ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠡᠴᠡ ᠣᠢᠯᠠᠭᠠᠭ᠍ᠰᠠᠨ᠎ᠵᠢᠡᠷ᠂ 2 ᠰᠠᠷ᠎ᠠ᠎ᠶ᠋ᠢᠨ 7᠎ᠤ᠋ ᠡᠳᠦᠷ ᠡᠴᠡ ᠡᠬᠢᠯᠡᠨ 2 ᠰᠠᠷ᠎ᠠ᠎ᠶ᠋ᠢᠨ 21 ᠤ᠋ ᠡᠳᠦᠷ (ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ) ᠤ᠋ᠨ ᠲᠡᠷᠭᠡᠨ ᠪᠢᠯᠧᠲ᠎ᠢ ᠬᠤᠳᠠᠯᠳᠤᠨ᠎ᠠ᠃ 2 ᠰᠠᠷ᠎ᠠ᠎ᠶ᠋ᠢᠨ 7᠎ᠤ᠋ ᠡᠳᠦᠷ᠎ᠦᠨ 8 ᠴᠠᠭ ᠪᠣᠯᠲᠠᠯ᠎ᠠ᠂ ᠲᠡᠮᠦᠷ ᠵᠠᠮ᠎ᠤᠨ 12306 ᠨᠢ ᠭᠠᠯᠲᠤ ᠲᠡᠷᠭᠡᠨ᠎ᠦ ᠪᠢᠯᠧᠲ᠎ᠢ ᠨᠡᠢᠲᠡ 1.4 ᠳ᠋ᠦᠩᠱᠢᠭᠤᠷ ᠬᠤᠳᠠᠯᠳᠤᠭ᠍ᠰᠠᠨ ᠪᠠᠢᠨ᠎ᠠ᠃
ᠪᠦᠷᠢᠳᠭᠡᠯ᠎ᠢ ᠦᠨᠳᠦᠰᠦᠯᠡᠪᠡᠯ᠂ 2 ᠰᠠᠷ᠎ᠠ᠎ᠶ᠋ᠢᠨ 7 ᠤ᠋ ᠡᠳᠦᠷ ᠪᠥᠬᠥ᠌ ᠤᠯᠤᠰ᠎ᠤᠨ ᠲᠡᠮᠦᠷ ᠵᠠᠮ ᠵᠢᠱ᠌ᠢᠯᠲᠡ᠎ᠪᠡᠷ ᠠᠶᠠᠨᠴᠢᠳ᠎ᠢ 1380 ᠲᠦᠮᠡᠨ ᠬᠥᠮᠦᠨ ᠤᠳᠠᠭ᠎ᠠ ᠵᠦᠭᠡᠭᠡᠪᠦᠷᠢᠯᠡᠵᠦ᠂ ᠠᠶᠠᠨᠴᠢᠳ᠎ᠤᠨ ᠴᠤᠪᠤᠭ᠎ᠠ ᠲᠡᠷᠭᠡ᠎ᠶ᠋ᠢ 1249 ᠨᠡᠮᠡᠬᠦ᠌᠎ᠪᠡᠷ ᠲᠥᠯᠥᠪᠯᠡᠵᠦ᠍ ᠪᠠᠢᠨ᠎ᠠ᠃ 2 ᠰᠠᠷ᠎ᠠ᠎ᠶ᠋ᠢᠨ 6 ᠤ᠋ ᠡᠳᠦᠷ᠂ ᠪᠥᠬᠥ᠌ ᠤᠯᠤᠰ᠎ᠤᠨ ᠲᠡᠮᠦᠷ ᠵᠠᠮ ᠠᠶᠠᠨᠴᠢᠳ᠎ᠢ 1284.5 ᠲᠦᠮᠡᠨ ᠬᠥᠮᠦᠨ ᠤᠳᠠᠭ᠎ᠠ ᠵᠦᠭᠡᠭᠡᠪᠦᠷᠢᠯᠡᠵᠦ᠂ 5 ᠡᠳᠦᠷ ᠳᠠᠷᠠᠭᠠᠯᠠᠨ ᠵᠦᠭᠡᠭᠡᠪᠦᠷᠢᠯᠡᠭᠰᠡᠨ ᠬᠥᠮᠦᠨ᠎ᠦ ᠲᠣᠭ᠎ᠠ ᠮᠢᠩᠭᠠᠨ ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠵᠦᠭᠡᠭᠡᠪᠦᠷᠢ᠎ᠨᠢ ᠠᠮᠤᠷ ᠲᠦᠪᠱᠢᠨ ᠪᠥᠭᠡᠳ ᠡᠮᠬᠢ ᠵᠢᠷᠤᠮ᠎ᠲᠠᠶ ᠶᠠᠪᠤᠭ᠍ᠳᠠᠪᠠ᠃
ᠡᠯ᠎ᠡ ᠭᠠᠵᠠᠷ᠎ᠤᠨ ᠲᠡᠮᠦᠷ ᠵᠠᠮ᠎ᠤᠨ ᠰᠠᠯᠠᠭ᠎ᠠ ᠮᠥᠴᠢᠷ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠠᠶᠠᠨᠴᠢᠳ᠎ᠤᠨ ᠪᠠᠢᠳᠠᠯ᠎ᠢ ᠨᠢᠭ᠍ᠲᠠ ᠠᠩᠬᠠᠷᠴᠤ᠌᠂ ᠲᠡᠮᠦᠷ ᠵᠠᠮ᠎ᠤᠨ 12306ᠵᠢᠨ ᠲᠣᠮᠣ ᠳ᠋ᠠᠢᠲ᠋ᠠ᠎ᠶ᠋ᠢ ᠬᠥᠳᠡᠯᠦᠩᠭᠦᠶ᠎ᠪᠡᠷ ᠵᠠᠳᠠᠯᠤᠨ ᠱᠢᠨᠵᠢᠯᠡᠵᠦ᠍᠂ ᠬᠠᠯᠠᠮᠱᠢᠯ ᠴᠢᠭ᠌ᠯᠡᠯ ᠪᠤᠯᠤᠨ ᠤᠷᠤᠨ ᠵᠠᠢ᠎ᠵᠢᠨ ᠬᠤᠭᠤᠷᠤᠨᠳᠤ ᠴᠠᠭ ᠲᠤᠬᠠᠢ ᠳ᠋ᠤᠨᠢ ᠵᠦᠭᠡᠭᠡᠪᠦᠷᠢ᠎ᠵᠢᠨ ᠬᠦᠴᠦᠨ᠎ᠢ ᠨᠡᠮᠡᠭᠳᠡᠭᠦᠯᠵᠦ᠂ ᠠᠶᠠᠨᠴᠢᠳ᠎ᠤᠨ ᠭᠠᠳᠠᠭᠰᠢ ᠭᠠᠷᠬᠤ ᠳ᠋ᠤ ᠦᠶ᠋ᠯᠡᠴᠢᠯᠡᠬᠦ᠌ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠵᠦ᠍ ᠪᠠᠢᠨ᠎ᠠ᠃ ᠤᠯᠤᠰ᠎ᠤᠨ ᠲᠡᠮᠦᠷ ᠵᠠᠮ᠎ᠤᠨ ᠪᠡᠭᠡᠵᠢᠩ᠎ᠦᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠪᠡᠭᠡᠵᠢᠩ᠎ᠦᠨ ᠲᠦᠩ ᠵᠧᠸ᠋ ᠥᠷᠲᠡᠭᠡ᠎ᠨᠢ ᠰᠠᠢᠨ ᠳᠤᠷᠠᠴᠤᠳ᠎ᠢ ᠵᠣᠬᠢᠶᠠᠨ ᠪᠠᠢᠭᠤᠯᠤᠨ ᠥᠷᠲᠡᠭᠡᠨ᠎ᠳᠦ ᠣᠷᠣᠬᠤ ᠡᠭᠦᠳᠡ᠂ ᠲᠡᠷᠭᠡ ᠬᠦᠯᠢᠶᠡᠬᠦ᠌ ᠲᠠᠰᠤᠭ ᠵᠡᠷᠭᠡ ᠵᠠᠩᠭᠢᠯᠠᠭ᠎ᠠ᠎ᠶ᠋ᠢᠨ ᠭᠠᠵᠠᠷ᠎ᠲᠤ ᠵᠥᠪᠯᠡᠯᠭᠡ ᠥᠭ᠌ᠴᠦ ᠬᠥᠲᠥᠯᠥᠨ ᠵᠢᠯᠣᠭᠣᠳᠭᠤ ᠦᠶ᠋ᠯᠡᠴᠢᠯᠡᠭᠡ ᠬᠠᠩᠭᠠᠵᠤ᠂ ᠠᠶᠠᠨᠴᠢᠳ᠎ᠤᠨ ᠠᠮᠤᠷ ᠲᠦᠪᠱᠢᠨ᠎ᠢᠶᠡᠷ ᠨᠤᠲᠤᠭ᠎ᠲᠠᠭᠠᠨ ᠪᠤᠴᠠᠬᠤ ᠵᠠᠮ᠎ᠢ ᠰᠠᠬᠢᠨ ᠬᠠᠮᠠᠭᠠᠯᠠᠪᠠ᠃ ᠤᠯᠤᠰ᠎ᠤᠨ ᠲᠡᠮᠦᠷ ᠵᠠᠮ᠎ᠤᠨ ᠲᠠᠢᠶᠤᠸᠠᠨ᠎ᠤ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠳ᠋ᠠᠲ᠋ᠦ᠋ᠩ᠎ᠦᠨ ᠡᠮᠦᠨ᠎ᠡ ᠥᠷᠲᠡᠭᠡ᠎ᠳᠦ 《ᠠᠴᠢᠶ᠎ᠠ ᠵᠢ ᠬᠦᠨᠭᠭᠡᠯᠡᠬᠦ》 ᠪᠣᠭᠣᠳᠠᠯ ᠪᠠᠭ᠍ᠯᠠᠭ᠎ᠠ᠎ᠶ᠋ᠢᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠬᠣᠷᠭᠣ᠎ᠶ᠋ᠢ ᠱᠢᠨ᠎ᠡ᠎ᠪᠡᠷ ᠪᠠᠢᠭᠤᠯᠵᠤ᠂ ᠲᠣᠮᠣ ᠪᠣᠭᠣᠳᠠᠯ ᠪᠠᠭ᠍ᠯᠠᠭ᠎ᠠ ᠠᠪᠴᠤ ᠶᠠᠪᠤᠭ᠎ᠠ ᠠᠶᠠᠨᠴᠢᠳ᠎ᠲᠤ ᠲᠥᠬᠥᠮ ᠦᠵᠡᠭᠦᠯᠪᠡ᠃ ᠤᠯᠤᠰ᠎ᠤᠨ ᠲᠡᠮᠦᠷ ᠵᠠᠮ᠎ᠤᠨ ᠬᠥᠬᠡᠡᠡᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠨᠢ ᠬᠡᠰᠡᠭ ᠬᠠᠯᠠᠮᠱᠢᠯ ᠴᠢᠭ᠌ᠯᠡᠯ᠎ᠦᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ᠎ᠶ᠋ᠢ ᠬᠤᠯᠪᠤᠨ ᠠᠵᠢᠯᠯᠠᠭᠤᠯᠵᠤ᠂ ᠡᠩ᠎ᠦᠨ ᠬᠤᠷᠳᠤᠴᠠᠲᠤ ᠴᠤᠪᠤᠭ᠎ᠠ ᠲᠡᠷᠭᠡᠨ᠎ᠦ ᠲᠣᠭ᠎ᠠ᠎ᠶ᠋ᠢ ᠨᠡᠮᠡᠵᠦ᠂ ᠵᠦᠭᠡᠭᠡᠪᠦᠷᠢ᠎ᠶ᠋ᠢᠨ ᠴᠢᠳᠠᠪᠤᠷᠢ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠨᠡᠮᠡᠭ᠌ᠳᠡᠭᠦᠯᠪᠡ᠃ ᠤᠯᠤᠰ᠎ᠤᠨ ᠲᠡᠮᠦᠷ ᠵᠠᠮ᠎ᠤᠨ ᠵᠸᠩᠵᠸᠦ᠍ᠶ᠋ᠢᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ ᠠᠭᠠᠷ ᠲᠣᠬᠢᠷᠠᠭᠤᠯᠤᠭ᠍ᠴᠢ᠂ ᠴᠠᠬᠢᠯᠭᠠᠨ ᠴᠠᠶ᠎ᠶ᠋ᠢᠨ ᠵᠤᠤᠬ᠎ᠠ ᠵᠡᠷᠭᠡ ᠴᠢᠬᠤᠯᠠ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢ ᠪᠠᠢᠴᠠᠭᠠᠬᠤ ᠳᠠᠪᠲᠠᠮᠵᠢ ᠤᠳᠠᠭ᠎ᠠ᠎ᠪᠠᠨ ᠨᠢᠭ᠍ᠲᠠᠷᠠᠭᠤᠯᠵᠤ᠂ ᠬᠠᠯᠠᠭᠤᠨ ᠳᠤᠯᠠᠭᠠᠨ ᠲᠠᠭᠠᠯᠠᠮᠵᠢᠲᠠᠶ ᠲᠡᠷᠭᠡᠨ᠎ᠳᠦ ᠰᠠᠭᠤᠬᠤ ᠣᠷᠴᠢᠨ ᠨᠥᠬᠥᠴᠡᠯ᠎ᠢ ᠪᠣᠶ ᠪᠣᠯᠭᠠᠵᠤ ᠪᠤᠢ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)