠯ ᠢ
ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ ᠵᠡᠷᠭᠡ ᠲᠤᠯᠤᠭᠠᠨ ᠵᠦᠢᠯ᠎ᠦᠨ ᠭᠣᠣᠯᠳᠠᠯᠭ᠎ᠠ ᠲᠠᠶ ᠠᠵᠢᠯ ᠢ
ᠴᠢᠩᠭᠠᠳᠭᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ ᠤᠨ ᠪᠠᠢᠭᠤᠯᠤᠯᠲᠠ ᠭᠡᠬᠦ᠌ ᠡᠨᠡ
ᠬᠦ᠌ ᠦᠨᠳᠦᠰᠦᠨ ᠪᠠᠲᠤᠯᠠᠭ᠎ᠠ᠎ᠶ᠋ᠢ ᠴᠢᠩᠭᠠᠳᠭᠠᠵᠤ᠂ ᠪᠦᠬᠦ᠌ ᠣᠷᠣᠨ ᠤ ᠡᠯ᠎ᠡ ᠵᠦᠢᠯ᠎ᠦᠨ ᠠᠵᠢᠯ ᠦᠢᠯᠡᠰ᠎ᠦᠨ ᠲᠠᠰᠤᠷᠠᠯᠳᠠ ᠦᠭᠡᠢ ᠱᠢᠨ᠎ᠡ
ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ 《ᠠᠷᠪᠠᠨ
ᠲᠠᠪᠤᠳᠤᠭᠠᠷ ᠲᠠᠪᠤᠨ ᠵᠢᠯ》 ᠤ᠋ᠨ ᠰᠠᠢ᠌ᠨ
ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌ ᠶ᠋ᠢ ᠦᠨᠡᠨᠬᠦ ᠪᠠᠲᠤᠯᠠᠨ᠎ᠠ᠃
ᠠᠵᠢᠯ᠎ᠡᠴᠡ ᠪᠠᠨ ᠳᠠᠷᠬᠠᠯᠠᠭ᠍ᠳᠠᠵᠤ ᠠᠵᠢᠯ ᠡᠴᠡ ᠪᠠᠨ
ᠠᠮᠠᠷᠠᠭ᠍ᠰᠠᠨ ᠠᠬᠠᠮᠠᠳ ᠨᠥᠬᠥᠳ ᠪᠣᠯ ᠨᠠᠮ ᠪᠣᠯᠤᠨ ᠤᠯᠤᠰ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠨᠠᠮ᠎ᠤᠨ
ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ ᠴᠢᠬᠤᠯᠠ ᠡᠬᠢ ᠪᠠᠶᠠᠯᠢᠭ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ
ᠣᠨᠴᠠᠯᠢᠭ᠎ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠠᠬᠢᠭᠤᠯᠬᠤ ᠴᠢᠬᠤᠯᠠ ᠬᠦᠴᠦᠨ ᠮᠥᠨ᠃ ᠠᠬᠠᠮᠠᠳ ᠨᠥᠬᠥᠳ᠎ᠢ ᠬᠦᠨᠳᠦᠳᠭᠡᠵᠦ᠍᠂
ᠠᠬᠠᠮᠠᠳ ᠨᠥᠬᠥᠳ᠎ᠢ
ᠬᠠᠢᠷᠠᠯᠠᠵᠤ᠂ ᠠᠬᠠᠮᠠᠳ ᠨᠥᠬᠥᠳ᠎ᠡᠴᠡ ᠰᠤᠷᠤᠯᠴᠠᠵᠤ᠂ ᠠᠬᠠᠮᠠᠳ ᠨᠥᠬᠥᠳ᠎ᠦᠨ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠬᠤ
ᠶᠠᠪᠤᠳᠠᠯ ᠪᠣᠯ ᠮᠠᠨ᠎ᠤ ᠨᠠᠮ ᠤᠨ ᠢᠷᠠᠭᠤ ᠠᠯᠳᠠᠷᠲᠤ ᠤᠯᠠᠮᠵᠢᠯᠠᠯ ᠮᠥᠨ᠃ ᠡᠯ᠎ᠡ ᠱᠠᠲᠤᠨ ᠤ ᠨᠠᠮ ᠤᠨ ᠬᠣᠷᠢᠶ᠎ᠠ ᠪᠣᠯᠤᠨ ᠵᠠᠰᠠᠭ᠎ᠤᠨ ᠣᠷᠳᠣᠨ
ᠶᠡᠷᠦᠩᠬᠡᠢ ᠱᠦᠵᠢ ᠰᠢ ᠵᠢᠨ ᠫᠢᠩ ᠦᠨ ᠠᠬᠠᠮᠠᠳ ᠺᠠᠳ᠋ᠷᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠠᠬᠠᠮᠠᠳ
ᠨᠥᠬᠥᠳ᠎ᠦᠨ ᠲᠡᠦᠬᠡᠨ ᠭᠠᠪᠢᠶ᠎ᠠ ᠵᠢᠳᠬᠦᠯ ᠢ ᠢᠮᠠᠭ᠍ᠲᠠ ᠪᠠᠲᠤ ᠴᠡᠭᠡᠵᠢᠯᠡᠵᠦ᠍᠂ ᠬᠦᠨᠳᠦᠳᠭᠡᠬᠦ᠌ ᠰᠡᠳᠭᠢᠯᠭᠡ᠂
ᠬᠠᠢᠷᠠᠯᠠᠨ ᠬᠠᠯᠠᠮᠵᠢᠯᠠᠬᠤ ᠰᠡᠳᠭᠢᠯᠭᠡ᠂ ᠪᠣᠳᠠᠲᠠᠢ ᠶ᠋ᠢ ᠡᠷᠬᠢᠮᠯᠡᠬᠦ᠌ ᠠᠵᠢᠯᠯᠠᠭ᠎ᠠ᠎ᠪᠠᠷ ᠠᠵᠢᠯ᠎ᠡᠴᠡ᠎ᠪᠠᠨ
ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠲᠤᠬᠠᠢ ᠨᠠᠮ᠎ᠤᠨ ᠲᠥᠪ ᠬᠣᠷᠢᠶ᠎ᠠ᠎ᠶᠢᠨ ᠡᠯ᠎ᠡ ᠵᠦᠢᠯ ᠦᠨ ᠲᠦᠷᠦ᠍᠎ᠶ᠋ᠢᠨ
ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠢᠯᠡᠴᠢᠯᠡᠭᠡ ᠪᠠᠲᠤᠯᠠᠭ᠎ᠠ ᠶ᠋ᠢᠨ ᠠᠵᠢᠯ ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ
ᠤᠨᠤᠴᠠᠳᠠᠢ ᠨᠠᠷᠢᠯᠢᠭ ᠰᠠᠢᠲᠤᠷ ᠬᠢᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠬᠦᠨᠳᠦᠳᠭᠡᠬᠦ᠌᠂ ᠠᠮᠢᠳᠤᠷᠠᠯ ᠤᠨ
ᠲᠠᠯ᠎ᠠ ᠪᠠᠷ ᠬᠠᠷᠠᠭᠠᠯᠵᠠᠬᠤ᠂ ᠤᠶᠤᠨ ᠰᠠᠨᠠᠭᠠᠨ᠎ᠤ ᠲᠠᠯ᠎ᠠ᠎ᠪᠠᠷ ᠬᠠᠯᠠᠮᠵᠢᠯᠠᠬᠤ᠎ᠶ᠋ᠢ ᠪᠡᠶᠡᠯᠡᠭᠦᠯᠵᠦ᠍᠂ ᠥᠷᠭᠡᠨ ᠤᠯᠠᠨ ᠠᠬᠠᠮᠠᠳ ᠨᠥᠬᠥᠳ᠎ᠦᠨ
ᠢᠷᠠᠭᠤ ᠠᠯᠳᠠᠷᠳᠤ ᠲᠦᠷᠦᠭ᠌ᠳᠡᠯ᠂ ᠬᠠᠷᠢᠶᠠᠯᠠᠭ᠍ᠳᠠᠬᠤ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠬᠠᠮᠠᠳ
ᠨᠥᠬᠥᠳ ᠦᠨ ᠥᠲᠡᠯᠦᠭᠡ ᠨᠠᠰᠤ᠎ᠪᠠᠨ ᠵᠣᠯ ᠵᠢᠷᠭᠠᠯ᠎ᠲᠠᠶ ᠥᠩᠭᠡᠷᠡᠭᠦᠯᠬᠦ᠌ ᠶ᠋ᠢ ᠪᠠᠲᠤᠯᠠᠬᠤ ᠬᠡᠷᠡᠭ᠌ᠲᠡᠢ᠃ ᠠᠬᠠᠮᠠᠳ ᠨᠥᠬᠥᠳ ᠢᠷᠠᠭᠤ
ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠤᠤᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠤᠯᠤᠰ
ᠲᠦᠷᠦ᠍ ᠶ᠋ᠢᠨ ᠬᠡᠪ ᠪᠣᠯᠪᠠᠰᠤᠷᠠᠯ ᠥᠨᠳᠥᠷ᠂ ᠠᠵᠢᠯ᠎ᠤᠨ ᠲᠤᠷᠱᠢᠯᠭ᠎ᠠ ᠪᠠᠶᠠᠯᠢᠭ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ
ᠣᠷᠣᠨ᠎ᠤ ᠡᠯ᠎ᠡ ᠵᠦᠢᠯ ᠦᠨ ᠠᠵᠢᠯ ᠦᠢᠯᠡᠰ ᠦᠨ ᠬᠥᠭ᠌ᠵᠢᠯᠲᠡ ᠶ᠋ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠬᠠᠯᠠᠮᠵᠢᠯᠠᠨ ᠳᠡᠮᠵᠢᠵᠦ᠍᠂
ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠢᠳᠡᠪᠬᠢᠲᠡᠢ ᠡᠷᠭᠦᠬᠦ᠌᠎ᠶ᠋ᠢ ᠬᠦᠰᠡᠵᠦ᠍ ᠪᠠᠢᠨ᠎ᠠ᠃
ᠪᠢᠳᠡ ᠰᠢ ᠵᠢᠨ ᠫᠢᠩ ᠨᠥᠬᠥᠷ ᠢᠶᠡᠷ ᠭᠤᠤᠯ
ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ
ᠱᠢᠷᠭᠠᠭᠤ ᠠᠵᠢᠯᠯᠠᠵᠤ ᠪᠣᠳᠠᠲᠠᠶ ᠠᠵᠢᠯᠯᠠᠨ᠂ ᠡᠬᠡ ᠤᠯᠤᠰ ᠤᠨ ᠤᠮᠠᠷᠠᠲᠤ᠎ᠶ᠋ᠢᠨ ᠡᠨᠡᠬᠦ ᠦᠵᠡᠮᠵᠢ ᠶ᠋ᠢᠨ ᠣᠷᠣᠨ ᠢᠶᠠᠨ ᠨᠠᠩ
ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠪᠠᠷ ᠬᠠᠮᠲᠤ ᠪᠠᠷ ᠴᠢᠷᠮᠠᠢᠵᠤ᠂ ᠳᠤᠮᠳᠠᠳᠤ ᠤᠯᠤᠰ ᠤᠨ
ᠮᠠᠶᠢᠭ ᠤᠨ ᠣᠳᠣᠬᠢᠴᠢᠯᠠᠯᠳᠠ
ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ᠃
ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ ᠪᠠᠨ
ᠠᠮᠠᠷᠠᠭ᠍ᠰᠠᠨ ᠠᠬᠠᠮᠠᠳ ᠨᠥᠬᠥᠳ᠎ᠦᠨ ᠱᠢᠨ᠎ᠡ ᠵᠢᠯ᠎ᠳᠡᠭᠡᠨ ᠪᠠᠶᠠᠷ ᠬᠦᠷ᠎ᠲᠡᠶ᠂ ᠤᠷᠳᠤ ᠨᠠᠰᠤᠯᠠᠵᠤ ᠤᠳᠠᠭᠠᠨ ᠵᠢᠷᠭᠠᠵᠤ᠂ ᠭᠡᠷ ᠬᠣᠲᠠᠯᠠᠭᠠᠷ᠎ᠢᠶᠠᠨ
ᠵᠣᠯ ᠵᠢᠷᠭᠠᠯ ᠲᠠᠶ ᠪᠠᠢᠬᠤ᠎ᠶ᠋ᠢ ᠴᠢᠩ ᠰᠡᠳᠭᠢᠯ᠎ᠡᠴᠡ᠎ᠪᠡᠨ ᠬᠦᠰᠡᠨ ᠵᠥᠩᠨᠡᠵᠦ᠍ ᠪᠠᠢᠨ᠎ᠠ!
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ
ᠥᠪᠥᠷ ᠮᠣᠩᠭᠣᠯ ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ ᠤᠨ ᠣᠷᠳᠣᠨ
2026 ᠣᠨ᠎ᠤ 2 ᠰᠠᠷ᠎ᠠ᠎ᠶ᠋ᠢᠨ 10 ᠤ᠋ ᠡᠳᠦᠷ