ᠤᠢᠷ᠎ᠠ ᠳ᠋ᠦ᠍᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠵᠢᠨ 26 ᠳ᠋ᠤᠭᠠᠷ ᠪᠦᠯᠦᠭ ᠤᠨ ᠷᠦᠸᠠᠨᠳᠠ ᠵᠢ ᠲᠤᠰᠠᠯᠠᠬᠤ ᠡᠮᠴᠢᠯᠡᠭᠡᠨ ᠤ᠋ ᠠᠩᠭᠢ ᠮᠤᠷᠳᠠᠪᠠ᠃
ᠲᠤᠰ ᠪᠦᠯᠦᠭ ᠤ᠋ᠨ ᠭᠡᠰᠢᠭᠦᠳ ᠴᠥᠮ ᠡᠮᠴᠢᠯᠡᠭᠡᠨ ᠤ᠋ ᠲᠤᠷᠰᠢᠯᠭ᠎ᠠ ᠪᠠᠷ ᠪᠠᠶᠠᠯᠢᠭ ᠲᠤᠬᠠᠢᠯᠠᠭᠰᠠᠨ ᠠᠵᠢᠯ ᠤ᠋ᠨ ᠭᠣᠣᠯᠯᠠᠭᠴᠢ ᠬᠦᠴᠦᠨ ᠪᠣᠯᠵᠤ ᠪᠠᠢᠭᠰᠠᠨ ᠪᠥᠭᠡᠳ ᠬᠠᠭᠠᠰ ᠵᠢᠯ ᠤ᠋ᠨ ᠬᠤᠭᠤᠴᠠᠭ᠎ᠠ ᠪᠦᠬᠦᠢ ᠰᠢᠰᠲ᠋ᠧᠮᠲᠦ ᠲᠤᠰᠬᠠᠢ ᠲᠥᠪᠯᠡᠷᠡᠭᠦᠯᠦᠭᠰᠡᠨ ᠪᠤᠯᠪᠠᠰᠤᠷᠠᠯ ᠬᠦᠷᠳᠡᠵᠤ᠂ ᠠᠭᠤᠯᠭ᠎ᠠ ᠵᠢᠨ ᠬᠤᠪᠢ ᠳ᠋ᠤ᠌ ᠣᠯᠠᠨ ᠤᠯᠤᠰ ᠤ᠋ᠨ ᠡᠮᠴᠢᠯᠡᠭᠡᠨ ᠤ᠋ ᠠᠪᠤᠷᠠᠨ ᠲᠤᠰᠠᠯᠠᠬᠤ᠂ ᠠᠹᠷᠢᠺᠠ ᠲᠢᠪ ᠤ᠋ᠨ ᠭᠣᠣᠯᠳᠠᠯᠭ᠎ᠠ ᠲᠠᠢ ᠭᠡᠮ ᠬᠢᠵᠢᠭ ᠢ᠋ ᠰᠡᠷᠭᠡᠢᠯᠡᠨ ᠵᠠᠰᠠᠬᠤ ᠵᠢᠴᠢ ᠰᠣᠶᠣᠯ ᠠᠯᠤᠰᠯᠠᠨ ᠨᠡᠪᠲᠡᠷᠡᠯᠴᠡᠬᠦ ᠵᠡᠷᠭᠡ ᠵᠢ ᠪᠠᠭᠲᠠᠭᠠᠵᠤ᠂ ᠭᠠᠳᠠᠭᠠᠳᠤ ᠳ᠋ᠤ ᠲᠤᠰᠠᠯᠠᠬᠤ ᠡᠭᠦᠷᠭᠡ ᠪᠠᠨ ᠠᠮᠵᠢᠯᠲᠠ ᠲᠠᠢ ᠭᠦᠢᠴᠡᠳᠬᠡᠬᠦ ᠳ᠋ᠦ᠍ ᠪᠠᠲᠤ ᠰᠠᠭᠤᠷᠢ ᠲᠠᠯᠪᠢᠵᠠᠢ᠃
ᠤᠢᠯᠠᠭᠠᠭᠰᠠᠨ ᠵᠢᠡᠷ᠂ 1982 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠮᠨᠡᠯᠭᠡ ᠵᠢᠨ ᠬᠣᠷᠢᠶᠠᠵᠢᠨ ᠬᠢᠨ ᠲᠦᠷᠦᠬᠦᠤ ᠪᠦᠯᠦᠭᠤᠨ ᠷᠦᠸᠠᠨᠳᠠ ᠵᠢ ᠲᠤᠰᠠᠯᠠᠬᠤ ᠡᠮᠴᠢᠯᠡᠭᠡᠨ ᠤ᠋ ᠠᠩᠭᠢ ᠵᠢ ᠲᠣᠮᠢᠯᠠᠭᠰᠠᠨᠠ᠋ᠴᠠ ᠣᠳᠣ ᠪᠣᠯᠲᠠᠯ᠎ᠠ 44 ᠵᠢᠯ ᠪᠣᠯᠵᠤ ᠪᠤᠢ᠃ ᠡᠳᠡᠭᠡᠷ ᠵᠢᠯᠤᠳ ᠲᠦ᠍ ᠡᠮᠴᠢᠯᠡᠭᠡᠨ ᠤ᠋ ᠠᠵᠢᠯᠲᠠᠳ 《ᠠᠮᠢ ᠨᠠᠰᠤ ᠵᠢ ᠳᠡᠭᠡᠳᠦᠯᠡᠵᠦ᠂ ᠦᠬᠦᠯ ᠡᠴᠡ ᠠᠪᠤᠷᠠᠨ ᠰᠢᠷᠬᠠᠳᠤᠭᠰᠠᠳ ᠢ᠋ ᠲᠡᠩᠬᠡᠷᠡᠭᠦᠯᠬᠦ᠂ ᠬᠠᠷᠠᠮ ᠦᠭᠡᠢ ᠵᠤᠷᠢᠭᠤᠯᠬᠤ᠂ ᠬᠢᠵᠠᠭᠠᠷ ᠦᠭᠡᠢ ᠶᠡᠭᠡ ᠬᠠᠢᠷ᠎ᠠ》 ᠳᠤᠮᠳᠠᠳᠤ ᠤᠯᠤᠰ ᠤ᠋ᠨ ᠡᠮᠴᠢᠯᠡᠭᠡᠨ ᠤ᠋ ᠠᠩᠭᠢ ᠵᠢᠨ ᠵᠣᠷᠢᠭ ᠰᠠᠨᠠᠭ᠎ᠠ ᠵᠢ ᠢᠮᠠᠭᠳᠠ ᠦᠢᠯᠡᠳᠦᠯᠭᠡᠵᠢᠭᠦᠯᠦᠭᠰᠡᠭᠡᠷ ᠢᠷᠡᠵᠡᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号