ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠠ ᠵᠢᠨ ᠲᠠᠮᠢᠷ᠎ᠤᠨ ᠴᠤᠬᠯᠠᠭᠠᠨ᠎ᠤ ᠤᠯᠠᠨ ᠲᠦᠮᠡᠨ᠎ᠤ ᠲᠤᠭᠤᠢᠯᠠᠩ ᠤ᠋ᠨ ᠮᠦᠰᠦ ᠲᠡᠰᠢᠬᠦ ᠤᠷᠤᠯᠳᠤᠭᠠᠨ ᠶᠠᠪᠤᠬᠳᠠᠪᠠ
2026-02-10 09:52:37
ᠵᠣᠬᠢᠶᠠᠭ᠍ᠴᠢ᠄
​ ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠠ ᠵᠢᠨ ᠲᠠᠮᠢᠷ ᠤ᠋ᠨ ᠴᠤᠬᠯᠠᠭᠠᠨ᠎ᠤ ᠤᠯᠠᠨ ᠲᠦᠮᠡᠨ᠎ᠤ ᠲᠤᠭᠤᠢᠯᠠᠩ᠎ᠤᠨ ᠮᠦᠰᠦ ᠲᠡᠰᠢᠬᠦ ᠤᠷᠤᠯᠳᠤᠭᠠᠨ ᠵᠢᠴᠢ ᠪᠦᠬᠦ ᠠᠷᠠᠳ᠎ᠤᠨ ᠪᠡᠶ᠎ᠠ ᠴᠢᠬᠢᠷᠠᠬᠵᠢᠭᠤᠯᠬᠤ ᠮᠦᠰᠦ ᠴᠠᠰᠤᠨ᠎ᠤ ᠤᠷᠤᠯᠳᠤᠭᠠᠨ᠎ᠤ ᠬᠤᠷᠳᠤᠨ ᠲᠠᠰᠢᠬᠦ ᠶᠡᠷᠦᠩᠬᠡᠢ ᠰᠢᠢᠳᠪᠦᠷᠢᠳᠤ ᠤᠷᠤᠯᠳᠤᠭᠠᠨ ᠲᠦᠷᠦᠭᠦᠬᠡᠨ ᠪᠤᠭᠤᠲᠤ ᠬᠤᠳᠠ ᠵᠢᠨ ᠤᠯᠢᠮᠫᠢᠺ ᠴᠡᠴᠡᠷᠯᠢᠭ ᠲᠤ᠌ ᠶᠠᠪᠤᠬᠳᠠᠵᠦ᠂ ᠬᠦᠬᠡᠬᠤᠳᠠ᠂ ᠪᠤᠭᠤᠲᠤ᠂ ᠤᠷᠳᠤᠰ᠂ ᠬᠦᠯᠤᠨ ᠪᠤᠢᠷ᠂ ᠤᠯᠠᠭᠠᠨᠴᠠᠪ ᠬᠤᠳᠠ ᠵᠢᠴᠢ ᠰᠢᠯᠢ ᠵᠢᠨ ᠭᠤᠤᠯ ᠠᠢᠮᠠᠭ ᠵᠡᠷᠭᠡ 6 ᠠᠢᠮᠠᠭ ᠬᠤᠳᠠ ᠵᠢᠨ 67 ᠮᠦᠰᠤ ᠲᠡᠰᠢᠬᠦ ᠪᠠᠬᠠᠳᠠᠨ ᠤᠷᠤᠯᠴᠠᠵᠠᠢ᠃

ᠲᠤᠰ ᠤᠷᠤᠯᠳᠤᠭᠠᠨ᠎ᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ ᠤ᠋ᠨ ᠤᠷᠳᠤᠨ ᠭᠤᠤᠯᠯᠠᠨ ᠡᠷᠬᠢᠯᠠᠵᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠲᠤᠪᠴᠢᠶ᠎ᠠ᠂ ᠪᠤᠭᠤᠲᠤ ᠬᠤᠳᠠ ᠵᠢᠨ ᠠᠷᠠᠳ᠎ᠤᠨ ᠵᠠᠰᠠᠭ ᠤ᠋ᠨ ᠤᠷᠳᠤᠨ ᠲᠠᠭᠠᠭᠠᠴᠢᠯᠠᠨ ᠡᠷᠬᠢᠯᠠᠪᠡ᠃ ᠤᠷᠤᠯᠳᠤᠭᠠᠨ ᠳᠡᠭᠡᠷ᠎ᠡ 4×200 ᠮᠧᠲᠷ᠎ᠤᠨ ᠬᠤᠯᠢᠮᠠᠭ ᠪᠤᠤᠬᠢᠶ᠎ᠠ ᠤᠷᠤᠯᠳᠤᠭᠠᠨ ᠪᠤᠯᠤᠨ 2000 ᠮᠧᠲᠷ᠎ᠤᠨ ᠬᠤᠯᠢᠮᠠᠭ ᠬᠠᠮᠳᠤ ᠵᠢᠨ ᠤᠷᠤᠯᠳᠤᠭᠠᠨ ᠭᠡᠬᠦ 2 ᠲᠦᠷᠤᠯ᠎ᠤᠨ ᠤᠷᠤᠯᠳᠤᠭᠠᠨ ᠲᠤᠬᠢᠷᠠᠭᠤᠯᠵᠦ᠂ 8 ᠨᠠᠰᠤᠳᠠᠢ ᠬᠡᠤᠬᠡᠳ ᠡᠴᠡ 60 ᠬᠦᠷᠦᠭᠰᠡᠨ ᠦᠳᠡᠭᠦᠰ ᠬᠦᠷᠲᠡᠯ᠎ᠡ ᠤᠷᠤᠯᠴᠠᠵᠤ᠂ ᠡᠪᠦᠯ᠎ᠤᠨ ᠤᠯᠠᠷᠢᠯ ᠤ᠋ᠨ ᠮᠦᠰᠦ ᠴᠠᠰᠤᠨ᠎ᠤ ᠬᠦᠳᠡᠯᠭᠡᠭᠡᠨ᠎ᠤ ᠬᠠᠯᠠᠮᠰᠢᠯ ᠤᠷᠤᠯᠳᠤᠭᠠᠨ ᠪᠤᠯᠤᠬᠰᠠᠨ ᠪᠠᠢᠨ᠎ᠠ᠃

ᠤᠢᠯᠠᠭᠠᠬᠰᠠᠨ ᠵᠢᠡᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠠ ᠵᠢᠨ ᠲᠠᠮᠢᠷ᠎ᠤᠨ ᠴᠤᠬᠯᠠᠭᠠᠨ᠎ᠤ ᠤᠯᠠᠨ ᠲᠦᠮᠡᠨ᠎ᠤ ᠲᠤᠭᠤᠢᠯᠠᠩ ᠤ᠋ᠨ ᠮᠦᠰᠦ ᠲᠡᠰᠢᠬᠦ ᠤᠷᠤᠯᠳᠤᠭᠠᠨ ᠳ᠋ᠤ ᠲᠤᠬᠢᠷᠠᠭᠤᠯᠤᠬᠰᠠᠨ 2 ᠲᠦᠷᠤᠯ᠎ᠤᠨ ᠤᠷᠤᠯᠳᠤᠭᠠᠠ ᠨᠢ ᠮᠠᠨ᠎ᠤ ᠤᠷᠤᠨ᠎ᠤ ᠪᠦᠬᠦ ᠤᠯᠤᠰ᠎ᠤᠨ ᠪᠡᠶ᠎ᠠ ᠵᠢᠨ ᠲᠠᠮᠢᠷ᠎ᠤᠨ ᠴᠤᠬᠯᠠᠭᠠᠨ᠎ᠤ ᠬᠤᠷᠳᠤᠨ ᠲᠠᠰᠢᠬᠦ ᠤᠷᠤᠯᠳᠤᠭᠠᠨ᠎ᠤ ᠲᠦᠷᠤᠯ ᠳ᠋ᠤ ᠤᠷᠤᠭᠤᠯᠤᠬᠰᠠᠨ ᠴᠤ ᠰᠢᠨ᠎ᠠ ᠤᠷᠤᠯᠳᠤᠭᠠᠨ᠎ᠤ ᠲᠦᠷᠤᠯ ᠪᠠᠢᠵᠦ᠂ ᠮᠦᠨ ᠴᠤ᠌ ᠠᠷᠪᠡᠨ ᠲᠦᠷᠪᠡᠳᠦᠭᠡᠷ ᠬᠤᠭᠤᠴᠠᠭᠠᠨ᠎ᠤ ᠡᠪᠤᠯ᠎ᠤᠨ ᠤᠯᠠᠷᠢᠯ᠎ᠤᠨ ᠪᠡᠶ᠎ᠠ ᠵᠢᠨ ᠲᠠᠮᠢᠷ᠎ᠤᠨ ᠴᠤᠬᠯᠠᠭᠠᠨ᠎ᠤ ᠰᠢᠨ᠎ᠠ ᠪᠡᠷ ᠨᠡᠮᠡᠭᠳᠡᠭᠰᠡᠨ ᠤᠷᠤᠯᠳᠤᠭᠠᠨ᠎ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号