ᠡᠨᠡ ᠡᠳᠤᠷ (5᠎ᠤ ᠡᠳᠦᠷ) 57 ᠳ᠋ᠤᠭᠠᠷ ᠤᠳᠠᠭᠠᠨ᠎ᠤ 《ᠳᠤᠮᠳᠠᠳᠤ ᠤᠯᠤᠰ᠎ᠤᠨ ᠢᠨᠲᠧᠷ ᠰᠦᠯᠵᠢᠶᠡᠨ᠎ᠦ ᠬᠥᠭᠵᠢᠯᠲᠡ ᠶ᠋ᠢᠨ ᠪᠠᠢᠳᠠᠯ᠎ᠤᠨ ᠪᠦᠷᠢᠳᠬᠡᠯ᠎ᠦᠨ ᠮᠡᠳᠡᠭᠦᠯᠦᠯᠲᠡ》᠎ᠶᠢ ᠨᠡᠢᠲᠡᠯᠡᠪᠡ᠃ ᠮᠡᠳᠡᠭᠦᠯᠦᠯᠲᠡ᠎ᠡᠴᠡ ᠦᠵᠡᠪᠡᠯ᠂ 2025 ᠣᠨ᠎ᠤ 12 ᠰᠠᠷ᠎ᠠ ᠪᠣᠯᠲᠠᠯ᠎ᠠ᠂ ᠮᠠᠨ᠎ᠤ ᠤᠯᠤᠰ᠎ᠤᠨ ᠰᠦᠯᠵᠢᠶᠡᠨ ᠢᠷᠭᠡᠳ᠎ᠤᠨ ᠲᠣᠭ᠎ᠠ 11.25 ᠳ᠋ᠦᠩᠰᠢᠭᠤᠷ ᠬᠦᠮᠦᠨ ᠳᠦ ᠬᠦᠷᠴᠦ᠂ ᠢᠨᠲᠧᠷ ᠰᠦᠯᠵᠢᠶᠡᠨ᠎ᠦ ᠲᠦᠭᠡᠮᠡᠯᠵᠢᠯᠳᠡ ᠵᠢᠨ ᠨᠣᠷᠮ᠎ᠠ 80% ᠶ᠋ᠢ ᠳᠠᠪᠠᠵᠠᠢ᠃
2025 ᠣᠨ᠎ᠤ 12 ᠰᠠᠷ᠎ᠠ ᠪᠣᠯᠲᠠᠯ᠎ᠠ᠂ ᠡᠭᠦᠰᠦᠮᠡᠯ ᠮᠠᠶᠢᠭ᠋᠎ᠤᠨ ᠵᠣᠬᠢᠶᠠᠮᠠᠯ ᠤᠶᠤᠨ ᠴᠢᠳᠠᠪᠤᠷᠢ ᠵᠢᠨ ᠬᠡᠷᠡᠭᠯᠡᠭᠴᠢ᠎ᠶᠢᠨ ᠬᠡᠪᠴᠢᠶ᠎ᠡ 6.02 ᠳ᠋ᠦᠩᠰᠢᠭᠤᠷᠬᠦᠮᠦᠨᠳᠦ ᠬᠦᠷᠴᠦ᠂ 2024 ᠣᠨ᠎ᠤ ᠡᠴᠦᠰ᠎ᠦᠨ ᠬᠢ᠎ᠡᠴᠡ 141.7% ᠪᠡᠷ ᠨᠡᠮᠡᠭᠳᠡᠪᠡ; ᠲᠦᠭᠡᠮᠡᠯᠵᠢᠯᠳᠡ ᠵᠢᠨ ᠨᠣᠷᠮ᠎ᠠ 42.8%᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 25.2 ᠬᠤᠪᠢ ᠳᠡᠭᠡᠭᠰᠢᠯᠡᠵᠡᠢ᠃ ᠡᠭᠦᠰᠦᠮᠡᠯ ᠮᠠᠶᠢᠭ᠋᠎ᠤᠨ ᠵᠣᠬᠢᠶᠠᠮᠠᠯ ᠤᠶᠤᠨ ᠴᠢᠳᠠᠪᠤᠷᠢ ᠡᠳᠦᠷ ᠳᠤᠳᠤᠮ᠎ᠤᠨ ᠠᠮᠢᠳᠤᠷᠠᠯ ᠪᠣᠯᠣᠨ ᠦᠢᠯᠡᠳᠪᠦᠷᠢᠯᠡᠯ᠎ᠦᠨ ᠬᠦᠷᠢᠶᠡᠨ᠎ᠳᠦ ᠲᠦᠷᠭᠡᠨ ᠠᠭᠤᠰᠤᠯᠴᠠᠵᠤ᠂ ᠨᠡᠢᠭᠡᠮ᠎ᠦᠨ ᠲᠣᠭᠠᠴᠢᠯᠠᠯᠲᠠ᠂ ᠣᠶᠤᠨᠴᠢᠯᠠᠯᠲᠠ ᠳᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠵᠤ ᠪᠠᠢᠨ᠎ᠠ᠃
ᠰᠢᠯᠵᠢᠮᠡᠯ ᠰᠦᠯᠵᠢᠶ᠎ᠡ᠎ᠶᠢᠨ ᠲᠠᠯ᠎ᠠ᠎ᠪᠠᠷ᠂ 5G ᠵᠢᠨ ᠰᠠᠭᠤᠷᠢ ᠥᠷᠲᠡᠭᠡ᠎ᠶᠢ ᠨᠢᠭᠡᠨᠲᠡ 483.8 ᠲᠦᠮᠡ ᠪᠠᠢᠭᠤᠯᠵᠤ᠂ ᠪᠥᠬᠥ ᠤᠯᠤᠰ᠎ᠤᠨ ᠪᠣᠶ ᠪᠦᠬᠦᠢ ᠰᠢᠶᠠᠩ ᠪᠠᠯᠭᠠᠰᠤ ᠵᠢᠴᠢ 95%᠎ᠶᠢᠨ ᠵᠠᠰᠠᠭ ᠵᠠᠬᠢᠷᠭᠠᠨ᠎ᠤ ᠲᠣᠰᠬᠣᠨ᠎ᠳᠤ ᠨᠢᠭᠡᠨᠲᠡ 5G ᠨᠡᠪᠳᠡᠷᠡᠵᠤ᠂ 5G ᠵᠢᠨ ᠬᠤᠪᠢᠰᠤᠯᠲᠠ᠎ᠶᠢᠨ ᠰᠦᠯᠵᠢᠶ᠎ᠡ ᠨᠢᠭᠡᠨᠲᠡ 330 ᠭᠠᠷᠤᠢ ᠬᠣᠲᠠ᠎ᠶᠢ ᠬᠠᠮᠤᠷᠪᠠ᠃
ᠲᠣᠭᠲᠠᠮᠠᠯ ᠰᠦᠯᠵᠢᠶ᠎ᠡ᠎ᠶᠢᠨ ᠲᠠᠯ᠎ᠠ᠎ᠪᠠᠷ᠂ ᠪᠥᠬᠥ ᠤᠯᠤᠰ᠎ᠤᠨ 2/3᠎ᠤᠨ ᠲᠤᠰᠬᠠᠢ ᠣᠷᠣᠨ ᠬᠣᠲᠠ ᠨᠢ ᠮᠢᠩᠭᠠᠨ ᠮᠸᠭ᠎ᠠ ᠬᠣᠲᠠ᠎ᠶᠢᠨ ᠪᠠᠷᠢᠮᠵᠢᠶ᠎ᠠ᠎ᠳᠤ ᠭᠦᠷᠦᠭᠰᠡᠨ ᠪᠠᠢᠨ᠎ᠠ᠃
ᠪᠣᠳᠣᠯᠳᠠ ᠵᠢᠨ ᠬᠦᠴᠦᠨ᠎ᠦ ᠲᠥᠬᠦᠭᠡᠷᠦᠮᠵᠢ᠎ᠶᠢᠨ ᠲᠠᠯ᠎ᠠ᠎ᠪᠠᠷ᠂ ᠲᠦᠮᠡᠨ ᠺᠠᠷᠲ᠎ᠤᠨ ᠣᠶᠤᠨᠲᠤ ᠪᠣᠳᠣᠯᠳᠠ᠎ᠶᠢᠨ ᠰᠦᠷᠦᠭᠵᠢᠯ᠎ᠢ 42 ᠪᠠᠢᠭᠤᠯᠵᠤ᠂ ᠪᠦᠬᠦ ᠪᠥᠮᠪᠥᠷᠴᠡᠭ᠎ᠦᠨ ᠡᠮᠦᠨ᠎ᠡ ᠡᠩᠨᠡᠭᠡᠨ᠎ᠳᠦ ᠣᠷᠣᠵᠤ᠂ ᠮᠠᠨ᠎ᠤ ᠤᠯᠤᠰ᠎ᠤᠨ ᠵᠣᠬᠢᠶᠠᠮᠠᠯ ᠤᠶᠤᠨ ᠴᠢᠳᠠᠪᠤᠷᠢ᠎ᠶᠢᠨ ᠠᠵᠤ ᠦᠢᠯᠡᠰ᠎ᠦᠨ ᠲᠦᠷᠭᠡᠨ ᠬᠥᠭᠵᠢᠯᠲᠡ᠎ᠶᠢ ᠬᠦᠴᠦᠲᠡᠢ ᠲᠤᠯᠭᠠᠭᠤᠷᠢᠯᠠᠪᠠ᠃
ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠡᠷᠡᠭᠯᠡᠭᠴᠢᠳ᠎ᠤᠨ ᠬᠡᠪᠴᠢᠶ᠎ᠡ 9.4 ᠳ᠋ᠦᠩᠰᠢᠭᠤᠷᠬᠦᠮᠦᠨᠳᠦ ᠬᠦᠷᠴᠦ᠂ 《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠬᠦᠢᠴᠡᠳᠬᠡᠬᠦ》 ᠨᠢ ᠬᠡᠪ᠎ᠦᠨ ᠪᠠᠢᠳᠠᠯ ᠪᠣᠯᠵᠤ᠂ ᠢᠨᠲᠧᠷ ᠰᠦᠯᠵᠢᠶᠡᠨ᠎ᠦ ᠬᠥᠭᠵᠢᠯᠲᠡ᠎ᠶᠢᠨ ᠠᠷᠠᠳ᠎ᠲᠤ ᠦᠢᠯᠡᠴᠢᠯᠡᠬᠦ᠂ ᠠᠷᠠᠳ᠎ᠤᠨ ᠰᠡᠳᠬᠢᠯ ᠢ ᠳᠤᠯᠠᠭᠠᠴᠠᠭᠤᠯᠬᠤ ᠥᠷᠲᠡᠭ᠎ᠦᠨ ᠤᠳᠤᠷᠢᠳᠤᠮᠵᠢ᠎ᠶᠢ ᠢᠯᠡᠷᠡᠭᠦᠯᠪᠡ᠃
(ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ)