ᠰᠤᠷᠪᠤᠯᠵᠢᠯᠠᠭ᠍ᠴᠢ ᠤᠢᠷ᠎ᠡ ᠵᠢᠨ ᠡᠳᠦᠷ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠤᠢ᠍ᠢᠯᠠᠭᠠᠭ᠍ᠰᠠᠨ ᠵᠢᠡᠷ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠡᠬᠢ ᠨᠡᠢᠭᠡᠮ᠎ᠦᠨ ᠠᠵᠢᠯ᠎ᠤᠨ ᠲᠤᠰᠭᠠᠢ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠎ᠶ᠋ᠢᠨ ᠲᠥᠯᠥᠭᠡ᠂ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠤᠨ ᠬᠢᠨ ᠨᠡᠢᠭᠡᠮ᠎ᠦᠨ ᠡᠯ᠎ᠡ ᠡᠲᠡᠭᠡᠳ᠎ᠡᠴᠡ ᠢᠯᠡ᠎ᠪᠡᠷ ᠰᠠᠨᠠᠭᠤᠯᠭ᠎ᠠ ᠬᠤᠷᠢᠶᠠᠵᠤ ᠡᠬᠢᠯᠡᠪᠡ᠃
ᠲᠠᠨᠢᠯᠴᠠᠭᠤᠯᠤᠭ᠍ᠰᠠᠨ᠎ᠢᠶᠠᠷ᠂ ᠨᠡᠢᠭᠡᠮ᠎ᠦᠨ ᠡᠯ᠎ᠡ ᠡᠲᠡᠭᠡᠳ᠎ᠦᠨ᠎ᠬᠢᠨ ᠭᠤᠤᠯᠳᠠᠭᠤ ᠳᠤᠤᠷᠠᠬᠢ ᠬᠡᠳᠦᠨ ᠲᠠᠯ᠎ᠠ᠎ᠶ᠋ᠢᠨ ᠲᠣᠭᠣᠷᠢᠨ᠎ᠳᠤ ᠰᠠᠨᠠᠯ ᠰᠠᠨᠠᠭᠤᠯᠭ᠎ᠠ ᠳᠤᠷᠠᠳᠴᠤ᠌ ᠪᠣᠯᠤᠨ᠎ᠠ᠄ ᠱᠢᠰᠲ᠋ᠧᠮ᠎ᠲᠡᠶ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ; ᠨᠡᠢᠭᠡᠮ᠎ᠦᠨ ᠵᠠᠰᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ ᠢ ᠲᠡᠭᠦᠯᠳᠡᠷᠵᠢᠭᠦᠯᠬᠦ; ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢᠯᠠᠯ ᠵᠡᠷᠭᠡ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠬᠠᠬᠤ; ᠨᠡᠢᠭᠡᠮᠯᠢᠭ᠂ ᠰᠠᠭᠤᠷᠢ ᠮᠥᠩᠭᠥᠨ᠎ᠦ ᠨᠡᠢᠭᠡᠮᠯᠢᠭ᠂ ᠨᠡᠢᠭᠡᠮ᠎ᠦᠨ ᠵᠠᠭᠤᠴᠢ ᠪᠠᠢᠭᠤᠯᠤᠮᠵᠢ ᠵᠡᠷᠭᠡ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠬᠠᠬᠤ; ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠭᠠᠵᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ; ᠱᠢᠨ᠎ᠡ᠎ᠪᠡᠷ ᠠᠵᠢᠯ ᠣᠯᠤᠭ᠍ᠰᠠᠨ ᠬᠦᠮᠦᠰ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ ᠪᠠ ᠦᠢᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠬᠠᠬᠤ; ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍ ᠡᠨᠧᠷᠬᠢ ᠣᠯᠭᠣᠬᠤ᠎ᠶ᠋ᠢ ᠪᠠᠢᠩᠭᠤᠵᠢᠭᠤᠯᠬᠤ᠂ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ᠎ᠶ᠋ᠢ ᠠᠬᠢᠭᠤᠯᠬᠤ; ᠬᠥᠳᠡᠭᠡ ᠲᠣᠰᠭᠣᠨ᠎ᠤ ᠵᠠᠰᠠᠯᠲᠠ᠎ᠶ᠋ᠢ ᠴᠢᠩᠭᠠᠳᠭᠠᠵᠤ᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢ ᠲᠡᠭᠦᠯᠳᠡᠷᠵᠢᠭᠦᠯᠬᠦ; ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠦᠨᠳᠦᠰᠦᠨ ᠱᠠᠲᠤᠨ᠎ᠤ ᠵᠠᠰᠠᠯᠲᠠ ᠳᠤᠮᠳᠠᠬᠢ ᠦᠶ᠋ᠯᠡᠳᠦᠯ᠎ᠢ ᠪᠠᠳᠠᠷᠠᠭᠤᠯᠬᠤ; ᠱᠢᠨ᠎ᠡ ᠴᠠᠭ ᠦᠶ᠎ᠡ᠎ᠶ᠋ᠢᠨ ᠠᠷᠠᠳ ᠲᠦᠮᠡᠨ᠎ᠦ ᠰᠠᠨᠠᠭᠤᠯᠭ᠎ᠠ᠎ᠶ᠋ᠢ ᠬᠤᠷᠢᠶᠠᠬᠤ ᠠᠵᠢᠯ᠎ᠢ ᠰᠠᠢᠲᠤᠷ ᠬᠢᠬᠦ᠌; ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠬᠠᠬᠤ; ᠨᠡᠢᠭᠡᠮ᠎ᠦᠨ ᠠᠵᠢᠯ᠎ᠤᠨ ᠲᠤᠰᠭᠠᠶ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠬᠠᠬᠤ᠃
ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠰᠠᠨᠠᠭᠤᠯᠭ᠎ᠠ ᠬᠤᠷᠢᠶᠠᠬᠤ ᠠᠵᠢᠯ ᠡᠨᠡ ᠵᠢᠯ᠎ᠦᠨ 3 ᠰᠠᠷ᠎ᠠ᠎ᠶ᠋ᠢᠨ 5 ᠤ᠋ ᠡᠳᠦᠷ ᠪᠣᠯᠲᠠᠯ᠎ᠠ ᠦᠷᠭᠦᠯᠵᠢᠯᠡᠨ᠎ᠡ᠃ ᠣᠯᠠᠨ ᠨᠡᠢᠲᠡ᠎ᠪᠡᠷ᠎ᠢᠶᠡᠨ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠤᠨ ᠰᠦᠯᠵᠢᠶᠡᠨ᠎ᠳᠦ ᠭᠠᠷᠴᠤ᠌᠂ ᠲᠡᠷᠢᠭᠦᠨ ᠨᠢᠭᠤᠷ᠎ᠤᠨ ᠬᠣᠯᠪᠣᠭ᠍ᠳᠠᠯ ᠪᠥᠬᠥᠶ ᠲᠤᠰᠭᠠᠶ ᠪᠤᠯᠤᠩ ᠪᠤᠶᠤ 《ᠠᠷᠠᠳ ᠲᠦᠮᠡᠨ᠎ᠦ ᠰᠠᠨᠠᠭᠤᠯᠭ᠎ᠠ ᠵᠢ ᠬᠤᠷᠢᠶᠠᠬᠤ》 ᠲᠤᠰᠭᠠᠶ ᠪᠤᠯᠤᠩ᠎ᠢ ᠲᠤᠪᠴᠢᠳᠠᠵᠤ ᠪᠢᠴᠢᠭᠡᠰᠤ ᠦᠯᠡᠳᠡᠭᠡᠵᠦ᠍ ᠪᠣᠯᠤᠨ᠎ᠠ᠂ ᠪᠠᠰᠠ ᠵᠢᠷᠬᠢᠶ᠎ᠡ ᠵᠢᠨ ᠣᠯᠠᠨ ᠨᠡᠢᠲᠡ᠎ᠶ᠋ᠢᠨ ᠳ᠋ᠤᠭᠠᠷ 《ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠤᠨ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠲᠥᠪ》 ᠵᠡᠷᠭᠡ ᠠᠷᠭ᠎ᠠ ᠵᠠᠮ᠎ᠢᠶᠠᠷ ᠰᠠᠨᠠᠭᠤᠯᠭ᠎ᠠ ᠳᠡᠪᠱᠢᠭᠦᠯᠵᠦ᠍ ᠪᠣᠯᠤᠨ᠎ᠠ᠃ ᠡᠭᠦᠨ᠎ᠡᠴᠡ ᠭᠠᠳᠠᠨ᠎ᠠ᠂ ᠣᠯᠠᠨ ᠨᠡᠢᠲᠡ ᠪᠠᠰᠠ ᠰᠠᠨᠠᠯ᠎ᠢᠶᠠᠨ zysxwxc@zyshgzb.gov.cn ᠳ᠋ᠥ᠍ ᠢᠯᠡᠭᠡᠵᠦ᠍ ᠪᠣᠯᠤᠨ᠎ᠠ᠂ ᠢᠮᠧᠯ᠎ᠦᠨ ᠭᠤᠤᠯ ᠰᠡᠳᠦᠪ᠎ᠢᠶᠡᠨ 《ᠲᠥᠯᠥᠪᠵᠢᠭᠦᠯᠭᠡ᠎ᠶ᠋ᠢᠨ ᠰᠠᠨᠠᠭᠤᠯᠭ᠎ᠠ — ᠨᠢᠭᠡᠴᠢ / ᠣᠪᠣᠭ ᠨᠡᠷ᠎ᠡ — ᠬᠠᠷᠢᠯᠴᠠᠬᠤ ᠬᠡᠯᠪᠡᠷᠢ》 ᠭᠡᠵᠦ ᠲᠣᠳᠣᠷᠬᠠᠢᠯᠠᠭᠠᠷᠠᠶ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)