ᠥᠪᠥᠷ ᠮᠣᠩᠭᠣᠯ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ᠎ᠬᠤᠯᠪᠤᠭᠠᠯᠠᠨ ᠬᠢᠨᠠᠨ ᠵᠥᠪᠱᠢᠶᠡᠷᠡᠬᠦ᠌ ᠥᠭᠡᠷᠡᠴᠢᠯᠡᠯᠲᠡ ᠶ᠋ᠢ ᠪᠥᠬᠥ᠌ ᠲᠠᠯ᠎ᠠ ᠪᠡᠷ ᠬᠡᠷᠡᠭ᠌ᠵᠢᠭᠦᠯᠪᠡ
2026-02-10 09:45:13
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ ᠣᠢᠷ᠎ᠠ ᠳ᠋ᠤ ᠬᠠᠮᠲᠤᠷᠠᠵᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ᠎ᠬᠡᠷᠡᠭᠯᠡᠬᠦ ᠶ᠋ᠢ ᠬᠣᠯᠪᠣᠭᠠᠯᠠᠨ ᠬᠢᠨᠠᠨ ᠵᠥᠪᠱᠢᠶᠡᠷᠡᠬᠦ᠌ ᠬᠡᠷᠡᠭ᠌ᠵᠢᠭᠦᠯᠬᠦ᠌ ᠲᠥᠰᠦᠯ 》 ᠢ᠋ ᠳᠠᠷᠤᠮᠠᠯᠯᠠᠨ ᠲᠠᠷᠬᠠᠭᠠᠵᠤ᠂ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ ᠬᠤᠯᠪᠤᠭᠠᠯᠠᠨ ᠬᠢᠨᠠᠨ ᠵᠥᠪᠱᠢᠶᠡᠷᠡᠬᠦ᠌ ᠥᠭᠡᠷᠡᠴᠢᠯᠡᠯᠲᠡ ᠶ᠋ᠢ ᠪᠥᠬᠥ᠌ ᠲᠠᠯ᠎ᠠ ᠪᠡᠷ ᠬᠡᠷᠡᠭ᠌ᠵᠢᠭᠦᠯᠤᠨ᠂ ᠪᠥᠬᠥ᠌ ᠣᠷᠣᠨ ᠤ᠋ ᠬᠡᠪᠴᠢᠶᠡᠨ᠎ᠳᠡᠬᠢ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ ᠬᠢᠨᠠᠨ ᠵᠥᠪᠱᠢᠶᠡᠷᠡᠬᠦ ᠳ᠋ᠤ ᠬᠣᠯᠪᠣᠭ᠍ᠳᠠᠭ᠍ᠰᠠᠨ ᠲᠠᠷᠢᠶᠠᠯᠠᠩ ᠳ᠋ᠤ ᠬᠡᠷᠡᠭ᠌ᠯᠡᠬᠦ᠌ ᠭᠠᠵᠠᠷ ᠢ᠋ ᠱᠢᠯᠵᠢᠭᠦᠯᠦᠨ ᠬᠡᠷᠡᠭ᠌ᠯᠡᠬᠦ᠌᠂ ᠭᠠᠵᠠᠷ ᠱᠢᠷᠣᠶ ᠲᠠᠲᠠᠪᠤᠷᠢᠯᠠᠬᠤ ᠵᠡᠷᠭᠡ ᠬᠢᠨᠠᠨ ᠵᠥᠪᠱᠢᠶᠡᠷᠡᠬᠦ᠌ ᠵᠦᠶ᠋ᠯᠡᠰ ᠲᠤ᠌ ᠬᠠᠮᠲᠤᠷᠠᠨ ᠬᠢᠨᠠᠨ ᠵᠥᠪᠱᠢᠶᠡᠷᠡᠬᠦ᠌ ᠶ᠋ᠢ ᠬᠡᠷᠡᠭ᠌ᠵᠢᠭᠦᠯᠵᠦ ᠡᠬᠢᠯᠡᠪᠡ᠃

ᠮᠠᠨ ᠤ᠋ ᠣᠷᠣᠨ ᠤ᠋ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ᠎ᠬᠠᠮᠲᠤᠷᠠᠨ ᠬᠢᠨᠠᠨ ᠵᠥᠪᠱᠢᠶᠡᠷᠡᠬᠦ᠌ ᠥᠭᠡᠷᠡᠴᠢᠯᠡᠯᠲᠡ᠎ᠨᠢ ᠥᠩᠭᠡᠷᠡᠭ᠌ᠰᠡᠨ᠎ᠦ  ᠲᠠᠷᠠᠬᠠᠶ ᠪᠤᠲᠠᠷᠬᠠᠢ ᠬᠡᠯᠪᠡᠷᠢ᠂ ᠬᠣᠯᠪᠣᠭᠠᠯᠠᠬᠤ ᠬᠡᠯᠪᠡᠷᠢ ᠵᠢᠨ ᠠᠰ ᠲᠤᠨᠢ ᠬᠢᠨᠠᠨ ᠵᠥᠪᠱᠢᠶᠡᠷᠡᠬᠦ᠌ ᠶ᠋ᠢ ᠡᠮᠬᠢᠯᠡᠨ ᠨᠡᠢᠯᠡᠭᠦᠯᠵᠤ᠂ ᠭᠤᠤᠯ ᠰᠡᠳᠦᠪᠲᠦ ᠮᠠᠶᠢᠭ᠂ ᠵᠡᠷᠭᠡᠴᠡᠭᠡ ᠮᠠᠶᠢᠭ ᠤ᠋ᠨ ᠬᠣᠯᠪᠣᠭᠠᠯᠠᠨ ᠬᠢᠨᠠᠨ ᠵᠥᠪᠱᠢᠶᠡᠷᠡᠬᠦ᠌᠎ᠪᠣᠯᠭᠠᠵᠤ᠂ ᠪᠥᠬᠥ᠌ ᠣᠷᠣᠨ ᠤ᠋ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠬᠦᠴᠦᠨ ᠵᠦᠶ᠋ᠯ᠎ᠦᠨ ᠦᠶ᠋ᠯᠡᠴᠢᠯᠡᠭᠡᠨ᠎ᠦ ᠪᠠᠲᠤᠯᠠᠭ᠎ᠠ ᠵᠢᠨ ᠬᠢᠷᠢ ᠬᠡᠮᠵᠢᠶ᠎ᠡ ᠶ᠋ᠢ ᠦᠨᠡᠨ ᠬᠦ᠌ ᠳᠡᠭᠡᠭ᠌ᠰᠢᠯᠡᠭᠦᠯᠪᠡ᠃

2025 ᠣᠨ ᠳ᠋ᠤ ᠦᠪᠦᠷ ᠮᠤᠩᠭᠤᠯ ᠤ᠋ᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ᠂᠎ᠦᠬᠠᠶ ᠬᠣᠲᠠ᠂ ᠬᠥᠬᠡᠬᠣᠲᠠ ᠵᠢᠨ ᠲᠣᠭ᠍ᠲᠠᠬᠤ ᠱᠢᠶᠠᠨ᠂ ᠪᠤᠭᠤᠲᠤ ᠬᠣᠲᠠ ᠵᠢᠨ ᠱᠢᠭᠤᠢᠲᠤ ᠲᠣᠭᠣᠷᠢᠭ᠂ ᠤᠯᠠᠭᠠᠨᠬᠠᠳᠠ ᠬᠣᠲᠠ ᠵᠢᠨ ᠯᠢᠨᠰᠢ ᠱᠢᠶᠠᠨ᠂ ᠱᠢᠯᠢᠩᠬᠣᠲᠠ᠂ ᠪᠠᠶᠠᠨᠨᠠᠭᠤᠷ ᠬᠣᠲᠠ ᠵᠢᠨ ᠤᠷᠠᠳ ᠤ᠋ᠨ ᠡᠮᠦᠨᠡᠲᠦ ᠬᠣᠱᠢᠭᠤ ᠵᠡᠷᠭᠡ ᠲᠥᠯᠥᠭᠡᠯᠡᠬᠦ᠌ ᠴᠢᠨᠠᠷᠲᠠᠶ 6 ᠭᠠᠵᠠᠷ ᠣᠷᠣᠨ ᠢ᠋ ᠰᠣᠩᠭᠣᠨ ᠲᠤᠷᠱᠢᠯᠲᠠ ᠵᠢᠨ ᠴᠡᠭ ᠪᠣᠯᠭᠠᠵᠤ᠂ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ ᠬᠣᠯᠪᠣᠭᠠᠯᠠᠨ ᠬᠢᠨᠠᠨ ᠵᠥᠪᠱᠢᠶᠡᠷᠡᠬᠦ᠌ ᠥᠭᠡᠷᠡᠴᠢᠯᠡᠯᠲᠡ ᠥᠷᠨᠢᠭᠦᠯᠪᠡ᠃ ᠲᠤᠷᠱᠢᠯᠲᠠ ᠵᠢᠨ ᠴᠡᠭ ᠤ᠋ᠨ ᠠᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠪᠥᠬᠥ᠌ ᠣᠷᠣᠨ ᠤ᠋ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ ᠬᠢᠨᠠᠨ ᠵᠥᠪᠱᠢᠶᠡᠷᠡᠭᠦᠯᠬᠦ᠌ ᠪᠡᠷ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ ᠴᠣᠮᠬᠠᠳᠭᠠᠭ᠍ᠰᠠᠨ ᠵᠢᠡᠷ ᠬᠦᠷᠦᠯᠴᠡᠬᠦ᠌ ᠥᠬᠡᠶ᠂ ᠬᠢᠨᠠᠨ ᠵᠥᠪᠱᠢᠶᠡᠷᠡᠭᠦᠯᠬᠦ᠌ ᠭᠣᠭ᠍ᠴᠣᠭ᠎ᠠ ᠣᠯᠠᠨ ᠵᠡᠷᠭᠡ ᠠᠰᠠᠭᠤᠳᠠᠯ ᠢ᠋ ᠤᠯᠠᠮ ᠨᠢᠭᠡ ᠠᠯᠬᠤᠮ ᠱᠢᠶ᠋ᠳᠪᠦᠷᠢᠯᠡᠬᠦ᠌ ᠵᠢᠨ ᠲᠥᠯᠥᠭᠡ᠂ ᠬᠣᠶᠠᠷ ᠰᠠᠯᠠᠭ᠎ᠠ ᠮᠥᠴᠢᠷ ᠬᠠᠮᠲᠤᠷᠠᠨ ᠦᠪᠦᠷ ᠮᠤᠩᠭᠤᠯ ᠳ᠋ᠤ ᠳᠣᠭᠢᠷᠠᠬᠤ ᠭᠠᠵᠠᠷ ᠰᠢᠷᠤᠢ ᠬᠡᠷᠡᠭ᠌ᠯᠡᠬᠦ᠌ ᠣᠶ ᠰᠢᠭᠤᠢ ᠬᠡᠷᠡᠭ᠌ᠯᠡᠬᠦ᠌ ᠨᠤᠲᠤᠭ ᠪᠡᠯᠴᠢᠭᠡᠷ ᠬᠡᠷᠡᠭᠯᠡᠬᠦ ᠶ᠋ᠢ ᠬᠠᠮᠲᠤᠷᠠᠨ ᠬᠢᠨᠠᠨ ᠵᠥᠪᠱᠢᠶᠡᠷᠡᠭᠦᠯᠬᠦ᠌ 《ᠨᠢᠭᠡ ᠭᠤᠶᠤᠴᠢᠯᠠᠯ ᠤ᠋ᠨ ᠬᠦᠰᠦᠨᠦᠭ᠌ᠲᠦ᠂ ᠨᠢᠭᠡ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ》 ᠤ᠋ᠨ ᠪᠠᠷᠢᠮᠵᠢᠶ᠎ᠠ ᠲᠣᠭ᠍ᠲᠠᠭᠠᠵᠤ᠂ ᠭᠠᠵᠠᠷ ᠱᠢᠷᠣᠶ ᠬᠡᠷᠡᠭ᠌ᠯᠡᠬᠦ᠌ ᠠᠵᠤ ᠠᠬᠤᠢᠯᠠᠯ ᠤ᠋ᠨ ᠳᠠᠷᠤᠭᠠᠰᠤ ᠶ᠋ᠢ ᠪᠦᠲᠦᠮᠵᠢᠲᠡᠶ ᠪᠠᠭᠠᠰᠬᠠᠪᠠ᠃ ᠲᠤᠷᠱᠢᠯᠲᠠ ᠵᠢᠨ ᠴᠡᠭ ᠤ᠋ᠨ ᠠᠵᠢᠯ ᠨᠢ ᠨᠢᠭᠡᠨᠲᠡ ᠬᠡᠷᠡᠭ᠌ᠵᠢᠭᠦᠯᠵᠦ᠍ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠬᠠᠮᠲᠤᠷᠠᠨ ᠬᠥᠳᠡᠯᠦᠯᠴᠡᠵᠦ᠍ ᠬᠢᠨᠠᠨ ᠵᠥᠪᠱᠢᠶᠡᠷᠡᠬᠦ᠌ ᠲᠤᠷᠱᠢᠯᠭ᠎ᠠ ᠠᠷᠭ᠎ᠠ ᠬᠢᠳᠡᠯ ᠢ᠋ ᠪᠦᠷᠢᠯᠳᠦᠭᠦᠯᠦᠭᠰᠡᠨ ᠪᠤᠯᠬᠤᠷ ᠡᠨᠡ ᠰᠠᠭᠤᠷᠢᠨ ᠳᠡᠭᠡᠷ᠎ᠡ᠂ ᠥᠪᠥᠷ ᠮᠣᠩᠭᠣᠯ ᠭᠠᠵᠠᠷ ᠱᠢᠷᠣᠶ ᠬᠡᠷᠡᠭ᠌ᠯᠡᠬᠦ᠌ ᠣᠶ ᠱᠢᠭᠤᠶ ᠬᠡᠷᠡᠭᠯᠡᠬᠦ ᠨᠤᠲᠤᠭ ᠪᠡᠯᠴᠢᠭᠡᠷ ᠬᠡᠷᠡᠭ᠌ᠯᠡᠬᠦ᠌ ᠵᠢ ᠬᠠᠮᠲᠤᠷᠠᠨ ᠬᠥᠳᠡᠯᠦᠯᠴᠡᠵᠦ᠍ ᠬᠢᠨᠠᠨ ᠵᠥᠪᠱᠢᠶᠡᠷᠡᠬᠦ᠌ ᠥᠭᠡᠷᠡᠴᠢᠯᠡᠯᠲᠡ ᠶ᠋ᠢ ᠪᠥᠬᠥ᠌ ᠲᠠᠯ᠎ᠠ ᠪᠡᠷ ᠬᠡᠷᠡᠭ᠌ᠵᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号