ᠤᠶᠤᠨᠴᠢ ᠭᠢᠯᠢ ᠵᠢᠨ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠬᠦᠭᠵᠢᠯᠳᠡ᠎ᠳᠤ ᠬᠦᠴᠦᠨ ᠨᠡᠮᠡᠷᠢᠯᠡᠵᠦ ᠪᠤᠢ
2026-02-10 10:01:33
ᠵᠣᠬᠢᠶᠠᠭ᠍ᠴᠢ᠄
​ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

2025 ᠣᠨ᠎ᠳᠤ ᠥᠪᠥᠷ ᠮᠣᠩᠭᠣᠯ᠎ᠤᠨ ᠤᠶᠤᠨᠴᠢ  ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠵᠣ᠂ ᠵᠢᠯᠣᠭᠣᠴᠢ ᠥᠬᠡᠶ ᠣᠶᠤᠨᠴᠢ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠵᠠᠭ᠍ᠪᠤᠷ᠂ ᠬᠥᠮᠦᠨ ᠪᠠ ᠲᠡᠷᠭᠡ᠎ᠶ᠋ᠢ ᠬᠢᠨᠠᠨ ᠱᠢᠯᠭᠠᠬᠤ ᠣᠶᠤᠨᠴᠢᠯᠠᠭ᠍ᠰᠠᠨ ᠪᠠᠢᠴᠠᠭᠠᠯᠲᠠ᠎ᠶ᠋ᠢᠨ ᠱᠢᠰᠲ᠋ᠧᠮ ᠵᠡᠷᠭᠡ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠪᠣᠭᠣᠮᠲᠠ᠎ᠪᠠᠷ ᠥᠩᠭᠡᠷᠡᠭᠦᠯᠬᠦ᠌ ᠦᠷ᠎ᠡ ᠪᠦᠲᠦᠮᠵᠢ᠎ᠶ᠋ᠢ ᠶᠡᠬᠡ᠎ᠪᠡᠷ ᠳᠡᠭᠡᠭ᠌ᠰᠢᠯᠡᠭᠦᠯᠪᠡ᠃

ᠭᠠᠭ᠍ᠴᠠᠮᠤᠳᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ᠂ ᠬᠢᠯᠢ ᠠᠯᠤᠰᠯᠠᠭ᠍ᠰᠠᠨ AGV ᠠᠦ᠋ᠲ᠋ᠣ᠋᠎ᠮᠠᠰᠢᠨ ᠨᠠᠭᠠᠰᠢ ᠴᠠᠭᠠᠰᠢ ᠰᠦᠯᠵᠢᠯᠳᠦᠵᠦ᠍᠂ ᠥᠨᠳᠥᠷ ᠪᠦᠲᠦᠮᠵᠢᠲᠡᠶ ᠠᠵᠢᠯᠯᠠᠨ᠎ᠠ᠃ ᠡᠲᠡᠭᠡᠷ ᠤᠶᠤᠨᠲᠤ ᠲᠡᠭᠡᠭᠡᠪᠦᠷᠢ᠎ᠶ᠋ᠢᠨ ᠲᠡᠷᠭᠡ᠎ᠨᠢ ᠮᠣᠩᠭᠣᠯ ᠤᠯᠤᠰ᠎ᠤᠨ ᠲᠣᠭᠠᠴᠢᠯᠠᠭ᠍ᠰᠠᠨ ᠴᠢᠩᠭᠡᠯᠢᠭ᠎ᠦᠨ ᠭᠠᠷᠠᠮ ᠡᠴᠡ ᠬᠦᠨᠳᠦ ᠴᠢᠩᠭᠡᠯᠢᠭ᠎ᠢ ᠳᠡᠭᠦᠵᠢᠯᠡᠨ ᠤᠭ᠍ᠰᠠᠷᠠᠭ᠍ᠰᠠᠨ᠎ᠤ ᠳᠠᠷᠠᠭ᠎ᠠ᠂ ᠤᠷᠢᠳᠴᠢᠯᠠᠨ ᠲᠣᠭ᠍ᠲᠠᠭᠠᠭ᠍ᠰᠠᠨ ᠵᠠᠮ ᠱᠤᠭᠤᠮ ᠵᠢᠡᠷ ᠵᠢᠡᠨ ᠠᠶᠠᠯᠠᠵᠤ᠂ ᠭᠠᠭ᠍ᠴᠠᠮᠤᠳᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠪᠠᠷ ᠬᠢᠯᠢ᠎ᠳᠦ ᠣᠷᠣᠬᠤ᠎ᠶ᠋ᠢᠨ ᠬᠠᠮᠲᠤ ᠬᠢᠯᠢ ᠵᠢᠨ ᠪᠣᠭᠣᠮᠲᠠ᠎ᠶ᠋ᠢᠨ ᠲᠤᠰᠭᠠᠶ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠲᠣᠭᠣᠷᠢᠭ᠎ᠲᠤ ᠬᠦᠷᠴᠤ ᠴᠢᠩᠭᠡᠯᠢᠭ ᠵᠢᠡᠨ ᠪᠠᠭᠤᠯᠭᠠᠳᠠᠭ᠃

ᠣᠳᠣᠬᠠᠨ᠎ᠳᠤ᠂ ᠭᠠᠭ᠍ᠴᠠᠮᠤᠳᠤ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠨᠢᠭᠡᠨᠲᠡ ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠲᠤᠰᠭᠠᠶ ᠨᠡᠪᠲᠡᠷᠡᠬᠦ᠌ ᠵᠠᠮ᠎ᠢ ᠪᠠᠢᠭᠤᠯᠵᠤ᠂ ᠪᠣᠭᠣᠮᠲᠠ ᠥᠩᠭᠡᠷᠡᠬᠦ᠌ ᠦᠷ᠎ᠡ ᠪᠦᠲᠦᠮᠵᠢ᠎ᠶ᠋ᠢ 60% ᠎ᠭᠠᠷᠤᠢ ᠳᠡᠭᠡᠭ᠌ᠰᠢᠯᠡᠭᠦᠯᠪᠡ᠃ ᠮᠠᠨᠵᠤᠤᠷ᠎ᠤᠨ ᠲᠡᠮᠦᠷ ᠵᠠᠮ᠎ᠤᠨ ᠬᠢᠯᠢ᠎ᠶ᠋ᠢᠨ ᠪᠣᠭᠣᠮᠲᠠ《5G + ᠪᠠᠷᠠᠭᠠᠨ᠎ᠤ ᠰᠦᠯᠵᠢᠶ᠎ᠡ》 ᠶ᠋ᠢᠨ ᠮᠡᠷᠭᠡᠵᠢᠯ᠎ᠢ ᠠᠭᠤᠰᠤᠯᠴᠠᠭᠤᠯᠵᠤ᠂ ᠭᠠᠯᠲᠤ ᠲᠡᠷᠭᠡ᠎ᠶ᠋ᠢ ᠪᠠᠢᠴᠠᠭᠠᠨ ᠱᠢᠯᠭᠠᠬᠤ ᠴᠠᠭ᠎ᠢ 1 ᠮᠢᠨᠦ᠋ᠲ᠎ᠦᠨ ᠳᠣᠲᠣᠷ᠎ᠠ ᠪᠤᠯᠭᠠᠨ ᠪᠣᠭᠣᠨᠢᠰᠭᠠᠵᠤ᠂ ᠡᠳᠦᠷ ᠳᠤᠮᠳᠠᠴᠢ᠎ᠶ᠋ᠢᠨ ᠰᠣᠯᠢᠵᠤ ᠠᠴᠢᠶᠠᠯᠠᠬᠤ ᠴᠢᠳᠠᠪᠤᠷᠢ᠎ᠶ᠋ᠢ ᠳᠠᠬᠢᠨ᠎ᠢᠶᠠᠷ ᠨᠡᠮᠡᠭ᠌ᠳᠡᠭᠦᠯᠪᠡ᠃ ᠴᠡᠬᠡ ᠬᠢᠯᠢ ᠵᠢᠨ ᠪᠣᠭᠣᠮᠲᠠ 5G ᠵᠢᠯᠤᠭᠤᠴᠢ ᠦᠬᠡᠢ ᠬᠦᠨᠳᠦ ᠠᠴᠢᠶᠠᠨ᠎ᠤ ᠮᠠᠱᠢᠨ ᠲᠡᠷᠭᠡ᠎ᠶ᠋ᠢᠨ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢ ᠠᠮᠵᠢᠯᠲᠠ᠎ᠲᠠᠶ ᠲᠤᠷᠱᠢᠨ ᠠᠵᠢᠯᠯᠠᠭᠤᠯᠵᠤ᠂ ᠠᠴᠢᠶᠠᠨ᠎ᠤ ᠮᠠᠱᠢᠨ ᠲᠡᠷᠭᠡ ᠨᠢᠭᠡᠪᠦᠷᠢ᠎ᠶ᠋ᠢᠨ ᠪᠣᠭᠣᠮᠲᠠ᠎ᠪᠠᠷ ᠥᠩᠭᠡᠷᠡᠬᠦ᠌ ᠴᠠᠭ᠎ᠢ 3 ᠮᠢᠨᠦ᠋ᠲ ᠪᠣᠯᠭᠠᠨ ᠪᠣᠭᠣᠨᠢᠰᠭᠠᠪᠠ᠃

ᠥᠪᠥᠷ ᠮᠣᠩᠭᠣᠯ 20 ᠭᠠᠳᠠᠭᠠᠳᠤ ᠨᠡᠭᠡᠭᠡᠯᠲᠡ᠎ᠶ᠋ᠢᠨ  ᠬᠢᠯᠢ ᠵᠢᠨ ᠪᠣᠭᠣᠮᠲᠠ᠎ᠲᠠᠶ᠂ ᠡᠭᠦᠨ᠎ᠳᠦ ᠬᠠᠭᠤᠷᠠᠶ ᠵᠠᠮ᠎ᠤᠨ ᠬᠢᠯᠢ ᠵᠢᠨ ᠪᠣᠭᠣᠮᠲᠠ 14᠂ ᠠᠭᠠᠷ᠎ᠤᠨ ᠠᠶᠠᠯᠠᠯ᠎ᠤᠨ  ᠬᠢᠯᠢ ᠵᠢᠨ ᠪᠣᠭᠣᠮᠲᠠ 6 ᠪᠣᠶ᠃ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1.32 ᠳ᠋ᠦᠩᠱᠢᠭᠤᠷ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 8.45% ᠪᠠᠷ ᠨᠡᠮᠡᠭ᠌ᠳᠡᠵᠦ᠍᠂ ᠭᠤᠷᠪᠠᠨ ᠵᠢᠯ ᠳᠠᠷᠠᠭᠠᠯᠠᠨ ᠳ᠋ᠦᠩᠱᠢᠭᠤᠷ ᠲᠣᠨ᠎ᠤ ᠶᠡᠬᠡ ᠪᠣᠭᠣᠮᠲᠠ᠎ᠶ᠋ᠢ ᠳᠠᠪᠠᠵᠤ᠂ ᠬᠢᠯᠢ᠎ᠪᠡᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ᠎ᠦᠨ ᠲᠣᠭ᠎ᠠ 247 ᠲᠦᠮᠡᠨ ᠤᠳᠠᠭ᠎ᠠ᠎ᠳᠤ ᠬᠦᠷᠴᠡᠶ᠃                                                 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号