ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠡᠭ ᠤ᠋ᠨ ᠡᠵᠡᠡᠭᠨᠡᠯᠲᠡ ᠶ᠋ᠢᠨ ᠭᠤᠤᠯ ᠴᠤᠭᠴᠠ ᠶ᠋ᠢᠨ ᠪᠡᠯᠡ ᠬᠤᠷᠠᠮᠳᠤᠭᠤᠯᠭ᠎ᠠ ᠶ᠋ᠢᠨ ᠠᠰᠠᠭᠤᠳᠠᠯ ᠢ᠋ ᠰᠢᠢᠳᠪᠦᠷᠢᠯᠡᠵᠦ ᠪᠤᠢ
2026-02-10 09:46:53
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠲᠦᠷᠦᠭᠦᠬᠡᠨ ᠮᠠᠯ ᠠᠵᠤ ᠠᠬᠤᠢ ᠲᠠᠷᠢᠶᠠᠯᠠᠡᠭ ᠤ᠋ᠨ ᠲᠦᠬᠦᠭᠡᠷᠦᠮᠵᠢ ᠪᠠ ᠠᠮᠢᠳᠤ ᠮᠠᠯ ᠵᠢᠭᠦᠷᠲᠡᠨ ᠢ᠋ ᠪᠠᠷᠢᠴᠠᠭᠠᠯᠠᠨ ᠪᠡᠯᠡ ᠬᠤᠷᠠᠮᠳᠤᠭᠤᠯᠬᠤ ᠵᠢ ᠳᠡᠯᠭᠡᠷᠡᠬᠦᠯᠬᠦ ᠲᠤᠬᠠᠢ ᠶᠠᠷᠢᠯᠴᠠᠬᠤ ᠬᠤᠷᠠᠯ ᠬᠢᠵᠤ᠂ ᠡᠯ᠎ᠡ ᠲᠠᠯ᠎ᠠ ᠶ᠋ᠢᠨ ᠬᠦᠴᠦᠨ ᠢ᠋ ᠲᠦᠪᠯᠡᠷᠡᠭᠦᠯᠦᠨ ᠡᠨᠡ ᠬᠦ᠌ ᠰᠢᠨ᠎ᠡ ᠵᠢ ᠡᠭᠦᠳᠦᠭᠰᠡᠨ ᠮᠦᠡᠭᠬᠦᠨ ᠭᠦᠢᠯᠭᠡᠭᠡᠨ ᠤ᠋ ᠲᠦᠷᠦ ᠶ᠋ᠢᠨ ᠪᠤᠳᠤᠯᠭ᠎ᠠ ᠵᠢ ᠪᠦᠬᠦ ᠤᠷᠤᠨ ᠳ᠋ᠦ ᠪᠤᠲᠠᠲᠠᠢᠵᠢᠭᠤᠯᠤᠨ ᠨᠠᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠡᠭ ᠤ᠋ᠨ ᠡᠵᠡᠡᠭᠨᠡᠯᠲᠡ ᠶ᠋ᠢᠨ ᠭᠤᠤᠯ ᠴᠤᠭᠴᠠ ᠶ᠋ᠢᠨ ᠪᠡᠯᠡ ᠬᠤᠷᠠᠮᠳᠤᠭᠤᠯᠭ᠎ᠠ ᠶ᠋ᠢᠨ ᠪᠤᠭᠤᠮᠢ ᠶ᠋ᠢᠨ ᠠᠰᠠᠭᠤᠳᠠᠯ ᠢ᠋ ᠬᠦᠴᠦᠯᠡᠨ ᠰᠢᠢᠳᠪᠤᠷᠢᠯᠡᠵᠤ᠂ ᠦᠷᠭᠡᠨ ᠤᠯᠠᠨ ᠮᠠᠯᠴᠢᠨ ᠲᠠᠷᠢᠶᠠᠴᠢᠨ ᠳ᠋ᠦ ᠠᠰᠢᠭ ᠬᠦᠷᠲᠡᠭᠡᠬᠦ ᠵᠢ ᠠᠬᠢᠭᠤᠯᠪᠠ᠃

ᠮᠠᠨ ᠤ᠋ ᠤᠷᠤᠨ ᠡᠨᠡ ᠬᠦ᠌ ᠲᠥᠷᠥ ᠶ᠋ᠢᠨ ᠪᠣᠳᠣᠯᠭ᠎ᠠ ᠵᠢ ᠪᠥᠬᠥ᠌ ᠲᠠᠯ᠎ᠠ ᠪᠠᠷ ᠳᠡᠯᠭᠡᠷᠡᠭᠦᠯᠬᠦ᠌ ᠡᠴᠡ ᠡᠮᠦᠨ᠎ᠡ ᠬᠥᠯᠥᠨ ᠪᠣᠢᠷ ᠬᠣᠲᠠ ᠶ᠋ᠢᠨ ᠠᠷᠤᠨ ᠬᠣᠱᠢᠭᠤ᠂ ᠪᠠᠶᠠᠨᠨᠠᠭᠤᠷ ᠬᠣᠲᠠ ᠶ᠋ᠢᠨ ᠬᠠᠩᠭᠢᠨ ᠬᠣᠢᠲᠤ ᠬᠣᠱᠢᠭᠤ᠂ ᠣᠷᠳᠣᠰ ᠬᠣᠲᠠ ᠶ᠋ᠢᠨ ᠳᠠᠯᠠᠳ ᠬᠣᠱᠢᠭᠤ ᠵᠡᠷᠭᠡ ᠭᠠᠵᠠᠷ ᠲᠦ᠍ ᠤᠷᠢᠳ ᠵᠢᠡᠷ ᠬᠡᠷᠡᠭ᠌ᠵᠢᠭᠦᠯᠦᠨ ᠤᠷᠢᠳ ᠵᠢᠡᠷ ᠲᠤᠷᠱᠢᠵᠤ᠂ ᠮᠠᠯ ᠠᠵᠤ ᠠᠬᠤᠢ ᠲᠠᠷᠢᠶᠠᠯᠠᠩ ᠤ᠋ᠨ ᠲᠦᠬᠦᠭᠡᠷᠦᠮᠵᠢ ᠪᠠ ᠠᠮᠢᠳᠤ ᠮᠠᠯ ᠵᠢᠭᠦᠷᠲᠡᠨ ᠢ᠋ ᠪᠠᠷᠢᠴᠠᠭᠠᠯᠠᠨ ᠪᠡᠯᠡ ᠬᠤᠷᠠᠮᠳᠤᠭᠤᠯᠬᠤ ᠬᠠᠮᠢᠶ᠎ᠠ ᠪᠥᠬᠥᠶ ᠠᠵᠢᠯ ᠢ᠋ ᠯᠠᠪᠳᠠᠭᠤᠨ ᠵᠢᠡᠷ ᠠᠬᠢᠭᠤᠯᠵᠠᠢ᠃ ᠲᠤᠷᠱᠢᠯᠲᠠ ᠶ᠋ᠢᠨ ᠴᠡᠭ ᠤ᠋ᠨ ᠭᠠᠵᠠᠷ ᠣᠷᠣᠨ ᠨᠢ ᠲᠠᠰᠤᠷᠠᠯᠲᠠ ᠥᠬᠡᠶ ᠰᠦᠪᠡᠭ᠌ᠴᠢᠯᠡᠨ ᠦᠢᠯᠡᠳᠦᠯᠭᠡᠵᠢᠭᠦᠯᠬᠦ᠌᠎ᠪᠡᠷ ᠳᠡᠮᠵᠢᠨ ᠠᠯᠢ ᠣᠯᠠᠨ ᠬᠠᠭᠤᠯᠪᠤᠷᠢᠯᠠᠵᠤ ᠪᠤᠯᠬᠤᠢᠴᠠ᠂ ᠳᠡᠯᠭᠡᠷᠡᠭᠦᠯᠵᠦ᠍ ᠪᠤᠯᠬᠤᠢᠴᠠ ᠲᠤᠷᠱᠢᠯᠭ᠎ᠠ ᠵᠢ ᠳ᠋ᠦᠩᠨᠡᠨ ᠭᠠᠷᠭᠠᠵᠤ᠂ ᠮᠠᠯᠴᠢᠨ ᠲᠠᠷᠢᠶᠠᠴᠢᠨ ᠳ᠋ᠤ ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠦᠨᠡᠨ ᠬᠦ᠌ ᠬᠦᠷᠲᠡᠭᠡᠨ᠂ ᠦᠶ᠋ᠯᠡᠳᠪᠦᠷᠢᠯᠡᠯ ᠡᠵᠡᠩᠨᠡᠯᠲᠡ ᠶ᠋ᠢᠨ ᠪᠠᠯᠠ ᠬᠤᠷᠠᠮᠳᠤᠭᠤᠯᠭ᠎ᠠ ᠶ᠋ᠢᠨ ᠬᠦᠴᠢᠷᠳᠡᠯ ᠢ᠋ ᠨᠢ ᠪᠦᠲᠦᠮᠵᠢᠲᠡᠶ ᠨᠠᠮᠳᠠᠭᠤᠯᠤᠭᠰᠠᠨ ᠪᠠᠢᠨ᠎ᠠ᠃

ᠣᠢᠯᠠᠭᠠᠭ᠍ᠰᠠᠨ ᠵᠢᠡᠷ᠂ ᠮᠠᠯ ᠠᠵᠤ ᠠᠬᠤᠢ ᠲᠠᠷᠢᠶᠠᠯᠠᠡᠭ ᠤ᠋ᠨ ᠲᠦᠬᠦᠭᠡᠷᠦᠮᠵᠢ ᠪᠠ ᠠᠮᠢᠳᠤ ᠮᠠᠯ ᠵᠢᠭᠦᠷᠲᠡᠨ ᠢ᠋ ᠪᠠᠷᠢᠴᠠᠭᠠᠯᠠᠨ ᠪᠡᠯᠡ ᠬᠤᠷᠠᠮᠳᠤᠭᠤᠯᠬᠤ ᠲᠤᠬᠠᠢᠯᠠᠭ᠍ᠰᠠᠨ ᠠᠵᠢᠯ ᠨᠢ ᠡᠷᠬᠡ ᠵᠢ ᠨᠤᠲᠠᠯᠠᠨ ᠲᠣᠭ᠍ᠲᠠᠭᠠᠵᠤ ᠦᠨᠡᠮᠯᠡᠯ ᠣᠯᠭᠣᠬᠤ᠂ ᠪᠠᠷᠢᠴᠠᠭᠠᠯᠠᠨ ᠳᠠᠡᠭᠰᠠᠯᠠᠬᠤ᠂ ᠡᠳ᠋ ᠬᠥᠷᠥᠩᠭᠡ ᠵᠢ ᠦᠨᠡᠯᠡᠨ ᠵᠢᠱ᠌ᠢᠬᠦ᠌᠂ ᠡᠵᠡᠡᠭᠨᠡᠯᠲᠡ ᠶ᠋ᠢᠨ ᠡᠷᠭᠡ ᠵᠢ ᠭᠦᠢᠯᠭᠡᠭᠡᠯᠡᠨ ᠠᠷᠠᠯᠵᠢᠶᠠᠯᠠᠬᠤ ᠵᠡᠷᠭᠡ ᠣᠯᠠᠨ ᠵᠠᠩᠭᠢᠯᠠᠭ᠎ᠠ ᠶ᠋ᠢᠨ ᠭᠣᠭ᠍ᠴᠣᠭ᠎ᠠ ᠳ᠋ᠤ ᠬᠣᠯᠪᠣᠭ᠍ᠳᠠᠵᠤ᠂ ᠶᠠᠪᠤᠴᠠ ᠨᠢ ᠲᠦᠪᠡᠭ᠌ᠲᠡᠶ ᠪᠥᠭᠡᠳ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠱᠠᠭᠠᠷᠳᠠᠯᠭ᠎ᠠ ᠪᠡᠷ ᠥᠨᠳᠥᠷ ᠪᠠᠢᠳᠠᠭ᠃ ᠲᠣᠰ ᠤᠳᠠᠭ᠎ᠠ ᠵᠢᠨ ᠶᠠᠷᠢᠯᠴᠠᠬᠤ ᠬᠤᠷᠠᠯ ᠳᠡᠭᠡᠷ᠎ᠡ᠂ ᠠᠵᠢᠯ ᠲᠥᠷᠥᠯ ᠤ᠋ᠨ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ ᠤ᠋ ᠪᠠᠢᠭᠤᠯᠤᠮᠵᠢ᠂ ᠤᠯᠤᠰ ᠤ᠋ᠨ ᠥᠮᠴᠢᠯᠡᠯ ᠤ᠋ᠨ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡᠨ ᠤ᠋ ᠠᠵᠤ ᠠᠬᠤᠢᠯᠠᠯ ᠵᠢᠴᠢ ᠬᠢᠩᠭᠠᠨ ᠠᠢᠮᠠᠭ᠂ ᠪᠠᠶᠠᠨᠨᠠᠭᠤᠷ ᠬᠣᠲᠠ ᠪᠣᠯᠤᠨ ᠬᠡᠰᠡᠭ ᠬᠣᠱᠢᠭᠤ ᠱᠢᠶᠠᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠵᠡᠷᠭᠡ 20 ᠭᠠᠷᠤᠶ ᠪᠠᠢᠭᠤᠯᠭ᠎ᠠ ᠨᠢᠭᠡᠴᠢ ᠶ᠋ᠢᠨ ᠬᠠᠷᠢᠭᠤᠴᠠᠯᠭᠠᠲᠠᠨ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠬᠤ ᠠᠷᠭ᠎ᠠ ᠵᠠᠮ᠂ ᠶᠠᠪᠤᠴᠠ ᠵᠢ ᠱᠢᠯᠢᠳᠡᠭ᠌ᠵᠢᠭᠦᠯᠬᠦ᠂ ᠠᠶᠤᠯ ᠲᠦᠭ᠌ᠰᠢᠭᠦᠷᠢ ᠵᠢ ᠰᠡᠷᠭᠡᠢᠯᠡᠨ ᠡᠵᠡᠮᠳᠡᠬᠦ᠌ ᠵᠡᠷᠭᠡ ᠭᠤᠤᠯ ᠵᠥᠪᠯᠡᠬᠦ᠌ ᠵᠦᠶ᠋ᠯ ᠤ᠋ᠨ ᠲᠤᠭᠤᠷᠢᠨ ᠳ᠋ᠦ ᠭᠦᠨᠵᠡᠭᠡᠶ ᠰᠤᠯᠢᠯᠴᠠᠭ᠎ᠠ ᠦᠷᠨᠢᠭᠦᠯᠦᠨ᠂ ᠠᠷᠭ᠎ᠠ ᠤᠬᠠᠭᠠᠨ ᠰᠦᠪᠡᠭᠴᠢᠯᠡᠵᠦ᠂ ᠨᠢᠭᠡ ᠪᠦᠯᠦᠭ ᠪᠣᠳᠠᠲᠠᠶ ᠵᠢ ᠡᠷᠬᠢᠮᠯᠡᠭ᠌ᠰᠡᠨ ᠨᠠᠢᠳᠠᠪᠤᠷᠢᠵᠢᠭᠤᠯᠵᠤ ᠪᠤᠯᠬᠤᠢᠴᠠ ᠰᠡᠳᠭᠢᠴᠡ ᠪᠠ ᠠᠵᠢᠯ ᠤ᠋ᠨ ᠰᠠᠨᠠᠭᠤᠯᠭ᠎ᠠ ᠵᠢ ᠪᠦᠷᠢᠯᠳᠦᠭᠦᠯᠵᠠᠢ᠃

ᠮᠠᠨ ᠤ᠋ ᠤᠷᠤᠨ ᠡᠯ᠎ᠡ ᠰᠠᠯᠠᠭ᠎ᠠ ᠮᠦᠴᠢᠷ ᠨᠢ ᠳᠡᠭᠡᠷ᠎ᠡ ᠳᠤᠤᠷ᠎ᠠ ᠱᠠᠲᠤ ᠪᠡᠷ ᠶ᠋ᠢᠡᠨ ᠬᠠᠮᠵᠢᠯᠴᠠᠭᠰᠠᠨ ᠠᠵᠢᠯ ᠤ᠋ᠨ ᠪᠠᠢᠷᠢᠰᠢᠭᠤᠯᠤᠯᠲᠠ ᠵᠢ ᠪᠤᠢ ᠪᠤᠯᠭᠠᠨ᠂ ᠲᠡᠷᠢᠭᠦᠨ ᠤ᠋ ᠮᠤᠵᠢ ᠤᠷᠤᠨ ᠤ᠋ ᠠᠮᠵᠢᠯᠲᠠ ᠲᠠᠢ ᠲᠤᠷᠰᠢᠯᠭ᠎ᠠ ᠵᠢ ᠲᠤᠯᠢᠳᠠᠵᠤ᠂ ᠪᠤᠳᠠᠲᠤ ᠪᠠᠢᠳᠠᠯ ᠳ᠋ᠠᠭᠠᠨ ᠰᠠᠭᠤᠷᠢᠯᠡᠨ ᠮᠠᠯ ᠠᠵᠤ ᠠᠬᠤᠢ ᠲᠠᠷᠢᠶᠠᠯᠠᠡᠭ ᠤ᠋ᠨ ᠲᠦᠬᠦᠭᠡᠷᠦᠮᠵᠢ ᠪᠠ ᠠᠮᠢᠳᠤ ᠮᠠᠯ ᠵᠢᠭᠦᠷᠲᠡᠨ ᠢ᠋ ᠪᠠᠷᠢᠴᠠᠭᠠᠯᠠᠨ ᠪᠡᠯᠡ ᠬᠤᠷᠠᠮᠳᠤᠭᠤᠯᠬᠤ ᠠᠵᠢᠯ ᠢ᠋ ᠬᠦᠴᠦᠯᠡᠨ ᠨᠠᠢᠳᠠᠪᠤᠷᠢᠵᠢᠭᠤᠯᠵᠤ᠂ ᠪᠦᠬᠦ ᠤᠷᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠤᠳᠤᠬᠢᠴᠢᠯᠠᠭᠰᠠᠨ ᠬᠦᠭᠵᠢᠯᠲᠡ ᠳ᠋ᠦ ᠮᠦᠡᠭᠬᠦᠨ ᠭᠦᠢᠯᠭᠡᠭᠡᠨ ᠤ᠋ ᠬᠦᠴᠦᠨ ᠨᠡᠮᠡᠷᠢᠯᠡᠬᠦ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号