ᠡᠨᠡ ᠬᠣᠶᠠᠷ ᠡᠳᠦᠷ ᠰᠠᠯᠬᠢᠯᠠᠵᠤ ᠬᠦᠢᠲᠡᠷᠡᠨ᠎ᠡ
2026-02-10 10:22:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠨᠡ ᠡᠳᠦᠷ ᠦᠪᠦᠷ ᠮᠤᠨᠭᠭᠤᠯ᠎ᠤᠨ ᠶᠡᠬᠡᠩᠬᠢ ᠭᠠᠵᠠᠷ ᠣᠷᠣᠨ᠎ᠤ ᠠᠭᠠᠷ᠎ᠤᠨ ᠳᠤᠯᠠᠭᠠᠨ 4°C᠎ᠠᠴᠠ 8°C ᠳᠣᠷᠣᠭᠰᠢᠯᠠᠵᠤ᠂ ᠪᠠᠷᠠᠭᠤᠨ ᠪᠡᠶ᠎ᠡ ᠵᠢᠨ ᠬᠣᠢᠲᠤ ᠬᠡᠰᠡᠭ᠂ ᠳᠤᠮᠳᠠ ᠪᠡᠶ᠎ᠡ ᠵᠢᠨ ᠡᠮᠦᠨ᠎ᠡ ᠪᠠ ᠵᠡᠭᠦᠨ ᠬᠡᠰᠡᠭ᠂ ᠵᠡᠭᠦᠨ ᠪᠡᠶ᠎ᠡ ᠵᠢᠨ ᠪᠠᠷᠠᠭᠤᠨ ᠪᠠ ᠡᠮᠦᠨ᠎ᠡ ᠬᠡᠰᠡᠭ ᠎ᠤᠨ ᠭᠠᠵᠠᠷ ᠣᠷᠣᠨ᠎ᠤ ᠠᠭᠠᠷ᠎ᠤᠨ ᠳᠤᠯᠠᠭᠠᠨ 8°C ᠡᠴᠠ 12°C ᠳᠣᠷᠣᠭᠰᠢᠯᠠᠵᠤ᠂ ᠬᠡᠰᠡᠭ ᠭᠠᠵᠠᠷ᠎ᠤᠨ ᠠᠭᠠᠷ᠎ᠤᠨ ᠲᠤᠯᠠᠭᠠᠨ 12°C᠎ᠡᠴᠡ ᠳᠡᠭᠡᠭᠰᠢ ᠳᠣᠷᠣᠭᠰᠢᠯᠠᠬᠰᠠᠨ ᠪᠦᠭᠡᠳ ᠤᠯᠠᠨᠭᠭᠢ ᠭᠠᠵᠠᠷ᠎ᠤᠨ ᠰᠠᠯᠬᠢᠨ᠎ᠤ ᠬᠦᠴᠦ ᠶᠡᠭᠡ ᠪᠠᠢᠨ᠎ᠠ᠃

ᠵᠢᠱ᠌ᠢᠯᠲᠡ᠎ᠪᠡᠷ᠂ ᠮᠠᠷᠭᠠᠰᠢ ᠡᠯ᠎ᠡ ᠭᠠᠵᠠᠷ᠎ᠤᠨ ᠰᠠᠯᠬᠢᠨ᠎ᠤ ᠬᠦᠴᠦ ᠮᠥᠨ ᠨᠡᠯᠢᠶᠡᠳ ᠶᠡᠬᠡ ᠪᠠᠢᠵᠤ᠂ ᠶᠡᠬᠡᠩᠬᠢ ᠭᠠᠵᠠᠷ ᠣᠷᠣᠨ᠎ᠤ ᠳᠤᠮᠳᠠᠴᠢ ᠰᠠᠯᠬᠢᠨ᠎ᠤ ᠬᠦᠴᠦ 4 ~ 5 ᠲᠠᠰ ᠬᠦᠷᠴᠦ᠂ ᠬᠡᠰᠡᠭ᠎ᠲᠡᠬᠡᠨ 7 ᠲᠠᠰ ᠬᠦᠷᠦᠨ᠎ᠡ᠃ ᠪᠠᠷᠠᠭᠤᠨ ᠪᠡᠶ᠎ᠡ ᠵᠢᠨ ᠡᠮᠦᠨ᠎ᠡ ᠬᠡᠰᠡᠭ ᠪᠠ ᠳᠤᠮᠳᠠ ᠪᠡᠶ᠎ᠡ ᠵᠢᠨ ᠪᠠᠷᠠᠭᠤᠨ ᠡᠮᠦᠨ᠎ᠡ ᠬᠡᠰᠡᠭ᠎ᠦᠨ ᠭᠠᠵᠠᠷ ᠣᠷᠣᠨ᠎ᠤ ᠠᠭᠠᠷ᠎ᠤᠨ ᠳᠤᠯᠠᠭᠠᠨ 4°C ᠎ᠠᠴᠠ 6°C ᠳᠣᠷᠣᠭᠰᠢᠯᠠᠵᠤ᠂ ᠬᠡᠰᠡᠭ ᠭᠠᠵᠠᠷ᠎ᠤᠨ ᠬᠢ 6°C᠎ᠠᠴᠠ ᠳᠡᠭᠡᠭᠰᠢ ᠳᠣᠷᠣᠭᠰᠢᠯᠠᠨ᠎ᠠ᠃

ᠡᠭᠦᠨ᠎ᠳᠦ᠄

6 ᠎ᠤ ᠡᠳᠦᠷ᠎ᠦᠨ 8 ᠴᠠᠭ᠎ᠠᠴᠠ 7 ᠎ᠤ ᠡᠳᠦᠷ᠎ᠦᠨ 8 ᠴᠠᠭ ᠪᠣᠯᠲᠠᠯ᠎ᠠ᠂ ᠠᠯᠠᠱᠠ ᠠᠢᠮᠠᠭ᠎ᠤᠨ ᠡᠮᠦᠨ᠎ᠡ ᠪᠡᠶ᠎ᠡ᠂ ᠣᠷᠳᠣᠰ ᠬᠣᠲᠠ᠎ᠶᠢᠨ ᠵᠡᠭᠦᠨ ᠡᠮᠦᠨ᠎ᠡ ᠪᠡᠶ᠎ᠡ᠂ ᠬᠥᠬᠡᠬᠣᠲᠠ᠎ᠶᠢᠨ ᠵᠡᠭᠦᠨ ᠡᠮᠦᠨ᠎ᠡ ᠪᠡᠶ᠎ᠡ᠂ ᠤᠯᠠᠭᠠᠨᠴᠠᠪ ᠬᠣᠲᠠ᠎ᠶᠢᠨ ᠪᠠᠷᠠᠭᠤᠨ ᠡᠮᠦᠨ᠎ᠡ ᠪᠡᠶ᠎ᠡ᠂ ᠰᠢᠯᠢ᠎ᠶᠢᠨ ᠭᠣᠣᠯ ᠠᠢᠮᠠᠭ᠎ᠤᠨ ᠳᠤᠮᠳᠠ ᠪᠡᠶ᠎ᠡ᠂ ᠤᠯᠠᠭᠠᠨᠬᠠᠳᠠ ᠬᠣᠲᠠ᠎ᠶᠢᠨ ᠪᠠᠷᠠᠭᠤᠨ ᠬᠣᠢᠲᠤ ᠪᠡᠶ᠎ᠡ᠂ ᠬᠥᠯᠥᠨ ᠪᠣᠶ᠋ᠢᠷ ᠬᠣᠲᠠ᠎ᠶᠢᠨ ᠵᠡᠭᠦᠨ ᠬᠣᠢᠲᠤ ᠪᠡᠶ᠎ᠡ᠎ᠳᠦ ᠡᠭᠦᠯᠡᠷᠭᠡᠭ᠂ ᠪᠠᠭ᠎ᠠ ᠴᠠᠰᠤ᠎ᠤᠷᠤᠨ᠎ᠠ; ᠪᠠᠷᠠᠭᠤᠨ ᠪᠡᠶ᠎ᠡ ᠵᠢᠨ ᠵᠡᠭᠦᠨ ᠬᠡᠰᠡᠭ᠂ ᠳᠤᠮᠳᠠ ᠪᠡᠶ᠎ᠡ ᠵᠢᠨ ᠵᠡᠭᠦᠨ ᠬᠡᠰᠡᠭ᠂ ᠵᠡᠭᠦᠨ ᠪᠡᠶ᠎ᠡ ᠵᠢᠨ ᠡᠮᠦᠨ᠎ᠡ ᠬᠡᠰᠡᠭ ᠪᠠ ᠵᠡᠭᠦᠨ ᠬᠡᠰᠡᠭ᠎ᠢᠶᠡᠷ 4 ᠂ 5 ᠲᠠᠰ᠎ᠤᠨ ᠰᠠᠯᠬᠢ ᠰᠠᠯᠬᠢᠯᠠᠵᠦ᠂ ᠬᠡᠰᠡᠭ ᠭᠠᠵᠠᠷ᠎ᠲᠦ 7 ᠳᠡᠰ᠎ᠠᠴᠠ ᠳᠡᠭᠡᠭᠰᠢ ᠰᠠᠯᠬᠢ ᠰᠠᠯᠬᠢᠯᠠᠨ᠎ᠠ; ᠪᠠᠷᠠᠭᠤᠨ ᠪᠡᠶ᠎ᠡ ᠵᠢᠨ ᠡᠮᠦᠨ᠎ᠡ ᠬᠡᠰᠡᠭ ᠪᠠ ᠳᠤᠮᠳᠠ ᠪᠡᠶ᠎ᠡ ᠵᠢᠨ ᠪᠠᠷᠠᠭᠤᠨ ᠡᠮᠦᠨ᠎ᠡ ᠬᠡᠰᠡᠭ᠎ᠦᠨ ᠭᠠᠵᠠᠷ ᠣᠷᠣᠨ᠎ᠤ ᠠᠭᠠᠷ᠎ᠤᠨ ᠳᠤᠯᠠᠭᠠᠨ 4°C᠎ᠠᠴᠠ 6°C ᠳᠣᠷᠣᠭᠰᠢᠯᠠᠵᠤ᠂ ᠬᠡᠰᠡᠭ ᠭᠠᠵᠠᠷ᠎ᠤᠨ ᠠᠭᠠᠷ᠎ᠤᠨ ᠳᠤᠯᠠᠭᠠᠨ 6°C᠎ᠠᠴᠠ ᠳᠡᠭᠡᠭᠰᠢ ᠳᠣᠷᠣᠭᠰᠢᠯᠠᠵᠤ᠂ ᠳᠤᠮᠳᠠ ᠵᠡᠭᠦᠨ ᠪᠡᠶ᠎ᠡ ᠵᠢᠨ ᠶᠡᠬᠡᠩᠬᠢ ᠭᠠᠵᠠᠷ ᠣᠷᠣᠨ᠎ᠤ ᠠᠭᠠᠷ᠎ᠤᠨ ᠳᠤᠯᠠᠭᠠᠨ ᠪᠠᠭ᠎ᠠ ᠲᠤᠷᠤᠭᠰᠢᠯᠠᠨ᠎ᠠ᠃

7 ᠎ᠤ ᠡᠳᠦᠷ᠎ᠦᠨ 8 ᠴᠠᠭ᠎ᠠᠴᠠ 8 ᠎ᠤ ᠡᠳᠦᠷ᠎ᠦᠨ 8 ᠴᠠᠭ ᠪᠣᠯᠲᠠᠯ᠎ᠠ᠂ ᠪᠦᠬᠦ ᠣᠷᠣᠨ᠎ᠤ ᠶᠡᠬᠡᠩᠬᠢ ᠬᠡᠰᠡᠭ᠎ᠲᠦ ᠲᠤᠨᠭᠭᠠᠯᠠᠭ ᠪᠠᠢᠭᠰᠠᠨ ᠡᠴᠡ ᠡᠭᠦᠯᠡᠰᠢᠨ᠎ᠡ; ᠪᠠᠷᠠᠭᠤᠨ ᠪᠡᠶ᠎ᠡ ᠵᠢᠨ ᠵᠡᠭᠦᠨ ᠬᠡᠰᠡᠭ᠂ ᠳᠤᠮᠳᠠ ᠪᠡᠶ᠎ᠡ ᠵᠢᠨ ᠡᠮᠦᠨ᠎ᠡ ᠬᠡᠰᠡᠭ᠂ ᠵᠡᠭᠦᠨ ᠪᠡᠶ᠎ᠡ ᠵᠢᠨ ᠡᠮᠦᠨ᠎ᠡ ᠬᠡᠰᠡᠭ ᠪᠠ ᠵᠡᠭᠦᠨ ᠬᠡᠰᠡᠭ᠎ᠤᠨ ᠭᠠᠵᠠᠷ ᠣᠷᠣᠨ᠎ᠳᠦ 4 ᠂ 5 ᠲᠡᠰ ᠎ᠤᠨ ᠰᠠᠯᠬᠢ ᠰᠠᠯᠬᠢᠯᠠᠵᠦ ᠬᠡᠰᠡᠭ ᠲᠡᠭᠡᠨ 7 ᠲᠡᠰ᠎ᠠᠴᠠ ᠳᠡᠭᠡᠭᠰᠢ ᠬᠦᠷᠦᠨ᠎ᠡ; ᠪᠦᠬᠦ ᠣᠷᠣᠨ᠎ᠤ ᠶᠡᠬᠡᠩᠬᠢ ᠭᠠᠵᠠᠷ᠎ᠤᠨ ᠠᠭᠠᠷ᠎ᠤᠨ ᠳᠤᠯᠠᠭᠠᠨ ᠳᠡᠭᠡᠭᠰᠢᠯᠡᠨ᠎ᠡ᠃

ᠠᠵᠠ᠎ᠪᠠᠷ ᠬᠦᠢᠲᠡᠨ ᠠᠭᠤᠷ ᠠᠮᠢᠰᠬᠤᠯ ᠲᠦᠷᠭᠡᠨ ᠦᠨᠭᠭᠡᠷᠡᠵᠦ᠂ ᠭᠠᠷᠠᠭ᠎ᠤᠨ ᠰᠡᠭᠦᠯᠴᠢ᠎ᠶᠢᠨ ᠠᠭᠠᠷ᠎ᠤᠨ ᠳᠤᠯᠠᠭᠠᠨ ᠳᠡᠭᠡᠭᠰᠢᠯᠡᠬᠦ ᠪᠣᠯᠣᠮᠵᠢ᠎ᠲᠠᠢ᠃

ᠢᠷᠡᠯᠲᠡ᠄  ᠥᠪᠥᠷ ᠮᠣᠩᠭᠣᠯ᠎ᠤᠨ ᠴᠠᠭ ᠠᠭᠤᠷ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号