ᠤᠢᠷ᠎ᠠ᠎ᠶᠢᠨ ᠡᠳᠦᠷ᠂ ᠪᠦᠬᠦ᠌ ᠣᠷᠣᠨ᠎ᠤ ᠲᠤᠰᠭᠠᠢ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠲᠤᠬᠠᠢ᠎ᠶ᠋ᠢᠨ ᠲᠠᠯᠠᠪᠠᠢ᠎ᠶ᠋ᠢᠨ ᠲᠣᠭᠣᠷᠢᠨ ᠦᠵᠡᠬᠦ᠌ ᠬᠤᠷᠠᠯ ᠤᠷᠳᠤᠰ ᠬᠤᠳᠠ᠎ᠳᠤ ᠶᠠᠪᠤᠭ᠍ᠳᠠᠵᠠᠢ᠃ ᠡᠯ᠎ᠡ ᠠᠢᠮᠠᠭ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠰᠠᠯᠠᠭ᠎ᠠ ᠮᠥᠴᠢᠷ᠂ ᠲᠤᠰᠭᠠᠶ ᠨᠠᠷᠢᠯᠢᠭ ᠤᠨᠴᠡ ᠱᠢᠨ᠎ᠡ ᠳᠤᠮᠳᠠ ᠪᠠᠭ᠎ᠠ ᠠᠵᠤ ᠠᠬᠤᠢᠯᠠᠯ᠂ ᠲᠤᠰᠭᠠᠶ ᠨᠠᠷᠢᠯᠢᠭ ᠤᠨᠴᠡ ᠱᠢᠨ᠎ᠡ ᠵᠢᠵᠢᠭ ᠠᠵᠤ ᠠᠬᠤᠢᠯᠠᠯ᠎ᠤᠨ ᠲᠥᠯᠥᠭᠡᠯᠡᠭ᠌ᠴᠢ ᠵᠢᠴᠢ ᠲᠤᠰᠭᠠᠶ ᠮᠡᠷᠭᠡᠵᠢᠯᠲᠡᠨ ᠡᠷᠳᠡᠮᠲᠡᠨ ᠨᠢᠭᠡ ᠲᠠᠩᠬᠢᠮ᠎ᠳᠤ ᠴᠤᠭ᠍ᠯᠠᠷᠠᠵᠤ᠂ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠬᠦ᠌᠂ ᠲᠤᠷᠱᠢᠯᠭ᠎ᠠ᠎ᠪᠠᠨ ᠬᠤᠪᠢᠶᠠᠯᠴᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠎ᠪᠠᠷ ᠳᠠᠮᠵᠢᠭᠤᠯᠤᠨ᠂ ᠲᠤᠷᠱᠢᠯᠭ᠎ᠠ᠎ᠪᠠᠨ ᠰᠣᠯᠢᠯᠴᠠᠬᠤ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠨᠠᠩ ᠣᠯᠠᠨ ᠳᠤᠮᠳᠠ ᠪᠠᠭ᠎ᠠ ᠠᠵᠤ ᠠᠬᠤᠢᠯᠠᠯ᠎ᠤᠨ ᠲᠤᠰᠭᠠᠶ ᠨᠠᠷᠢᠯᠢᠭ ᠤᠨᠴᠡ ᠱᠢᠨ᠎ᠡ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠤᠷᠮᠠᠱᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠠᠢ᠃
ᠲᠣᠭᠣᠷᠢᠨ ᠦᠵᠡᠬᠦ᠌ ᠬᠤᠷᠠᠯ᠎ᠤᠨ ᠠᠬᠤᠶ ᠲᠠᠯᠠᠪᠠᠶ᠎ᠳᠤ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠎ᠶ᠋ᠢᠨ ᠤᠯᠤᠰ᠎ᠤᠨ ᠲᠠᠰ᠎ᠤᠨ ᠲᠤᠰᠭᠠᠶ ᠨᠠᠷᠢᠯᠢᠭ ᠤᠨᠴᠡ ᠱᠢᠨ᠎ᠡ ᠵᠢᠵᠢᠭ ᠠᠵᠤ ᠠᠬᠤᠢᠯᠠᠯ᠎ᠤᠨ ᠲᠥᠯᠥᠭᠡᠯᠡᠭ᠌ᠴᠢ ᠰᠠᠨᠠᠯ᠎ᠢᠶᠠᠨ ᠰᠣᠯᠢᠯᠴᠠᠬᠤ ᠦᠭᠡ ᠬᠡᠯᠡᠵᠠᠢ;ᠭᠤᠤᠯᠯᠠᠨ ᠡᠷᠭᠢᠯᠡᠭᠰᠡᠨ ᠨᠢᠭᠡᠴᠢ ᠡᠴᠡ ᠪᠥᠬᠥ᠌ ᠣᠷᠣᠨ᠎ᠤ ᠤᠯᠤᠰ᠎ᠤᠨ ᠲᠠᠰ᠎ᠤᠨ 8 ᠲᠤᠰᠭᠠᠶ ᠱᠢᠯᠢᠳᠡᠭ ᠣᠨᠴᠠ ᠱᠢᠨ᠎ᠡ ᠵᠢᠵᠢᠭ ᠠᠵᠤ ᠠᠬᠤᠢᠯᠠᠯ ᠪᠠ 14 ᠲᠤᠰᠭᠠᠶ ᠱᠢᠯᠢᠳᠡᠭ ᠣᠨᠴᠠ ᠱᠢᠨ᠎ᠡ ᠲᠥᠯᠥᠭᠡᠯᠡᠭ᠌ᠴᠢ ᠠᠵᠤ ᠠᠬᠤᠢᠯᠠᠯ᠎ᠳᠤ ᠫᠠᠢᠰᠠ ᠣᠯᠭᠣᠵᠠᠢ;ᠬᠡᠰᠡᠭ ᠶᠡᠬᠡ ᠳᠡᠭᠡᠳᠦ ᠰᠤᠷᠭᠠᠭᠤᠯᠢ ᠪᠠ ᠶᠠᠮᠤᠨ ᠵᠥᠪᠯᠡᠯ᠎ᠦᠨ ᠲᠤᠰᠭᠠᠶ ᠮᠡᠷᠭᠡᠵᠢᠯᠲᠡᠨ ᠫᠷᠤᠹᠧᠰᠰᠤᠷ ᠬᠠᠮᠢᠶ᠎ᠠ ᠪᠥᠬᠥᠶ ᠲᠤᠰᠭᠠᠶ ᠰᠡᠳᠦᠪᠲᠦ ᠲᠠᠢᠯᠤᠮᠵᠢ ᠬᠢᠵᠠᠢ᠃
ᠲᠤᠰ ᠤᠳᠠᠭ᠎ᠠ᠎ᠶ᠋ᠢᠨ ᠲᠣᠭᠣᠷᠢᠨ ᠦᠵᠡᠬᠦ᠌ ᠬᠤᠷᠠᠯ ᠨᠢ ᠤᠯᠤᠰ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠳᠠᠪᠠᠭᠤᠯᠢᠭ᠎ᠢ ᠪᠤᠢ ᠪᠣᠯᠭᠠᠬᠤ ᠪᠣᠳᠠᠲᠠᠢ ᠠᠵᠢᠯᠯᠠᠭ᠎ᠠ ᠪᠣᠯᠬᠤ ᠪᠥᠭᠡᠳ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳᠤᠮᠳᠠ ᠪᠠᠭ᠎ᠠ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠲᠣᠭᠣᠷᠢᠨ ᠦᠵᠡᠬᠦ᠌ ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠪᠠᠰᠠ ᠬᠥᠪᠴᠢ᠎ᠶ᠋ᠢᠨ ᠱᠢᠨ᠎ᠡ ᠡᠨᠧᠷᠭᠢ᠎ᠶ᠋ᠢᠨ ᠶᠡᠬᠡ ᠰᠠᠭᠤᠷᠢᠨ᠂ ᠳᠠᠯᠠᠳ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠴᠠᠬᠢᠭᠤᠷ᠂ ᠨᠠᠲ᠋ᠷᠢ᠂ ᠬᠥᠩᠭᠡᠨᠴᠠᠭᠠᠨ ᠵᠢᠨᠷ ᠰᠠᠭᠤᠷᠢ ᠪᠤᠯᠭᠠᠬᠰᠠᠨ ᠠᠵᠤ ᠦᠶ᠋ᠯᠡᠰ᠎ᠦᠨ ᠪᠦᠯᠦᠭ᠌ᠵᠢᠯ᠎ᠦᠨ ᠲᠥᠯᠥᠭᠡᠯᠡᠬᠦ᠌ ᠴᠢᠨᠠᠷᠲᠠᠶ ᠠᠵᠤ ᠠᠬᠤᠢᠯᠠᠯ ᠵᠢᠴᠢ ᠳᠠᠯᠠᠳ ᠬᠣᠱᠢᠭᠤᠨ᠎ᠤ ᠨᠢᠭᠤᠭ᠍ᠳᠠᠮᠠᠯ ᠮᠠᠩᠯᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠲᠣᠭᠣᠷᠢᠨ ᠦᠵᠡᠵᠦ᠍᠂ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠮᠡᠷᠭᠡᠵᠢᠯ᠂ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢᠨ ᠳᠠᠪᠠᠭᠤᠯᠢᠭ᠎ᠲᠠᠭᠠᠨ ᠲᠦᠱᠢᠭ᠌ᠯᠡᠨ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠥᠲᠥᠯᠥᠨ ᠳᠠᠭᠠᠭᠤᠯᠬᠤ᠂ ᠵᠠᠬ᠎ᠠ ᠳᠡᠯᠭᠡᠭᠦᠷ᠎ᠦᠨ ᠣᠷᠣᠨ ᠵᠠᠶ᠎ᠶ᠋ᠢ ᠥᠷᠭᠡᠳᠭᠡᠬᠦ᠌ ᠵᠢᠴᠢ ᠳᠡᠭᠡᠳᠦ ᠳᠤᠤᠷᠠᠳᠤ ᠲᠦᠪᠰᠢᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠬᠠᠮᠵᠢᠯᠴᠠᠨ ᠬᠥᠭ᠌ᠵᠢᠬᠦ᠌᠎ᠶ᠋ᠢ ᠳᠠᠢᠴᠢᠯᠠᠬᠤ ᠵᠡᠷᠭᠡ ᠲᠠᠯ᠎ᠠ᠎ᠶ᠋ᠢᠨ ᠨᠡᠢᠲᠡᠯᠢᠭ ᠦᠷ᠎ᠡ ᠪᠦᠲᠦᠭᠡᠯ᠎ᠢ ᠣᠢᠯᠠᠭᠠᠵᠠᠢ᠃