2025 — 2026 ᠣᠨ᠎ᠤ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠲᠠᠮᠢᠷ᠎ᠤᠨ ᠴᠤᠭ᠍ᠯᠠᠭᠠᠨ ᠡᠮᠦᠨᠡᠬᠡᠨ ᠬᠦᠬᠡᠬᠤᠲᠠ᠎ᠶᠢᠨ ᠳ᠋ᠦᠩ ᠾᠧᠮᠥᠰᠥ᠍ ᠴᠠᠰᠤᠨ᠎ᠤ ᠲᠠᠯᠠᠪᠠᠶ᠎ᠳᠤ ᠶᠠᠪᠤᠭ᠍ᠳᠠᠪᠠ᠃ ᠲᠣᠰ ᠤᠳᠠᠭᠠᠨ᠎ᠤ ᠠᠵᠢᠯᠯᠠᠭ᠎ᠠ᠎ᠶ᠋ᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠬᠠᠮᠲᠤᠷᠠᠨ ᠡᠷᠭᠢᠯᠡᠵᠦ᠍᠂ ᠪᠥᠬᠥ᠌ ᠬᠣᠲᠠ᠎ᠶ᠋ᠢᠨ 400 ᠭᠠᠷᠤᠶ ᠵᠠᠯᠠᠭᠤᠴᠤᠳ ᠪᠠᠭᠠᠴᠤᠳ ᠣᠷᠣᠯᠴᠠᠵᠠᠶ᠃
ᠲᠤᠰ ᠤᠷᠤᠯᠳᠤᠭᠠᠨ᠎ᠢ ᠨᠠᠰᠤ ᠵᠢᠯ᠎ᠢᠶᠡᠷ᠎ᠨᠢ ᠪᠠᠭ᠎ᠠ ᠰᠤᠷᠭᠠᠭᠤᠯᠢ᠎ᠶ᠋ᠢᠨ ᠳᠤᠭᠤᠢᠯᠠᠩ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠢᠯᠠᠩ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠢᠯᠠᠩ ᠪᠣᠯᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠳᠤᠭᠤᠢᠯᠠᠩ ᠭᠡᠵᠦ᠍ ᠬᠤᠪᠢᠶᠠᠪᠠ᠃ ᠤᠷᠤᠯᠳᠤᠭᠠᠨ᠎ᠳᠦ ᠮᠥᠰᠥᠨ ᠲᠡᠷᠭᠡ ᠵᠢᠨ ᠪᠤᠤᠬᠢᠶ᠎ᠠ ᠤᠷᠤᠯᠳᠤᠭᠠᠨ᠂ ᠮᠥᠰᠥᠨ ᠪᠥᠮᠪᠥᠭᠡ᠎ᠶ᠋ᠢᠨ ᠤᠷ᠎ᠠ ᠮᠡᠷᠭᠡᠵᠢᠯ᠎ᠦᠨ ᠥᠷᠢᠰᠥᠯᠳᠦᠭᠡᠨ᠂ ᠮᠥᠰᠥᠨ ᠳᠡᠪᠦᠷ᠎ᠡ ᠵᠢᠨ ᠤᠷᠤᠯᠳᠤᠭᠠᠨ ᠵᠡᠷᠭᠡ ᠤᠯᠠᠨ ᠲᠦᠷᠦᠯ ᠵᠦᠢᠯ᠎ᠢ ᠨᠠᠷᠢᠨ ᠨᠢᠮᠪᠠᠢ ᠪᠠᠢᠷᠢᠯᠠᠭᠤᠯᠵᠤ᠂ ᠰᠣᠨᠢᠷᠬᠠᠯᠲᠤ ᠴᠢᠨᠠᠷ ᠪᠣᠯᠤᠨ ᠥᠷᠢᠰᠥᠯᠳᠦᠭᠡᠨ᠎ᠳᠦ ᠴᠢᠨᠠᠷ᠎ᠢ ᠠᠭᠤᠰᠤᠯᠴᠠᠭᠤᠯᠪᠠ᠃ ᠲᠤᠰ ᠤᠷᠤᠯᠳᠤᠭᠠᠨ᠎ᠨᠢ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠲᠦᠭᠡᠮᠡᠯᠵᠢᠯᠢ ᠪᠦᠲᠦᠮᠵᠢᠲᠡᠶ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠦᠯᠬᠦᠮ ᠨᠡᠢᠲᠡ᠎ᠶ᠋ᠢᠨ ᠬᠠᠮᠵᠢᠯᠴᠠᠭ᠎ᠠ ᠪᠣᠯᠤᠨ ᠥᠪᠡᠷ᠎ᠢ᠎ᠪᠡᠨ ᠢᠯᠠᠨ ᠳᠠᠪᠠᠬᠤ ᠵᠣᠷᠢᠭ ᠰᠠᠨᠠᠭ᠎ᠠ ᠵᠠᠩ ᠴᠢᠨᠠᠷ᠎ᠢ ᠬᠦᠴᠦᠯᠡᠨ ᠬᠥᠮᠦᠵᠢᠭᠦᠯᠵᠦ᠍᠂ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号