ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠥᠬᠡᠬᠣᠲᠠ᠎ᠶᠢᠨ ᠭᠠᠯᠳᠦ ᠲᠡᠷᠭᠡᠨ᠎ᠤ ᠵᠡᠭᠦᠨ ᠥᠷᠲᠡᠭᠡ᠎ᠳᠦ 《ᠠᠵᠢᠯᠴᠢᠨ᠎ᠤ ᠡᠪᠯᠡᠯ ᠡᠷᠬᠡ ᠠᠰᠢᠭ᠋ ᠢ᠋ ᠬᠠᠮᠠᠭᠠᠯᠠᠬᠤ ᠦᠢᠯᠡᠴᠢᠯᠡᠭᠡ᠎ᠶᠢ ᠳᠡᠭᠡᠭᠰᠢᠯᠡᠭᠦᠯᠬᠦ ᠪᠠᠢᠭᠤᠯᠤᠯᠲᠠ᠎ᠶᠢᠨ ᠢᠨᠵᠧᠨᠧᠷᠢᠩ》 ᠤ᠋ᠨ ᠰᠢᠷᠢᠰ ᠠᠵᠢᠯᠯᠠᠭ᠎ᠠ ᠥᠷᠨᠢᠭᠦᠯᠪᠡ᠃ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠠᠵᠢᠯ᠎ᠤᠨ ᠰᠢᠨ᠎ᠡ᠎ᠶᠢ ᠡᠭᠦᠳᠬᠦ ᠪᠠ ᠦᠢᠯᠡᠴᠢᠯᠡᠭᠡ᠎ᠶᠢ ᠳᠣᠷᠣᠭ᠍ᠰᠢ ᠪᠠᠭᠤᠯᠭᠠᠭᠰᠠᠨ ᠨᠢᠭᠡ ᠤᠳᠠᠭᠠᠨ᠎ᠤ ᠪᠣᠳᠠᠲᠦ ᠦᠢᠯᠡᠳᠦᠯᠭᠡ ᠪᠠᠢᠵᠦ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠤ ᠨᠤᠲᠤᠭ᠎ᠲᠠᠭᠠᠨ ᠪᠤᠴᠠᠬᠤ ᠠᠶᠠᠨᠴᠢᠳ ᠬᠠᠮᠤᠭ᠎ᠤᠨ ᠲᠥᠪᠯᠡᠷᠡᠭᠰᠡᠨ᠂ ᠬᠠᠮᠤᠭ᠎ᠤᠨ ᠬᠠᠯᠠᠮᠵᠢᠯᠠᠬᠤ ᠴᠢᠬᠤᠯᠠᠲᠠᠢ ᠵᠠᠩᠭᠢᠯᠠᠭ᠎ᠠ᠎ᠶᠢᠨ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠ᠋ᠴᠠ᠎ᠪᠠᠨ《ᠨᠢᠭᠡ ᠥᠷᠲᠡᠭᠡᠴᠢᠯᠡᠭᠰᠡᠨ ᠮᠠᠶᠢᠭ᠋》᠎ᠤ᠋ᠨ ᠡᠷᠬᠡ ᠠᠰᠢᠭ᠋᠎ᠢᠶᠠᠨ ᠬᠠᠮᠠᠭᠠᠯᠠᠬᠤ ᠵᠥᠪᠯᠡᠯᠭᠡ ᠥᠭᠬᠦ ᠪᠠ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ ᠬᠦᠷᠭᠡᠵᠦ᠂ ᠥᠷᠭᠡᠨ ᠣᠯᠠᠨ ᠠᠶᠠᠨᠴᠢᠳ᠎ᠤᠨ ᠠᠮᠤᠷ ᠲᠠᠢᠪᠤᠩ᠎ᠢᠶᠠᠷ ᠨᠤᠲᠤᠭ᠎ᠲᠠᠭᠠᠨ ᠪᠤᠴᠠᠬᠤ᠂ ᠰᠡᠳᠬᠢᠯ ᠠᠮᠤᠷ ᠰᠢᠨᠡᠯᠡᠵᠦ ᠴᠠᠭᠠᠯᠠᠬᠤ᠎ᠳᠤ ᠬᠦᠴᠦᠨ ᠨᠡᠮᠡᠷᠢᠯᠡᠨ᠎ᠡ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠠᠵᠢᠯᠴᠢᠨ᠎ᠤ ᠡᠪᠯᠡᠯ᠎ᠦᠨ ᠦᠢᠯᠡᠴᠢᠯᠡᠭᠡᠨ᠎ᠦ ᠲᠠᠪᠴᠠᠩ ᠲᠤᠬᠢᠷᠠᠭᠤᠯᠵᠦ᠂ ᠠᠵᠢᠯᠲᠠᠨ ᠪᠠ ᠰᠠᠢᠨ ᠳᠤᠷᠠᠴᠤᠳ᠎ᠢ ᠵᠣᠬᠢᠶᠠᠨ ᠪᠠᠢᠭᠤᠯᠵᠤ᠂ ᠠᠶᠠᠨᠴᠢᠳ ᠪᠠ ᠵᠢᠭᠤᠯᠴᠢᠯᠠᠬᠰᠡᠳ᠎ᠲᠤ᠂ ᠢᠯᠠᠩᠭᠤᠶ᠎ᠠ ᠨᠤᠲᠤᠭ᠎ᠲᠠᠭᠠᠨ ᠪᠤᠴᠠᠬᠤ ᠪᠡᠷ ᠪᠠᠢᠭ᠎ᠠ ᠬᠦᠯᠦᠰᠦᠨ ᠠᠵᠢᠯᠴᠢᠳ ᠲᠸ᠋ ᠬᠠᠨᠳᠤᠯᠭᠠᠲᠦ ᠴᠢᠨᠠᠷᠲᠠᠢ ᠰᠡᠳᠬᠢᠯ ᠢ᠋ ᠲᠤᠯᠠᠭᠠᠴᠠᠭᠤᠯᠬᠤ ᠦᠢᠯᠡᠴᠢᠯᠡᠭᠡ ᠬᠠᠩᠭᠠᠪᠠ᠃ ᠦᠢᠯᠡᠴᠢᠯᠡᠭᠡᠨ᠎ᠦ ᠲᠠᠪᠴᠠᠩ ᠨᠢ ᠠᠵᠢᠯᠴᠢᠨ᠎ᠤ ᠡᠪᠯᠡᠯ᠎ᠦᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠠᠵᠢᠯᠲᠠᠨ ᠠᠵᠢᠯᠴᠢᠨ᠎ᠤ ᠡᠷᠬᠡ ᠠᠰᠢᠭ᠋᠎ᠤᠨ ᠯᠠᠪᠯᠠᠭ᠎ᠠ ᠵᠡᠷᠭᠡ ᠦᠢᠯᠡᠴᠢᠯᠡᠭᠡ ᠥᠷᠨᠢᠭᠦᠯᠦᠭᠰᠡᠨ᠎ᠢᠶᠡᠷ ᠪᠠᠷᠠᠬᠤ ᠦᠭᠡᠢ ᠪᠠᠰᠠ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠭᠣᠣᠯ ᠰᠡᠳᠦᠪ᠎ᠲᠠᠢ ᠤᠶᠠᠯᠳᠤᠭᠤᠯᠤᠨ᠂ ᠴᠠᠭᠠᠨ ᠰᠠᠷ᠎ᠠ᠎ᠶᠢᠨ ᠬᠣᠣᠰ ᠤᠶᠠᠩᠭ᠎ᠠ ᠪᠡᠯᠡᠭᠯᠡᠭᠰᠡᠨ ᠪᠥᠭᠡᠳ ᠴᠢᠬᠤᠯᠠ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠬᠡᠷᠡᠭᠰᠡᠯ ᠪᠣᠯᠣᠨ ᠰᠡᠳᠬᠢᠯ᠎ᠢ ᠳᠤᠯᠠᠭᠠᠴᠠᠭᠤᠯᠬᠤ ᠡᠳ᠋ ᠪᠣᠳᠠᠰ ᠪᠡᠯᠡᠳᠬᠡᠵᠦ᠂《ᠲᠥᠷᠬᠦᠮ᠎ᠦᠨ ᠬᠥᠮᠥᠨ》᠎ᠤ᠋ ᠬᠠᠯᠠᠮᠵᠢᠯᠠᠯ᠎ᠢ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠨᠢᠭᠡᠳᠦᠭᠡᠷ ᠹᠷᠣᠨᠲ᠎ᠲᠤ ᠬᠦᠷᠭᠡᠪᠡ᠃
《 ᠡᠨᠡ ᠵᠢᠯ ᠪᠢ ᠠᠩᠬ᠎ᠠ ᠤᠳᠠᠭ᠎ᠠ ᠴᠠᠭᠠᠨ ᠰᠠᠷ᠎ᠠ ᠶ᠋ᠢᠨ ᠵᠥᠭᠡᠭᠡᠪᠦᠷᠢ ᠶ᠋ᠢᠨ ᠰᠠᠢᠨ ᠳᠤᠷ᠎ᠠ ᠶ᠋ᠢᠨ ᠦᠢᠯᠡᠴᠢᠯᠡᠭᠡ᠎ᠳᠦ ᠣᠷᠣᠯᠴᠠᠵᠤ ᠪᠠᠢᠭ᠎ᠠ ᠪᠣᠯᠬᠣᠷ ᠰᠡᠳᠬᠢᠯ ᠳᠣᠭᠳᠣᠯᠵᠤ ᠪᠠᠢᠬᠤ ᠮᠦᠷᠲᠡᠭᠡᠨ ᠬᠠᠷᠢᠭᠤᠴᠠᠯᠭ᠎ᠠ ᠬᠦᠨᠳᠦ ᠰᠠᠨᠠᠬᠲᠠᠵᠦ ᠪᠠᠢᠨ᠎ᠠ᠃ ᠠᠶᠠᠨᠴᠢᠨ ᠨᠢᠭᠡᠪᠦᠷᠢ᠎ᠶᠢᠨ ᠨᠤᠲᠤᠭ᠎ᠲᠠᠭᠠᠨ ᠪᠤᠴᠠᠬᠤ ᠵᠠᠮ᠎ᠳᠤ ᠪᠢ ᠳᠤᠷᠠᠲᠠᠶ᠎ᠠ ᠬᠦᠴᠦᠨ ᠴᠢᠳᠠᠯ᠎ᠢᠶᠠᠨ ᠡᠷᠭᠦᠨ᠎ᠡ 》 ᠬᠡᠵᠦ ᠠᠵᠢᠯᠴᠢᠨ᠎ᠤ ᠡᠪᠯᠡᠯ᠎ᠦᠨ ᠰᠠᠢᠨ ᠳᠤᠷ᠎ᠠ᠎ᠶᠢᠨ ᠠᠵᠢᠯᠯᠠᠭ᠍ᠴᠢ᠂ ᠥᠪᠥᠷ ᠮᠣᠩᠭᠣᠯ᠎ᠤᠨ ᠬᠤᠩ ᠳᠧ ᠨᠡᠢᠭᠡᠮ ᠪᠠᠢᠭᠠᠯᠢ ᠢ᠋ᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠶᠢᠨ ᠰᠣᠷᠣᠭ᠍ᠴᠢ ᠯᠢᠦ ᠶᠦᠨ ᠰᠢᠨ ᠬᠡᠯᠡᠪᠡ᠃