ᠵᠣᠬᠢᠶᠠᠨ ᠪᠠᠶ᠋ᠢᠭᠤᠯᠬᠤ ᠬᠡᠯᠲᠡᠰ ᠠᠯᠪᠠᠨ ᠵᠠᠷᠯᠠᠯ ᠨᠡᠢᠲᠡᠯᠡᠪᠡ — ᠠᠯᠪᠠᠲᠠᠨ ᠰᠢᠯᠢᠨ ᠰᠣᠩᠭᠣᠬᠤ ᠎ᠳᠤ ᠬᠣᠯᠪᠣᠭᠳᠠᠨ᠎ᠠ
2026-02-10 10:22:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 3᠎ᠤ ᠡᠳᠦᠷ᠂ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ (ᠠᠯᠪᠠᠲᠠᠨ᠎ᠤ ᠬᠠᠤᠯᠢ ᠪᠡᠷ ᠯᠡᠪᠯᠡᠯᠲᠡ ᠪᠤᠯᠭᠠᠨ ᠬᠠᠮᠢᠶᠠᠷᠬᠤ ᠨᠢᠭᠡᠴᠢ) ᠵᠢᠨ ᠠᠯᠪᠠᠲᠠᠨ ᠢᠯᠡ᠎ᠪᠡᠷ ᠰᠢᠯᠢᠨ ᠰᠣᠩᠭᠣᠬᠤ ᠬᠡᠰᠡᠭ ᠳᠤᠰᠢᠶᠠᠯ᠎ᠤᠨ ᠪᠠᠢᠷᠢ᠎ᠶᠢ ᠨᠡᠢᠯᠡᠭᠦᠯᠬᠦ ᠲᠤᠬᠠᠢ ᠠᠯᠪᠠᠨ ᠵᠠᠷᠯᠠᠯ》   ᠨᠡᠢᠲᠡᠯᠡᠪᠡ᠃

 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠰᠢᠭᠤᠳ ᠬᠠᠷᠢᠶ᠎ᠠ ᠪᠠᠢᠭᠤᠯᠭ᠎ᠠ (ᠠᠯᠪᠠᠲᠠᠨ᠎ᠤ ᠬᠠᠤᠯᠢ ᠪᠡᠷ ᠯᠡᠪᠯᠡᠯᠲᠡ ᠪᠤᠯᠭᠠᠨ ᠬᠠᠮᠢᠶᠠᠷᠬᠤ ᠨᠢᠭᠡᠴᠢ) ᠵᠢᠨ ᠠᠯᠪᠠᠲᠠᠨ ᠢᠯᠡ ᠎ᠪᠡᠷ ᠰᠢᠯᠢᠨ ᠰᠣᠩᠭᠣᠬᠤ ᠬᠡᠰᠡᠭ ᠳᠤᠰᠢᠶᠠᠯ᠎ᠤᠨ ᠪᠠᠢᠷᠢ᠎ᠶᠢ ᠨᠡᠢᠯᠡᠭᠦᠯᠬᠦ ᠲᠤᠬᠠᠢ ᠠᠯᠪᠠᠨ ᠵᠠᠷᠯᠠᠯ

ᠨᠡᠷ᠎ᠡ ᠮᠡᠳᠡᠭᠦᠯᠦᠭᠰᠡᠳ  ᠲᠸ᠋᠄

2026 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ(ᠠᠯᠪᠠᠲᠠᠨ᠎ᠤ ᠬᠠᠤᠯᠢ ᠪᠡᠷ ᠯᠡᠪᠯᠡᠯᠲᠡ ᠪᠤᠯᠭᠠᠨ ᠬᠠᠮᠢᠶᠠᠷᠬᠤ ᠨᠢᠭᠡᠴᠢ)ᠵᠢᠨ ᠠᠯᠪᠠᠲᠠᠨ ᠢᠯᠡ ᠎ᠪᠡᠷ ᠰᠢᠯᠢᠨ ᠰᠣᠩᠭᠣᠬᠤ ᠰᠤᠩᠭᠤᠨ ᠰᠢᠯᠵᠢᠭᠦᠯᠬᠦ ᠳᠤᠰᠢᠶᠠᠯ᠎ᠤᠨ ᠪᠠᠢᠷᠢ ᠪᠠ ᠵᠡᠮᠳᠡᠭᠴᠦᠳ᠎ᠦᠨ ᠳᠤᠰᠢᠶᠠᠯ᠎ᠤᠨ ᠪᠠᠢᠷᠢ ᠨᠢ ᠰᠢᠯᠭᠠᠯᠲᠠ ᠡᠬᠢᠯᠡᠬᠦ ᠬᠠᠷᠢᠴᠠᠯ᠎ᠳᠤ ᠭᠦᠷᠦᠭᠰᠡᠨ ᠦᠭᠡᠢ ᠡᠴᠡ ᠰᠣᠩᠭᠣᠨ ᠰᠢᠯᠵᠢᠭᠦᠯᠬᠦ ᠰᠣᠷᠣᠭ᠍ᠴᠢ᠂ ᠵᠡᠮᠳᠡᠭᠴᠦᠳ᠎ᠦᠨ ᠲᠣᠬᠢᠷᠠᠭᠤᠯᠤᠯᠲᠠ᠎ᠶᠢ ᠬᠦᠴᠦᠨ ᠦᠭᠡᠢ ᠪᠣᠯᠭᠠᠵᠤ᠂ ᠡᠩ᠎ᠦᠨ ᠳᠤᠰᠢᠶᠠᠯ᠎ᠤᠨ ᠪᠠᠢᠷᠢ᠎ᠳᠤ ᠰᠢᠯᠵᠢᠭᠦᠯᠦᠨ᠎ᠡ᠃ ᠲᠣᠰ ᠲᠥᠷᠥᠯ᠎ᠦᠨ ᠲᠤᠰᠢᠶᠠᠯ᠎ᠤᠨ ᠪᠠᠢᠷᠢ ᠬᠢᠭᠡᠳ ᠡᠩ᠎ᠦᠨ ᠲᠤᠰᠢᠶᠠᠯ᠎ᠤᠨ ᠪᠠᠢᠷᠢ᠎ᠶᠢᠨ ᠬᠢᠷᠢ ᠬᠡᠮ᠎ᠦᠨ ᠨᠥᠬᠥᠴᠡᠯ᠎ᠤᠨ ᠳᠤᠬᠢᠷᠠᠭᠤᠯᠤᠯᠲᠠ ᠨᠢ ᠪᠦᠷᠢᠮᠦᠰᠦᠨ ᠨᠢᠭᠡᠳᠦᠯᠲᠡᠢ ᠵᠢ ᠨᠢ ᠨᠡᠢᠯᠡᠭᠦᠯᠦᠨ᠎ᠡ (ᠰᠢᠯᠢᠨ ᠰᠣᠩᠭᠣᠬᠤ ᠲᠣᠭ᠎ᠠ ᠬᠡᠮᠵᠢᠶ᠎ᠡ᠎ᠶᠢ ᠨᠡᠮᠡᠭᠳᠡᠭᠦᠯᠦᠨ᠎ᠡ)᠂ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠬᠤᠭᠤᠴᠠᠭᠠᠨ᠎ᠳᠤ ᠬᠡᠪ᠎ᠦᠨ ᠪᠠᠢᠳᠠᠯ᠎ᠢᠶᠠᠷ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠵᠦ ᠳᠠᠭᠤᠰᠤᠭᠰᠠᠨ᠎ᠤ ᠳᠠᠷᠠᠭ᠎ᠠ ᠨᠡᠷ᠎ᠡ ᠮᠡᠳᠡᠭᠦᠯᠦᠭᠰᠡᠨ ᠬᠥᠮᠥᠨ᠎ᠦ ᠲᠣᠭ᠎ᠠ ᠵᠢᠴᠢ ᠰᠢᠯᠭᠠᠯᠲᠠ ᠡᠬᠢᠯᠡᠬᠦ ᠬᠠᠷᠢᠴᠠᠯ᠎ᠢ ᠨᠡᠢᠯᠡᠭᠦᠯᠦᠨ ᠪᠤᠳᠤᠨ᠎ᠠ᠃

ᠡᠭᠦᠨ᠎ᠦ ᠲᠤᠯᠠ ᠣᠨᠴᠠᠭᠠᠢᠯᠠᠨ ᠵᠠᠷᠯᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ  ᠪᠠᠶ᠋ᠢᠭᠤᠯᠬᠤ  ᠬᠡᠯᠲᠡᠰ

2026 ᠣᠨ᠎ᠤ 2 ᠰᠠᠷ᠎ᠠ᠎ᠶᠢᠨ 3᠎ᠤ ᠡᠳᠦᠷ

ᠢᠷᠡᠯᠲᠡ᠄  ᠥᠪᠥᠷ  ᠮᠣᠩᠭᠣᠯ ᠎ᠤᠨ  ᠠᠵᠢᠯᠲᠠᠨ ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号