《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠬᠥᠭ᠌ᠵᠢᠯᠲᠡ᠎ᠶ᠋ᠢᠨ ᠰᠠᠢ᠌ᠨ ᠬᠠᠨᠳᠤᠰᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠵᠦ᠍ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠱᠢᠨ᠎ᠡ ᠠᠬᠢᠴᠠ᠎ᠲᠠᠶ ᠪᠣᠯᠬᠤ᠎ᠶ᠋ᠢ ᠠᠬᠢᠭᠤᠯᠤᠨ᠎ᠠ
2026-02-10 09:50:42
ᠵᠣᠬᠢᠶᠠᠭ᠍ᠴᠢ᠄
ᠱᠢᠨᠬᠤᠸᠠ ᠬᠣᠷᠢᠶ᠎ᠠ᠎ᠵᠢᠨ ᠰᠤᠷᠪᠤᠯᠵᠢᠯᠠᠭ᠍ᠴᠢ ᠬ᠍ᠤ ᠯᠦ᠍ ᠬᠦ᠋ ᠢ ᠫᠢᠩ ᠬᠠᠨ ᠵᠢᠶᠠ ᠨᠦᠸᠸ
ᠣᠩᠱᠢᠭ᠍ᠰᠠᠨ ᠣᠳᠠᠭ᠎ᠠ᠄
★★★☆☆

— ᠲᠦᠪ᠎ᠤᠨ ᠬᠦᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠬᠡᠷ᠎ᠦᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠨᠦᠬᠦᠳ ᠲᠦᠪ᠎ᠤᠨ ᠨᠢᠭᠡᠳᠦᠭᠡᠷ ᠲᠤᠭᠠᠲᠤ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ᠎ᠵᠢᠨ ᠲᠤᠬᠠᠢ ᠲᠠᠢᠯᠤᠮᠵᠢ ᠬᠢᠪᠡ


2 ᠰᠠᠷ᠎ᠠ᠎ᠶ᠋ᠢᠨ 3 ᠎ᠤ᠋ ᠡᠳᠦᠷ᠂ 2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠢ ᠨᠡᠢᠭᠡᠮ ᠨᠡᠢᠲᠡ᠎ᠳᠦ ᠨᠡᠢᠲᠡᠯᠡᠪᠡ᠃ ᠡᠨᠡ ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠲᠥᠪ᠎ᠡᠴᠡ ᠵᠠᠯᠭᠠᠭ᠎ᠠ᠎ᠪᠠᠷ ᠨᠡᠢᠲᠡᠯᠡᠭ᠌ᠰᠡᠨ ᠠᠷᠪᠠᠨ ᠳᠥᠷᠪᠡᠳᠡᠬᠢ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠵᠢᠯᠣᠭᠣᠳᠭᠤ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠪᠣᠯᠤᠨ᠎ᠠ᠃

ᠠᠮᠤ ᠪᠤᠳᠠᠭᠠᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠬᠡᠷᠬᠢᠨ ᠨᠠᠩ ᠰᠠᠢᠲᠤᠷ ᠪᠡᠬᠢᠵᠢᠭᠦᠯᠦᠨ ᠳᠡᠭᠡᠭ᠌ᠰᠢᠯᠡᠭᠦᠯᠬᠦ᠌ ᠪᠣᠶ? ᠱᠢᠯᠵᠢᠯᠲᠡ᠎ᠶ᠋ᠢᠨ ᠬᠤᠭᠤᠴᠠᠭᠠᠨ᠎ᠤ ᠳᠠᠷᠠᠭ᠎ᠠ ᠪᠠᠢᠩᠭᠤᠵᠢᠭᠤᠯᠤᠨ ᠬᠠᠪᠰᠤᠷᠤᠨ ᠲᠡᠳᠬᠦᠬᠦ᠌᠎ᠳᠦ ᠶᠠᠮᠠᠷ ᠶᠠᠮᠠᠷ ᠲᠥᠯᠥᠪᠯᠡᠭᠡ᠎ᠶ᠋ᠢᠨ ᠲᠣᠬᠢᠷᠠᠭᠤᠯᠤᠯᠲᠠ ᠪᠠᠢᠬᠤ ᠪᠣᠶ? ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠲᠣ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠬᠡᠷᠬᠢᠨ ᠲᠦᠷᠭᠡᠨ ᠨᠥᠬᠥᠪᠥᠷᠢᠯᠡᠬᠦ᠌ ᠪᠣᠶ? 4 ᠎ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠲᠥᠪ᠎ᠦᠨ ᠡᠳ᠋᠎ᠦᠨ ᠵᠠᠰᠠᠭ ᠠᠵᠤ ᠠᠬᠤᠶ᠎ᠶ᠋ᠢᠨ ᠠᠯᠪᠠᠨ ᠬᠡᠷ᠎ᠦᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠡᠷᠬᠢᠯᠡᠭ᠌ᠴᠢ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠬᠡᠷ᠎ᠦᠨ ᠡᠷᠬᠢᠯᠡᠭ᠌ᠴᠢ ᠬᠠᠨ ᠸᠸᠨ ᠱᠢᠦ᠂ ᠲᠥᠪ᠎ᠦᠨ ᠡᠳ᠋᠎ᠦᠨ ᠵᠠᠰᠠᠭ᠎ᠤᠨ ᠠᠯᠪᠠᠨ ᠬᠡᠷ᠎ᠦᠨ ᠳᠡᠳ᠋ ᠡᠷᠬᠢᠯᠡᠭ᠌ᠴᠢ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠬᠡᠷ᠎ᠦᠨ ᠳᠡᠳ᠋ ᠡᠷᠬᠢᠯᠡᠭ᠌ᠴᠢ ᠵᠦ᠍ ᠸᠧᠶ ᠳ᠋ᠦᠩ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠭᠦᠨᠵᠡᠭᠡᠶ ᠲᠠᠢᠯᠤᠮᠵᠢ ᠬᠢᠪᠠ᠃

ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠦᠨ᠎ᠡ

ᠬᠠᠨ ᠸᠸᠨ ᠱᠢᠦ᠂ 2025 ᠣᠨ᠎ᠳᠤ ᠮᠠᠨ᠎ᠤ ᠤᠯᠤᠰ᠎ᠤᠨ ᠬᠥᠮᠦᠨ ᠳᠤᠮᠳᠠᠴᠢ᠎ᠶ᠋ᠢᠨ ᠠᠮᠤ ᠪᠤᠳᠠᠭᠠᠨ᠎ᠤ ᠡᠵᠡᠯᠡᠬᠦ᠌ ᠬᠡᠮᠵᠢᠢ᠎ᠡ 508.9 ᠺᠢᠯᠣᠭ᠌ᠷᠠᠮ᠎ᠳᠤ ᠬᠦᠷᠴᠦ᠍᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠡᠯᠪᠡᠭ᠂ ᠵᠠᠬ᠎ᠠ ᠳᠡᠯᠭᠡᠭᠦᠷ ᠲᠣᠭ᠍ᠲᠠᠭᠤᠨ᠂ ᠨᠥᠭᠡᠴᠡ ᠭᠦᠢᠴᠡᠳ ᠪᠠᠢᠨ᠎ᠠ ᠭᠡᠵᠦ ᠢᠯᠡᠳᠭᠡᠪᠡ᠃

《ᠠᠮᠤ ᠪᠤᠳᠠᠭ᠎ᠠ ᠬᠡᠳᠦᠢᠪᠡᠷ ᠤᠯᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭ᠍ᠰᠠᠨ ᠪᠣᠯᠪᠠᠴᠤ᠌᠂ ᠬᠠᠩᠭᠠᠯᠭ᠎ᠠ ᠬᠡᠷᠡᠭ᠌ᠴᠡᠭᠡ ᠶᠡᠷᠦᠩᠬᠡᠢ᠎ᠳᠡᠭᠡᠨ ᠬᠠᠷᠢᠴᠠᠨᠭᠭᠤᠢ ᠲᠡᠩᠴᠡᠭᠦᠷᠢᠲᠡᠢ ᠪᠠᠢᠬᠤ ᠪᠠᠢᠷᠢᠱᠢᠯ ᠬᠤᠪᠢᠷᠠᠭ᠎ᠠ ᠦᠭᠡᠢ᠂ ᠲᠡᠦᠬᠡ᠎ᠶ᠋ᠢᠨ ᠲᠤᠷᠱᠢᠯᠭ᠎ᠠ᠎ᠡᠴᠡ ᠦᠵᠡᠪᠡᠯ᠂ ᠠᠮᠤ ᠪᠤᠳᠠᠭᠠᠨ᠎ᠤ ᠦᠢᠯᠡᠳᠪᠦᠷᠢᠯᠡᠯ ᠮᠠᠭᠤᠲᠠᠬᠤ᠎ᠳᠤ ᠠᠮᠠᠷ ᠳᠡᠭᠡᠭᠰᠢᠯᠡᠬᠦ᠎ᠳᠤ ᠬᠦᠴᠢᠷ ᠪᠠᠢᠵᠤ᠂ ᠠᠮᠤ ᠪᠤᠳᠠᠭᠠᠨ᠎ᠤ ᠠᠮᠤᠷ ᠲᠦᠪᠱᠢᠨ ᠭᠡᠬᠦ ᠡᠨᠡ ᠬᠥ᠌ ᠬᠦᠪᠴᠢ᠎ᠵᠢ ᠡᠷᠬᠡᠪᠰᠢ ᠢᠮᠠᠭ᠍ᠲᠠ ᠴᠢᠩᠭᠠᠯᠠᠬᠤ ᠬᠡᠷᠡᠭ᠌ᠲᠡᠢ》᠃ ᠲᠡᠷᠡ᠂ ᠪᠢᠴᠢᠭ ᠮᠠᠲ᠋ᠧᠷᠢᠶᠠᠯ᠎ᠳᠤ ᠬᠦᠳᠡᠭᠡ ᠠᠵᠤ ᠠᠬᠤᠢ᠎ᠵᠢᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠲᠤᠬᠠᠶ ᠪᠠᠢᠷᠢᠯᠠᠭᠤᠯᠤᠯᠲᠠ ᠬᠢᠵᠠᠢ ᠭᠡᠪᠡ᠃

ᠠᠮᠤ ᠪᠤᠳᠠᠭᠠᠨ᠎ᠤ ᠦᠢᠯᠡᠳᠪᠦᠷᠢᠯᠡᠯ᠎ᠢ ᠴᠢᠩᠭ᠎ᠠ ᠠᠳᠭᠤᠨ᠎ᠠ᠃ ᠲᠠᠯᠠᠪᠠᠢ᠎ᠵᠢ ᠲᠣᠭ᠍ᠲᠠᠪᠤᠷᠢᠵᠢᠭᠤᠯᠵᠤ᠂ ᠨᠢᠭᠡᠴᠢ᠎ᠶ᠋ᠢᠨ ᠤᠨᠠᠯᠲᠠ᠎ᠶ᠋ᠢ ᠳᠡᠭᠡᠭᠰᠢᠯᠡᠭᠦᠯᠦᠨ᠂ ᠠᠮᠤ ᠪᠤᠳᠠᠭᠠᠨ᠎ᠤ ᠤᠨᠠᠯᠲᠠ᠎ᠶ᠋ᠢ 1.4 ᠲᠦᠮᠡᠨ ᠳ᠋ᠦᠩᠱᠢᠭᠤᠷ ᠵᠢᠩ ᠣᠷᠴᠢᠮ᠎ᠳᠤ ᠲᠣᠭ᠍ᠲᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠤᠨᠠᠯᠲᠠ᠎ᠪᠠᠷ ᠭᠣᠣᠯᠯᠠᠭᠤᠯᠵᠤ ᠪᠠᠢᠭ᠍ᠰᠠᠨ᠎ᠢ ᠤᠨᠠᠯᠲᠠ ᠪᠠ ᠶᠠᠰᠤ ᠴᠢᠨᠠᠷ᠎ᠢ ᠵᠡᠷᠭᠡᠪᠡᠷ ᠴᠢᠬᠤᠯᠠᠴᠢᠯᠠᠬᠤ ᠲᠡᠢᠰᠢ ᠬᠤᠪᠢᠷᠠᠭᠤᠯᠵᠤ᠂ ᠭᠡᠷᠡᠭᠴᠡᠭᠡ ᠳ᠋ᠦ ᠵᠤᠬᠢᠴᠠᠭᠤᠯᠤᠬᠰᠠᠨ ᠪᠣᠷᠣᠯᠠᠭᠤᠯᠭ᠎ᠠ ᠵᠢᠨ ᠪᠦᠳᠦᠮᠵᠢᠳᠠᠢ ᠠᠷᠭ᠎ᠠ ᠵᠠᠮ ᠵᠢᠡᠷ ᠴᠢᠨᠠᠷ ᠰᠠᠢᠲᠠᠢ ᠦᠨ᠎ᠡ ᠬᠠᠨᠭᠰᠢ ᠰᠠᠢᠲᠠᠢ ᠪᠠᠢᠬᠤ᠎ᠶ᠋ᠢ ᠠᠬᠢᠭᠤᠯᠤᠨ᠎ᠠ᠃

ᠦᠢᠯᠡᠳᠪᠦᠷᠢᠯᠡᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠱᠢᠨ᠎ᠡ ᠨᠢᠭᠡ ᠡᠭᠡᠯᠵᠢ᠎ᠶ᠋ᠢᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠦᠴᠦᠯᠡᠨ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠰᠠᠭᠤᠷᠢ᠎ᠶ᠋ᠢ ᠪᠦᠬᠦ᠌ ᠲᠠᠯ᠎ᠠ᠎ᠪᠠᠷ ᠪᠡᠬᠢᠵᠢᠭᠦᠯᠦᠨ᠎ᠡ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠬᠤ᠎ᠶ᠋ᠢᠨ ᠬᠠᠮᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠣᠷᠣᠨ ᠬᠤᠪᠢᠶᠠᠨ ᠲᠥᠷᠥᠯ ᠬᠤᠪᠢᠶᠠᠨ ᠠᠬᠢᠭᠤᠯᠤᠨ᠎ᠠ᠃ ᠪᠠᠰᠠ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠎ᠶ᠋ᠢ ᠴᠢᠩᠭᠠᠳᠭᠠᠨ᠎ᠠ᠃ ᠬᠦᠳᠡᠭᠡ ᠠᠵᠤ ᠠᠬᠤᠢ᠎ᠵᠢᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠵᠤ᠂ ᠣᠨᠴᠠᠭᠠᠢ ᠴᠠᠭ ᠠᠭᠤᠷ᠎ᠢ ᠠᠷᠭᠠᠴᠡᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠭᠠᠮᠱᠢᠭ᠎ᠲᠠᠶ ᠲᠡᠮᠡᠴᠡᠵᠦ᠍ ᠡᠯᠪᠡᠭ ᠬᠤᠷᠢᠶᠠᠯᠲᠠ ᠤᠯᠬᠤ᠎ᠶ᠋ᠢ ᠦᠨᠡᠨ ᠬᠦ᠌ ᠪᠠᠲᠤᠯᠠᠨ᠎ᠠ᠃

ᠱᠢᠯᠵᠢᠯᠲᠡ᠎ᠶ᠋ᠢᠨ ᠬᠤᠭᠤᠴᠠᠭᠠᠨ᠎ᠤ ᠳᠠᠷᠠᠭ᠎ᠠ ᠪᠠᠢᠩᠭᠤᠵᠢᠭᠤᠯᠤᠨ ᠬᠠᠪᠰᠤᠷᠤᠨ ᠲᠡᠳᠬᠦᠬᠦ᠎ᠵᠢ ᠬᠡᠷᠡᠭᠵᠢᠭᠦᠯᠦᠨ᠎ᠡ

ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠵᠢ ᠤᠯᠤᠭᠰᠠᠨ᠎ᠤ ᠳᠠᠷᠠᠭ᠎ᠠ᠂ 5 ᠵᠢᠯ᠎ᠦᠨ ᠱᠢᠯᠵᠢᠯᠲᠡ᠎ᠶ᠋ᠢᠨ ᠬᠤᠭᠤᠴᠠᠭ᠎ᠠ᠎ᠶ᠋ᠢ ᠥᠩᠭᠡᠷᠡᠭᠡᠭᠡᠳ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ ᠨᠡᠩ ᠭᠦᠢᠴᠡᠳ ᠪᠣᠯᠪᠠ᠃ ᠬᠠᠨ ᠸᠸᠨ ᠱᠢᠦ᠂ ᠨᠠᠮ᠎ᠤᠨ ᠲᠥᠪ ᠬᠣᠷᠢᠢ᠎ᠠ᠎ᠡᠴᠡ ᠬᠣᠢᠱᠢᠳᠠ᠎ᠶ᠋ᠢᠨ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠶᠡᠷᠦᠩᠬᠡᠢ ᠱᠠᠭᠠᠷᠳᠠᠯᠭ᠎ᠠ᠎ᠶ᠋ᠢ ᠨᠢᠭᠡᠨᠲᠡ ᠲᠣᠳᠣᠷᠬᠠᠢᠯᠠᠵᠤ᠂ ᠪᠢᠴᠢᠭ ᠮᠠᠲᠧᠷᠢᠶᠠᠯ᠎ᠳᠤ ᠪᠣᠳᠠᠲᠠᠢ ᠲᠤᠬᠢᠷᠠᠭᠤᠯᠤᠯᠳᠠ ᠬᠢᠵᠦ᠍᠂ ᠡᠯ᠎ᠡ ᠵᠦᠢᠯ᠎ᠦᠨ ᠢᠵᠢ ᠪᠦᠷᠢᠳᠦᠬᠦᠯᠬᠦ᠌ ᠲᠦᠷᠦ᠍᠎ᠶ᠋ᠢᠨ ᠪᠤᠳᠤᠯᠭ᠎ᠠ᠎ᠶ᠋ᠢ ᠴᠤ᠌ ᠱᠠᠯᠠᠪᠳᠠᠨ ᠲᠣᠭ᠍ᠲᠠᠭᠠᠵᠤ ᠨᠡᠢᠲᠡᠯᠡᠪᠡ᠃ ᠭᠣᠣᠯᠳᠠᠭᠤ ᠳᠤᠤᠷᠠᠬᠢ ᠳᠦᠷᠪᠡᠨ ᠲᠠᠯ᠎ᠠ᠎ᠶ᠋ᠢ ᠰᠠᠢᠲᠤᠷ ᠡᠵᠡᠮᠳᠡᠬᠦ᠌ ᠬᠡᠷᠡᠭ᠌ᠲᠡᠢ᠄

ᠨᠢᠭᠡ᠎ᠳᠦ᠂ ᠬᠠᠪᠰᠤᠷᠤᠨ ᠲᠡᠳᠬᠦᠬᠦ᠌ ᠡᠲᠡᠭᠡᠳ᠎ᠦᠨ ᠲᠠᠯ᠎ᠠ᠎ᠪᠠᠷ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠬᠦ᠌ ᠡᠲᠡᠭᠡᠳ᠎ᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠬᠥᠳᠡᠭᠡ ᠲᠣᠰᠭᠣᠨ ᠬᠣᠶᠠᠷ ᠱᠠᠲᠤᠨ᠎ᠤ ᠪᠠᠢᠩᠭᠤᠵᠢᠭ᠍ᠰᠠᠨ ᠬᠢᠨᠠᠨ ᠬᠡᠮᠵᠢᠯᠲᠡ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠨᠣᠴᠠᠲᠠᠶ᠎ᠪᠠᠷ ᠢᠯᠭᠠᠨ ᠲᠠᠨᠢᠬᠤ ᠪᠠ ᠲᠦᠷᠭᠡᠨ ᠴᠤᠤᠷᠢᠶᠠᠲᠤᠨ ᠳᠠᠭᠠᠬᠤ ᠲᠣᠭ᠍ᠲᠡᠴᠡ᠎ᠶ᠋ᠢ ᠪᠦᠷᠢᠨᠱᠢᠭᠦᠯᠦᠨ᠎ᠡ᠃ ᠲᠦᠭ᠌ᠰᠢᠭᠦᠷᠢ᠎ᠶ᠋ᠢ ᠠᠷᠢᠯᠭᠠᠭ᠍ᠰᠠᠨ᠎ᠤ ᠳᠠᠷᠠᠭ᠎ᠠ᠂ ᠬᠥᠳᠡᠯᠦᠩᠭᠦᠶ᠎ᠪᠡᠷ ᠤᠬᠤᠷᠢᠨ ᠭᠠᠷᠬᠤ᠎ᠶ᠋ᠢ ᠬᠡᠷᠡᠭ᠌ᠵᠢᠭᠦᠯᠵᠦ᠍᠂ ᠪᠡᠶ᠎ᠡ᠎ᠶ᠋ᠢᠨ ᠭᠠᠷᠤᠯ᠎ᠤᠨ ᠲᠡᠮᠳᠡᠭ᠎ᠢ ᠬᠡᠪᠰᠢᠬᠦᠯᠬᠦ ᠦᠭᠡᠢ᠃

ᠬᠣᠶᠠᠷ᠎ᠲᠤ᠂ ᠬᠠᠪᠰᠤᠷᠤᠨ ᠲᠡᠳᠬᠦᠬᠦ᠌ ᠠᠷᠭ᠎ᠠ ᠮᠠᠶᠢᠭ᠎ᠤᠨ ᠲᠠᠯ᠎ᠠ᠎ᠪᠠᠷ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠢ ᠪᠠᠢᠬᠤ᠎ᠶ᠋ᠢ ᠲᠤᠪᠤᠢ᠌ᠯᠭᠠᠨ᠎ᠠ᠃ ᠨᠡᠭᠡᠭᠡᠨ ᠬᠥᠭ᠌ᠵᠢᠭᠦᠯᠬᠦ᠌ ᠬᠡᠯᠪᠡᠷᠢ᠎ᠶ᠋ᠢᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠠᠪᠤᠷᠠᠨ ᠲᠤᠰᠠᠯᠠᠯᠲᠠ᠎ᠶ᠋ᠢᠨ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠪᠠᠳᠠᠷᠠᠭᠤᠯᠵᠤ᠂ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠨ ᠬᠤᠷᠠᠭᠤᠯᠬᠤ᠎ᠶ᠋ᠢ ᠠᠬᠢᠭᠤᠯᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠬᠦᠴᠦᠯᠡᠨ ᠴᠢᠩᠭᠠᠳᠭᠠᠨ᠎ᠠ᠃

ᠭᠤᠷᠪᠠ᠎ᠳᠤ᠂ ᠬᠠᠪᠰᠤᠷᠤᠨ ᠲᠡᠳᠬᠦᠬᠦ᠌ ᠣᠷᠣᠨ ᠪᠦᠰᠡ᠎ᠶ᠋ᠢᠨ ᠲᠠᠯ᠎ᠠ᠎ᠪᠠᠷ ᠳᠠᠪᠬᠤᠷᠭ᠎ᠠ ᠬᠤᠪᠢᠶᠠᠨ ᠲᠥᠷᠥᠯ ᠬᠤᠪᠢᠶᠠᠬᠤ᠎ᠶ᠋ᠢ ᠴᠢᠬᠤᠯᠠᠴᠢᠯᠠᠨ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ᠎ᠢ ᠬᠥᠭ᠌ᠵᠢᠭᠡᠳᠦᠢ ᠭᠠᠵᠠᠷ ᠣᠷᠣᠨ᠎ᠤ ᠬᠠᠪᠰᠤᠷᠤᠨ ᠲᠡᠳᠬᠦᠬᠦ᠌ ᠨᠢᠭᠡᠴᠢ ᠪᠣᠯᠭᠠᠵᠤ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 160 ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ ᠪᠣᠯᠤᠨ ᠨᠢᠭᠡ ᠪᠦᠯᠦᠭ ᠮᠤᠵᠢ᠎ᠶ᠋ᠢᠨ ᠱᠠᠲᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ᠎ᠢ ᠲᠤᠰ ᠲᠤᠰ ᠲᠣᠭ᠍ᠲᠠᠭᠠᠵᠤ᠂ ᠡᠳ᠋᠎ᠦᠨ ᠵᠠᠰᠠᠭ᠂ ᠮᠥᠩᠭᠥᠨ ᠭᠦᠢᠯᠭᠡᠭᠡ᠂ ᠭᠠᠵᠠᠷ ᠱᠢᠷᠣᠢ᠂ ᠴᠢᠳᠠᠪᠤᠷᠢᠲᠠᠨ ᠵᠡᠷᠭᠡ ᠲᠠᠯ᠎ᠠ᠎ᠪᠠᠷ ᠦᠷᠭᠦᠯᠵᠢᠯᠡᠨ ᠲᠥᠪᠯᠡᠷᠡᠩᠭᠦᠢ ᠳᠡᠮᠵᠢᠯᠭᠡ ᠦᠵᠡᠭᠦᠯᠦᠨ᠎ᠡ᠃

ᠳᠥᠷᠪᠡ᠎ᠳᠦ᠂ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠡᠳ᠋᠎ᠦᠨ ᠵᠠᠰᠠᠭ᠎ᠤᠨ ᠣᠷᠣᠭᠤᠯᠤᠯᠲᠠ᠂ ᠮᠥᠩᠭᠥᠨ ᠭᠦᠶ᠋ᠯᠭᠡᠭᠡᠨ᠎ᠦ ᠳᠡᠮᠵᠢᠯᠭᠡ᠂ ᠡᠬᠢ ᠪᠠᠶᠠᠯᠢᠭ᠎ᠤᠨ ᠡᠯᠧᠮᠧᠨ᠋ᠲ᠎ᠦᠨ ᠲᠣᠬᠢᠷᠠᠭᠤᠯᠤᠯᠲᠠ ᠵᠡᠷᠭᠡ ᠲᠠᠯ᠎ᠠ᠎ᠪᠠᠷ᠂ ᠲᠥᠪ᠎ᠦᠨ ᠡᠳ᠋᠎ᠦᠨ ᠵᠠᠰᠠᠭ᠎ᠤᠨ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠪᠠᠯᠠ ᠮᠥᠩᠭᠥ᠎ᠶ᠋ᠢᠨ ᠬᠡᠪᠴᠢᠶ᠎ᠡ ᠵᠢᠴᠢ ᠮᠤᠵᠢ ᠬᠣᠲᠠ ᠬᠣᠶᠠᠷ ᠱᠠᠲᠤᠨ᠎ᠤ ᠣᠷᠣᠭᠤᠯᠤᠯᠲᠠ᠎ᠶ᠋ᠢᠨ ᠪᠠᠯᠠ ᠮᠥᠩᠭᠥ᠎ᠶ᠋ᠢᠨ ᠬᠡᠪᠴᠢᠶ᠎ᠡ᠎ᠶ᠋ᠢ ᠲᠣᠭ᠍ᠲᠠᠭᠤᠨ ᠪᠠᠢᠯᠭᠠᠨ᠎ᠠ ᠭᠡᠵᠦ ᠬᠡᠯᠡᠪᠡ᠃

ᠣᠢᠷ᠎ᠠ᠎ᠶ᠋ᠢᠨ ᠵᠢᠯ᠎ᠳᠦ᠂ ᠲᠠᠷᠢᠶᠠᠴᠢᠳ᠎ᠤᠨ ᠣᠷᠣᠯᠭ᠎ᠠ ᠲᠣᠭ᠍ᠲᠠᠭᠤᠨ᠎ᠢᠶᠠᠷ ᠨᠡᠮᠡᠭ᠌ᠳᠡᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠳᠠᠬᠢᠨ᠎ᠤ ᠵᠥᠷᠢᠶ᠎ᠡ ᠦᠷᠭᠦᠯᠵᠢᠯᠡᠨ ᠪᠠᠭᠠᠰᠪᠠ᠃ ᠡᠭᠦᠨ᠎ᠦ ᠵᠡᠷᠭᠡ᠎ᠳᠦ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠠᠢᠳᠠᠯ ᠲᠡᠢᠮᠦ᠍ ᠰᠠᠢᠨ ᠪᠢᠰᠢ ᠪᠠᠢᠬᠤ᠎ᠶ᠋ᠢ ᠣᠯᠵᠤ ᠬᠠᠷᠠᠬᠤ ᠬᠡᠷᠡᠭ᠌ᠲᠡᠶ᠃

ᠵᠦ᠍ ᠸᠧᠶ ᠳ᠋ᠦᠩ᠂ ᠪᠢᠴᠢᠭ ᠮᠠᠲ᠋ᠧᠷᠢᠶᠠᠯ᠎ᠳᠤ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ᠎ᠶ᠋ᠢ ᠴᠢᠬᠤᠯᠠ ᠪᠠᠢᠷᠢᠨ᠎ᠳᠤ ᠲᠠᠯᠪᠢᠵᠤ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ᠍ ᠠᠮᠤ ᠪᠤᠳᠠᠭ᠎ᠠ ᠳᠠᠷᠢᠬᠤ ᠠᠱᠢᠭ ᠣᠷᠣᠯᠭ᠎ᠠ᠎ᠶ᠋ᠢ ᠲᠣᠭ᠍ᠲᠠᠪᠤᠷᠢᠵᠢᠭᠤᠯᠬᠤ᠂ ᠱᠢᠶᠠᠨ᠎ᠤ ᠬᠡᠪᠴᠢᠶᠡᠨ᠎ᠳᠡᠬᠢ ᠠᠷᠠᠳ᠎ᠢ ᠪᠠᠶᠠᠵᠢᠭᠤᠯᠬᠤ ᠠᠵᠤ ᠦᠶ᠋ᠯᠡᠰ᠎ᠢ ᠬᠥᠭ᠌ᠵᠢᠭᠦᠯᠦᠨ ᠪᠤᠵᠠᠭᠠᠢᠷᠠᠭᠤᠯᠬᠤ᠂ ᠬᠥᠯᠥᠰᠥᠨ ᠠᠵᠢᠯᠴᠢᠨ᠎ᠤ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠤᠯᠬᠤ᠎ᠶ᠋ᠢ ᠠᠬᠢᠭᠤᠯᠬᠤ᠂ ᠬᠥᠳᠡᠭᠡ ᠲᠣᠰᠭᠣᠨ᠎ᠤ ᠰᠤᠯᠠ ᠪᠠᠢᠭ᠎ᠠ ᠡᠬᠢ ᠪᠠᠶᠠᠯᠢᠭ ᠡᠳ᠋ ᠬᠥᠷᠥᠩᠭᠡ᠎ᠶ᠋ᠢ ᠠᠮᠢᠳᠤᠯᠢᠭ ᠪᠣᠯᠭᠠᠨ ᠰᠠᠢᠲᠤᠷ ᠬᠡᠷᠡᠭ᠌ᠯᠡᠬᠦ᠌ ᠵᠡᠷᠭᠡ ᠲᠠᠯ᠎ᠠ᠎ᠪᠠᠷ ᠣᠷᠣᠯᠭ᠎ᠠ᠎ᠶ᠋ᠢ ᠨᠡᠮᠡᠭ᠌ᠳᠡᠭᠦᠯᠬᠦ᠌ ᠬᠠᠮ ᠠᠷᠭ᠎ᠠ ᠬᠡᠮᠵᠢᠶ᠎ᠡ ᠳᠤᠷᠠᠳᠴᠤ᠌᠂ ᠨᠢᠭᠡ ᠢᠵᠢ ᠲᠥᠷᠥ᠎ᠶ᠋ᠢᠨ ᠪᠣᠳᠣᠯᠭ᠎ᠠ᠎ᠶ᠋ᠢᠨ 《ᠬᠠᠮ ᠠᠷᠭ᠎ᠠ ᠬᠡᠮᠵᠢᠶ᠎ᠡ》 ᠭᠠᠷᠭᠠᠵᠠᠢ ᠭᠡᠵᠦ ᠢᠯᠡᠳᠭᠡᠪᠡ᠃

ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠲᠦᠷᠭᠡᠨ ᠨᠥᠬᠥᠪᠥᠷᠢᠯᠡᠨ᠎ᠡ

ᠵᠦ᠍ ᠸᠧᠶ ᠳ᠋ᠦᠩ᠂ ᠲᠣᠰ ᠭᠠᠵᠠᠷ᠎ᠤᠷᠤᠨ ᠤ᠋ ᠪᠣᠳᠠᠲᠤ ᠪᠠᠢᠳᠠᠯ᠎ᠡᠴᠡ ᠡᠭᠦᠰᠴᠦ᠍᠂ ᠲᠠᠷᠢᠶᠠᠴᠢᠨ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠡᠴᠡ ᠡᠭᠦᠰᠴᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠣᠷᠣᠱᠢᠨ ᠠᠮᠢᠳᠤᠷᠠᠬᠤ ᠦᠶ᠋ᠯᠡᠰ ᠪᠤᠰᠬᠠᠬᠤ᠎ᠳᠤ ᠲᠤᠬᠢᠷᠠᠬᠤ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ ᠬᠡᠵᠤ ᠢᠯᠡᠳᠬᠡᠪᠡ᠃

《ᠣᠳᠣᠬᠠᠨ᠎ᠳᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠬᠥᠳᠡᠭᠡ ᠲᠣᠰᠭᠣᠨ᠎ᠤ ᠬᠥᠮᠦᠨ ᠠᠮᠠ᠎ᠶ᠋ᠢᠨ ᠬᠣᠲᠠ ᠪᠠᠯᠭᠠᠰᠤ ᠳᠠᠢᠰᠢ ᠱᠢᠯᠵᠢᠬᠦ᠌ ᠨᠢ ᠮᠥᠨ ᠯᠡ ᠶᠡᠬᠡ ᠬᠠᠨᠳᠤᠰᠢ ᠪᠣᠯᠵᠣ᠂ ᠠᠢᠯ ᠲᠣᠰᠭᠣᠨ᠎ᠤ ᠬᠥᠭ᠌ᠵᠢᠯᠲᠡ ᠮᠥᠨ ᠯᠡ ᠵᠠᠳᠠᠷᠠᠵᠤ ᠪᠠᠢᠨ᠎ᠠ》᠃ ᠲᠡᠷᠡ᠂ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠲᠣᠰᠭᠣᠨ ᠪᠠᠯᠭᠠᠰᠤᠨ᠎ᠤ ᠪᠠᠢᠷᠢᠱᠢᠯ᠎ᠢ ᠨᠢᠭᠡᠳᠦᠯᠲᠡᠶ ᠲᠥᠯᠥᠪᠵᠢᠬᠦᠯᠤᠨ ᠱᠢᠯᠢᠳᠡᠭ᠌ᠵᠢᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠭᠤᠤᠯᠳᠠᠯᠭ᠎ᠠ ᠪᠠ ᠤᠷᠢᠳ᠎ᠢᠶᠠᠷ ᠬᠢᠬᠦ᠌ ᠲᠠᠰ ᠳᠠᠷᠠᠭᠠᠯᠠᠯ᠎ᠢ ᠵᠦᠶ ᠵᠣᠬᠢᠰᠲᠠᠶ ᠲᠣᠭ᠍ᠲᠠᠭᠠᠬᠤ ᠬᠡᠷᠡᠭ᠌ᠲᠡᠶ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠦᠷᠦᠯ ᠬᠤᠪᠢᠶᠠᠨ ᠡᠮᠬᠢ ᠵᠢᠷᠤᠮ᠎ᠲᠠᠶ᠂ ᠬᠡᠰᠡᠭ ᠲᠣᠭᠣᠷᠢᠭ᠍ᠵᠢᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠪᠦᠲᠦᠮᠵᠢ ᠦᠭᠡᠢ ᠣᠷᠣᠭᠤᠯᠤᠯᠲᠠ᠎ᠡᠴᠡ ᠪᠤᠯᠵᠤ ᠪᠦᠷᠢᠯᠭᠡᠨ ᠰᠦᠢᠳᠭᠡᠬᠦ᠌᠎ᠡᠴᠡ ᠵᠠᠢᠯᠠᠰᠭᠢᠬᠦ᠌ ᠬᠡᠷᠡᠭ᠌ᠲᠡᠢ ᠬᠡᠵᠤ ᠬᠡᠯᠡᠪᠡ᠃

ᠵᠦ᠍ ᠸᠧᠢ ᠳ᠋ᠦᠩ᠂ ᠪᠠᠰᠠ ᠰᠠᠭᠤᠷᠢ ᠲᠥᠬᠥᠭᠡᠷᠦᠮᠵᠢ᠎ᠶ᠋ᠢᠨ ᠪᠦᠷᠢᠨ ᠲᠡᠭᠦᠯᠳᠡᠷ᠎ᠦᠨ ᠬᠡᠮᠵᠢᠢ᠎ᠡ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠬᠦᠮ᠎ᠦᠨ ᠬᠡᠮᠵᠢᠶ᠎ᠡ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠤ ᠲᠠᠭᠠᠯᠠᠮᠵᠢᠲᠠᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠥᠳᠡᠭᠡ ᠲᠣᠰᠭᠣᠨ᠎ᠤ ᠰᠠᠭᠤᠷᠢ ᠲᠥᠬᠥᠭᠡᠷᠦᠮᠵᠢ᠎ᠶ᠋ᠢ ᠰᠠᠢᠲᠤᠷ ᠪᠦᠳᠦᠭᠡᠨ ᠪᠠᠢᠭᠤᠯᠵᠤ᠂ ᠬᠥᠳᠡᠭᠡ ᠲᠣᠰᠭᠣᠨ᠎ᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠠᠮ ᠬᠠᠷᠢᠯᠴᠠᠭ᠎ᠠ ᠵᠡᠷᠭᠡ ᠲᠤᠪᠤᠢ᠌ᠮ᠎ᠠ ᠳᠤᠲᠠᠭᠤᠳᠠᠯ᠎ᠢ ᠰᠠᠢᠲᠤᠷ ᠱᠢᠢᠳᠪᠦᠷᠢᠯᠡᠵᠦ᠍᠂ ᠨᠥᠬᠥᠴᠡᠯ᠎ᠲᠡᠶ ᠨᠢ ᠪᠠᠰᠠ ᠲᠡᠰ ᠳᠡᠪᠱᠢᠭᠦᠯᠦᠨ ᠥᠷᠭᠡᠳᠭᠡᠬᠦ᠌ ᠬᠡᠷᠡᠭ᠌ᠲᠡᠢ ᠬᠡᠵᠤ ᠬᠡᠯᠡᠪᠡ᠃

ᠲᠠᠷᠢᠶᠠᠴᠢᠨ ᠲᠦᠮᠡᠨ᠎ᠦ ᠰᠤᠷᠭᠠᠭᠤᠯᠢ᠎ᠳᠤ ᠰᠠᠭᠤᠬᠤ᠂ ᠡᠪᠡᠳᠴᠢᠨ ᠦᠵᠡᠭᠦᠯᠬᠦ᠌᠂ ᠨᠠᠰᠤᠵᠢᠯ᠎ᠤᠨ ᠠᠰᠠᠷᠠᠮᠵᠢ ᠵᠡᠷᠭᠡ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠪᠡᠷ ᠭᠤᠤᠯᠯᠠᠭᠤᠯᠤᠨ᠂ ᠪᠢᠴᠢᠭ ᠮᠠᠲ᠋ᠧᠷᠢᠶᠠᠯ᠎ᠳᠤ ᠵᠣᠬᠢᠴᠠᠩᠭᠤᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃

ᠰᠤᠷᠭᠠᠨ ᠬᠥᠮᠦᠵᠢᠯ᠎ᠦᠨ ᠲᠠᠯ᠎ᠠ᠎ᠪᠠᠷ᠂ ᠬᠥᠳᠡᠭᠡ ᠲᠣᠰᠭᠣᠨ᠎ᠤ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ᠎ᠦᠨ ᠴᠡᠴᠡᠷᠯᠢᠭ᠎ᠦᠨ ᠪᠠᠢᠷᠢᠱᠢᠯ᠎ᠢ ᠯᠠᠪᠳᠠᠭᠤᠨ ᠪᠣᠯᠭᠣᠮᠵᠢᠲᠠᠢ ᠱᠢᠯᠢᠳᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠦ ᠪᠠᠭ᠍ᠰᠢ᠎ᠶ᠋ᠢᠨ ᠡᠩᠨᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠎ᠶ᠋ᠢ ᠴᠢᠩᠭᠠᠳᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ;

ᠡᠮᠴᠢᠯᠡᠭᠡᠨ᠎ᠦ ᠲᠠᠯ᠎ᠠ᠎ᠪᠠᠷ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠴᠢᠩᠭᠠᠳᠭᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠱᠢᠶᠠᠨ ᠱᠢᠶᠠᠩ ᠲᠣᠰᠭᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠬᠡᠷᠡᠭ᠌ᠯᠡᠬᠦ᠌ ᠬᠠᠷᠢᠴᠠᠯ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠣᠶᠤᠲᠠᠨ ᠬᠥᠳᠡᠭᠡ ᠲᠣᠰᠭᠣᠨ᠎ᠤ ᠡᠮᠴᠢ᠎ᠶ᠋ᠢᠨ ᠲᠤᠰᠭᠠᠶ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ;

ᠨᠠᠰᠤᠵᠢᠯ᠎ᠤᠨ ᠠᠰᠠᠷᠠᠮᠵᠢ ᠵᠢᠨ ᠲᠠᠯ᠎ᠠ᠎ᠪᠠᠷ᠂ ᠬᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ᠎ᠢ ᠠᠰᠠᠷᠠᠬᠤ᠎ᠪᠠᠷ ᠰᠠᠭᠤᠷᠢ ᠪᠣᠯᠭᠠᠵᠤ᠂ ᠨᠥᠬᠥᠴᠡᠯ᠎ᠲᠡᠶ ᠭᠠᠵᠠᠷ ᠣᠷᠣᠨ᠎ᠤ᠎ᠬᠢᠨ᠎ᠦ ᠬᠣᠭᠣᠯᠠ᠎ᠶ᠋ᠢ ᠲᠤᠰᠠᠯᠠᠬᠤ ᠦᠶ᠋ᠯᠡᠴᠢᠯᠡᠭᠡ᠂ ᠡᠳᠦᠷ ᠲᠤᠲᠤᠮ᠎ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ ᠵᠡᠷᠭᠡ ᠨᠠᠰᠤᠵᠢᠯ᠎ᠤᠨ ᠦᠶ᠋ᠯᠡᠴᠢᠯᠡᠭᠡ᠎ᠶ᠋ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃

ᠱᠢᠨ᠎ᠡ ᠪᠠᠢᠳᠠᠯ ᠱᠢᠨ᠎ᠡ ᠬᠠᠨᠳᠤᠰᠢ᠎ᠳᠤ ᠵᠣᠬᠢᠴᠠᠭᠤᠯᠤᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ

《ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠶᠠᠪᠤᠴᠠ᠎ᠳᠤ᠂ ᠬᠥᠳᠡᠭᠡ ᠲᠣᠰᠭᠣᠨ᠎ᠤ ᠤᠯᠠᠮᠵᠢᠯᠠᠯᠲᠤ ᠲᠠᠨᠢᠯ ᠬᠥᠮᠦᠨ᠎ᠦ ᠨᠡᠢᠭᠡᠮ᠂ ᠨᠤᠲᠤᠭ᠎ᠤᠨ ᠡᠮᠬᠢ ᠳᠢᠭ᠌ᠯᠢᠮ ᠪᠣᠯᠤᠨ ᠤᠳᠤ ᠦᠶ᠎ᠡ᠎ᠶ᠋ᠢᠨ ᠡᠯᠧᠮᠧᠨ᠋ᠲ᠎ᠢ ᠨᠡᠢᠳᠭᠡᠵᠦ᠍ ᠲᠠᠬᠢᠨ ᠪᠠᠢᠭᠤᠯᠬᠤ ᠶᠠᠪᠤᠴᠠ ᠳᠠᠭᠠᠯᠳᠤᠳᠠᠭ》᠃ ᠬᠠᠨ ᠸᠸᠨ ᠱᠢᠤ᠂ ᠣᠳᠣᠬᠠᠨ᠎ᠳᠤ ᠲᠠᠷᠢᠶᠠᠴᠢᠳ᠎ᠤᠨ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ ᠪᠠ ᠦᠵᠡᠯ ᠰᠠᠨᠠᠭ᠎ᠠ ᠦᠵᠡᠯᠲᠡ᠎ᠳᠦ ᠮᠠᠰᠢ ᠶᠡᠬᠡ ᠬᠤᠪᠢᠷᠠᠯᠲᠠ ᠭᠠᠷᠴᠤ᠌᠂ ᠬᠥᠳᠡᠭᠡ ᠲᠣᠰᠭᠣᠨ᠎ᠤ ᠵᠠᠰᠠᠯᠲᠠ᠎ᠶ᠋ᠢᠨ ᠪᠤᠳᠤᠯᠢᠶᠠᠨᠲᠤ ᠴᠢᠨᠠᠷ ᠴᠤ᠌ ᠢᠯᠡᠳᠲᠡ ᠨᠡᠮᠡᠭ᠌ᠳᠡᠵᠦ᠍ ᠪᠠᠢᠬᠤ ᠪᠣᠯᠬᠣᠷ ᠨᠠᠮ᠎ᠤᠨ ᠤᠳᠤᠷᠢᠳᠤᠯᠭ᠎ᠠ᠎ᠵᠢ ᠤᠯᠠᠮ ᠨᠢᠭᠡ ᠠᠯᠬᠤᠮ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠪᠡᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠪᠢᠴᠢᠭ ᠮᠠᠲ᠋ᠧᠷᠢᠶᠠᠯ᠎ᠳᠤ ᠬᠠᠨᠳᠤᠯᠭᠠᠲᠤ ᠴᠢᠨᠠᠷᠲᠠᠶ ᠪᠠᠢᠷᠢᠯᠠᠭᠤᠯᠤᠯᠲᠠ ᠬᠢᠵᠡᠶ ᠭᠡᠵᠤ ᠢᠯᠡᠳᠬᠡᠪᠡ᠃

ᠲᠡᠷᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠣᠳᠠᠲᠠᠢ ᠠᠳᠭᠤᠵᠤ ᠪᠣᠳᠠᠲᠠᠢ ᠪᠠᠢᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠢ᠃ ᠱᠢᠶᠠᠩ ᠪᠠᠯᠭᠠᠰᠤ᠎ᠶ᠋ᠢᠨ ᠤᠳᠤᠷᠢᠳᠭᠤ ᠪᠠᠭ᠎ᠲᠤ ᠱᠢᠯᠢᠳᠡᠭ ᠢ᠋ ᠰᠤᠩᠭᠤᠵᠤ ᠬᠦᠴᠦᠷᠬᠡᠭ᠎ᠢ ᠲᠣᠬᠢᠷᠠᠭᠤᠯᠵᠤ᠂ ᠲᠣᠰᠭᠣᠨ᠎ᠤ 《ᠬᠣᠶᠠᠷ ᠵᠥᠪᠯᠡᠯ》 ᠎ᠤ᠋ᠨ ᠪᠠᠭ ᠢᠯᠠᠩᠭᠤᠶ᠎ᠠ ᠳᠠᠭᠠᠭᠤᠯᠤᠭ᠍ᠴᠢ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠶ᠃ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠯᠡᠵᠦ᠍ ᠡᠨ᠋ᠸᠷᠬᠢ ᠣᠯᠭᠣᠬᠤ ᠬᠡᠷᠡᠭ᠌ᠲᠡᠶ᠃

ᠵᠠᠰᠠᠯᠲᠠ᠎ᠶ᠋ᠢᠨ ᠠᠷᠭ᠎ᠠ ᠬᠡᠯᠪᠡᠷᠢ᠎ᠶ᠋ᠢ ᠱᠢᠨᠡᠴᠢᠯᠡᠨ ᠲᠡᠭᠦᠯᠳᠡᠷᠵᠢᠭᠦᠯᠬᠦ ᠭᠡᠷᠡᠭᠳᠠᠢ᠃ ᠤᠯᠠᠮᠵᠢᠯᠠᠯᠲᠤ ᠵᠠᠰᠠᠯᠲᠠ᠎ᠶ᠋ᠢᠨ ᠡᠬᠢ ᠪᠠᠶᠠᠯᠢᠭ᠎ᠢ ᠤᠳᠤ ᠦᠶ᠎ᠡ᠎ᠶ᠋ᠢᠨ ᠵᠠᠰᠠᠯᠲᠠ᠎ᠶ᠋ᠢᠨ ᠠᠷᠭ᠎ᠠ ᠪᠠᠷᠢᠯ᠎ᠲᠠᠶ ᠪᠦᠲᠦᠮᠵᠢᠲᠡᠢ ᠤᠶᠠᠯᠳᠤᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠭ᠍ᠰᠠᠨ ᠥᠪᠡᠷᠲᠡᠭᠡᠨ ᠵᠠᠰᠠᠬᠤ ᠬᠠᠤᠯᠢ᠎ᠪᠠᠷ ᠵᠠᠰᠠᠬᠤ ᠮᠤᠷᠠᠯ ᠵᠢᠨᠷ ᠵᠠᠰᠠᠬᠤ᠎ᠶ᠋ᠢ ᠤᠶᠠᠯᠳᠤᠭᠤᠯᠬᠤ ᠪᠦᠲᠦᠮᠵᠢᠲᠡᠢ ᠬᠡᠯᠪᠡᠷᠢ᠎ᠶ᠋ᠢ ᠬᠠᠢᠨ ᠰᠦᠪᠡᠭ᠌ᠴᠢᠯᠡᠬᠦ᠌ ᠬᠡᠷᠡᠭ᠌ᠲᠡᠢ᠃

ᠬᠥᠳᠡᠭᠡ ᠲᠣᠰᠭᠣᠨ᠎ᠤ ᠬᠡᠪ ᠵᠠᠩᠱᠢᠯ᠎ᠢ ᠥᠭᠡᠷᠡᠴᠢᠯᠡᠬᠦ᠌᠎ᠶ᠋ᠢ ᠭᠦᠨᠵᠡᠭᠡᠶ ᠠᠬᠢᠭᠤᠯᠬᠤ ᠭᠡᠷᠡᠭᠳᠠᠢ᠃ ᠪᠣᠯᠪᠠᠰᠤᠨ ᠱᠢᠨ᠎ᠡ ᠰᠤᠷᠲᠠᠯ᠎ᠢ ᠪᠣᠶ ᠪᠣᠯᠭᠠᠨ᠎ᠠ — ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠤᠨ ᠦᠶ᠋ᠯᠡᠳᠦᠯᠭᠡᠵᠢᠭᠦᠯᠵᠦ᠍᠂ ᠬᠥᠳᠡᠭᠡ ᠲᠣᠰᠭᠣᠨ᠎ᠤ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠥᠭᠡᠳᠡᠷᠬᠡᠭ ᠴᠠᠢᠯᠭᠠᠨ ᠬᠥᠳᠡᠭᠡ ᠲᠣᠰᠭᠣᠨ᠎ᠤ ᠶᠣᠰᠣ ᠰᠤᠷᠲᠠᠬᠤᠨ᠎ᠤ ᠬᠡᠪ ᠰᠤᠷᠲᠠᠯ᠎ᠢ ᠪᠣᠶ ᠪᠣᠯᠭᠠᠬᠤ ᠭᠡᠷᠡᠭᠳᠠᠢ; ᠵᠠᠩ ᠳᠠᠳᠭᠠᠯ᠎ᠢ ᠥᠭᠡᠷᠡᠴᠢᠯᠡᠬᠦ᠌᠎ᠶ᠋ᠢ ᠠᠳᠭᠤᠨ᠎ᠠ — ᠨᠠᠮ᠎ᠤᠨ ᠭᠡᠱᠢᠭᠦᠨ ᠺᠠᠳ᠋ᠷ᠎ᠤᠨ ᠳᠠᠭᠠᠭᠤᠯᠬᠤ ᠦᠢᠯᠡᠳᠦᠯ ᠪᠠ ᠲᠣᠰᠭᠣᠨ᠎ᠤ ᠲᠣᠭ᠍ᠲᠠᠭᠠᠯ ᠠᠷᠠᠳ᠎ᠤᠨ ᠭᠡᠷ᠎ᠡ᠎ᠶ᠋ᠢᠨ ᠬᠥᠲᠥᠯᠥᠨ ᠵᠢᠯᠣᠭᠣᠳᠭᠤ ᠦᠶ᠋ᠯᠡᠳᠦᠯ᠎ᠢ ᠪᠠᠳᠠᠷᠠᠭᠤᠯᠵᠤ᠂ ᠬᠢᠵᠠᠭᠠᠷᠯᠠᠬᠤ ᠴᠢᠨᠠᠷᠲᠠᠶ ᠵᠢᠷᠤᠮᠵᠢᠯ ᠪᠠ ᠰᠠᠨᠠᠭᠠᠴᠢᠯᠠᠬᠤ ᠴᠢᠨᠠᠷᠲᠠᠶ ᠪᠠᠷᠢᠮᠵᠢᠶ᠎ᠠ᠎ᠶ᠋ᠢ ᠲᠣᠳᠣᠷᠬᠠᠢᠯᠠᠬᠤ ᠬᠡᠷᠡᠭ᠌ᠲᠡᠶ ᠬᠡᠵᠤ ᠬᠡᠯᠡᠪᠡ᠃

ᠬᠠᠨ ᠸᠸᠨ ᠱᠢᠦ ᠪᠠᠰᠠ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠡᠶ᠎ᠡ ᠵᠣᠬᠢᠴᠠᠩᠭᠤᠢ ᠲᠣᠭ᠍ᠲᠠᠭᠤᠨ ᠨᠡᠢᠭᠡᠮ᠎ᠦᠨ ᠣᠷᠴᠢᠨ ᠲᠣᠭᠣᠷᠢᠨ ᠡᠴᠡ ᠰᠠᠯᠵᠤ ᠴᠢᠳᠠᠬᠤ ᠦᠭᠡᠢ᠃ ᠵᠥᠷᠢᠴᠡᠯ ᠵᠠᠭᠤᠷᠠᠯᠳᠤᠭᠠᠨ᠎ᠢ ᠴᠠᠭ ᠲᠤᠬᠠᠢ᠎ᠳᠤᠨᠢ ᠡᠶᠡᠳᠡᠭᠦᠯᠦᠨ ᠱᠢᠢᠳᠪᠦᠷᠢᠯᠡᠵᠦ᠍᠂ ᠬᠥᠳᠡᠭᠡ ᠲᠣᠰᠭᠣᠨ᠎ᠤ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠣᠣᠷ᠎ᠢ ᠨᠢᠭ᠍ᠲᠠ ᠰᠦᠯᠵᠢᠵᠦ᠍᠂ ᠲᠣᠭ᠍ᠲᠠᠭᠤᠨ ᠠᠮᠤᠷ ᠠᠮᠤᠭᠤᠯᠠᠩ ᠨᠡᠢᠭᠡᠮ᠎ᠦᠨ ᠣᠷᠴᠢᠨ ᠨᠥᠬᠥᠴᠡᠯ᠎ᠢ ᠴᠢᠷᠮᠠᠢᠨ ᠪᠤᠢ ᠪᠣᠯᠭᠠᠬᠤ ᠬᠡᠷᠡᠭ᠌ᠲᠡᠢ ᠬᠡᠵᠤ ᠢᠯᠡᠳᠬᠡᠪᠡ᠃

(ᠱᠢᠨᠬᠤᠸᠠ ᠬᠣᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号