ᠦᠷᠡᠵᠢᠯ᠎ᠦᠨ ᠨᠡᠮᠡᠭᠦᠷᠢ᠎ᠶᠢ ᠬᠤᠪᠢ ᠬᠥᠮᠦᠨ᠎ᠳᠦ ᠰᠢᠭᠤᠳ ᠣᠯᠭᠣᠬᠤ ᠵᠢ ᠪᠡᠶᠡᠯᠡᠭᠦᠯᠵᠦ ᠪᠤᠢ
2026-02-10 10:24:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠡᠮᠦᠨᠡᠬᠢ ᠬᠤᠭᠤᠴᠠᠭᠠᠨ᠎ᠤ 27 ᠮᠤᠵᠢ ᠣᠷᠣᠨ (ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ ᠪᠠᠭᠲᠠᠨ᠎ᠠ)᠂ 95% ᠎ᠶᠢᠨ ᠨᠢᠭᠡᠳᠦᠯᠲᠡᠶ ᠲᠥᠯᠥᠪᠵᠢᠬᠦᠯᠬᠦ᠌ ᠣᠷᠣᠨ᠎ᠳᠤ ᠦᠷᠡᠵᠢᠯ᠎ᠦᠨ ᠨᠡᠮᠡᠭᠦᠷᠢ᠎ᠶᠢ ᠬᠤᠪᠢ ᠬᠥᠮᠦᠨ᠎ᠳᠦ ᠰᠢᠭᠤᠳ ᠣᠯᠭᠣᠬᠤ᠎ᠶᠢ ᠨᠢᠭᠡᠨᠲᠡ ᠪᠥᠬᠥ᠌ ᠲᠠᠯ᠎ᠠ᠎ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠣᠶ᠋ᠢᠷ᠎ᠠ᠎ᠳᠤ ᠭᠦᠢᠵᠸᠦ᠂ ᠭᠤᠸᠠᠩᠰᠢ᠂ ᠰᠢᠨᠵᠢᠶᠠᠩ ᠵᠡᠷᠭᠡ ᠮᠤᠵᠢ᠎ᠶᠢᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ ᠪᠥᠬᠥ᠌ ᠤᠯᠤᠰ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠠᠵᠢᠯ᠎ᠤᠨ ᠬᠤᠷᠠᠯ᠎ᠤᠨ ᠱᠠᠭᠠᠷᠳᠠᠯᠭ᠎ᠠ᠎ᠶᠢ ᠢᠳᠡᠪᠬᠢᠲᠡᠶ ᠨᠠᠶ᠋ᠢᠳᠠᠪᠤᠷᠢᠵᠢᠭᠤᠯᠵᠤ᠂ ᠦᠷᠡᠵᠢᠯ᠎ᠦᠨ  ᠨᠡᠮᠡᠭᠦᠷᠢ ᠣᠯᠭᠣᠬᠤ ᠶᠠᠪᠤᠴᠠ᠎ᠶᠢ ᠰᠢᠯᠢᠳᠡᠭᠵᠢᠭᠦᠯᠬᠦ᠌ ᠠᠵᠢᠯ᠎ᠢ ᠶᠡᠬᠡ᠎ᠪᠡᠷ ᠳᠥᠯᠭᠢᠨ ᠠᠬᠢᠭᠤᠯᠪᠠ᠃

ᠭᠦᠢᠵᠧᠦ ᠮᠤᠵᠢ 2025 ᠣᠨ᠎ᠤ 12 ᠰᠠᠷ᠎ᠠ᠎ᠶᠢᠨ 16 ᠎ᠤ ᠡᠳᠦᠷ ᠠᠯᠪᠠᠨ ᠶᠣᠰᠣᠭᠠᠷ ᠪᠢᠴᠢᠭ ᠮᠠᠲ᠋ᠧᠷᠢᠶᠠᠯ ᠪᠠᠭᠤᠯᠭᠠᠵᠤ᠂ 2026 ᠣᠨ᠎ᠤ 1 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠦᠷᠡᠵᠢᠯ᠎ᠦᠨ ᠨᠡᠮᠡᠭᠦᠷᠢ ᠎ᠶᠢ ᠬᠤᠪᠢ ᠬᠥᠮᠦᠨ᠎ᠳᠦ ᠬᠦᠷᠲᠡᠯ᠎ᠡ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ ᠭᠡᠵᠦ᠍ ᠲᠣᠳᠣᠷᠬᠠᠶ ᠲᠣᠭᠲᠠᠭᠠᠵᠠᠶ᠃

ᠭᠤᠸᠠᠩᠰᠢ᠎ᠶᠢᠨ ᠡᠯ᠎ᠡ ᠨᠢᠭᠡᠳᠦᠯᠲᠡᠶ ᠲᠥᠯᠥᠪᠵᠢᠭᠦᠯᠬᠦ᠌ ᠣᠷᠣᠨ ᠨᠢᠭᠡᠨᠲᠡ ᠵᠠᠯᠭᠠᠭ᠎ᠠ᠎ᠪᠠᠷ ᠪᠢᠴᠢᠭ ᠮᠠᠲ᠋ᠧᠷᠢᠶᠠᠯ ᠪᠠᠭᠤᠯᠭᠠᠵᠤ᠂ 2026 ᠣᠨ᠎ᠤ 1 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠪᠥᠬᠥ᠌ ᠣᠷᠣᠨ᠎ᠳᠤ ᠦᠷᠡᠵᠢᠯ᠎ᠦᠨ ᠨᠡᠮᠡᠭᠦᠷᠢ ᠎ᠶᠢ ᠬᠤᠪᠢ ᠬᠥᠮᠦᠨ᠎ᠳᠦ ᠰᠢᠭᠤᠳ ᠣᠯᠭᠣᠬᠤ᠎ᠶᠢ ᠪᠥᠬᠥ᠌ ᠲᠠᠯ᠎ᠠ᠎ᠪᠠᠷ ᠪᠡᠶᠡᠯᠡᠭᠦᠯᠪᠡ᠃

ᠰᠢᠨᠵᠢᠶᠠᠩ ᠡᠮᠦᠨ᠎ᠡ ᠬᠤᠭᠤᠴᠠᠭᠠᠨ᠎ᠳᠤ ᠨᠢᠭᠡᠨᠲᠡ ᠰᠢᠰᠲ᠋ᠧᠮ᠎ᠦᠨ ᠥᠭᠡᠷᠡᠴᠢᠯᠡᠯᠲᠡ᠎ᠪᠡᠨ ᠳᠠᠭᠤᠰᠬᠠᠵᠤ᠂ ᠣᠶ᠋ᠢᠷ᠎ᠠ᠎ᠳᠤ ᠪᠠᠰᠠ ᠵᠢᠩᠬᠢᠨᠢ᠎ᠪᠡᠷ ᠪᠢᠴᠢᠭ ᠮᠠᠲ᠋ᠧᠷᠢᠶᠠᠯ ᠪᠠᠭᠤᠯᠭᠠᠵᠤ᠂ 2026 ᠣᠨ᠎ᠤ 2 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠦᠷᠡᠵᠢᠯ᠎ᠦᠨ ᠨᠡᠮᠡᠭᠦᠷᠢ ᠎ᠶᠢ ᠬᠤᠪᠢ ᠬᠥᠮᠦᠨ᠎ᠳᠦ ᠰᠢᠭᠤᠳ ᠣᠯᠭᠣᠬᠤ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠦᠨ᠎ᠡ ᠭᠡᠵᠦ᠍ ᠲᠣᠳᠣᠷᠬᠠᠶ ᠲᠣᠭᠲᠠᠭᠠᠪᠠ᠃

ᠪᠡᠭᠡᠵᠢᠩ 2025 ᠣᠨ᠎ᠤ 12 ᠰᠠᠷ᠎ᠠ᠎ᠶᠢᠨ 25 ᠎ᠤ ᠡᠳᠦᠷ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ 2026 ᠣᠨ᠎ᠤ 1 ᠰᠠᠷ᠎ᠠ᠎ᠶᠢᠨ 31 ᠎ᠦ ᠡᠳᠦᠷ᠎ᠡᠴᠡ ᠡᠬᠢᠯᠡᠨ ᠳᠠᠭᠠᠳᠬᠠᠯ᠎ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠨ᠎ᠳᠤ ᠦᠷᠡᠵᠢᠯ᠎ᠦᠨ ᠨᠡᠮᠡᠭᠦᠷᠢ ᠣᠯᠭᠣᠬᠤ ᠠᠷᠭ᠎ᠠ ᠮᠠᠶᠢᠭ᠎ᠢ ᠬᠤᠪᠢ ᠬᠥᠮᠦᠨ᠎ᠳᠦ ᠰᠢᠭᠤᠳ ᠣᠯᠭᠣᠬᠤ ᠪᠣᠯᠭᠠᠨ ᠲᠣᠬᠢᠷᠠᠭᠤᠯᠪᠠ᠃

ᠲᠢᠶᠠᠨᠵᠢᠨ ᠬᠣᠲᠠ ᠨᠢᠭᠡᠨᠲᠡ ᠠᠵᠤ ᠠᠬᠤᠶ᠋ᠢᠯᠠᠯ᠎ᠤᠨ ᠡᠮᠡᠭᠲᠡᠶ ᠠᠵᠢᠯᠲᠠᠨ ᠠᠵᠢᠯᠴᠢᠨ᠎ᠤ ᠦᠷᠡᠵᠢᠯ᠎ᠦᠨ ᠨᠡᠮᠡᠭᠦᠷᠢ᠎ᠶᠢ ᠬᠤᠪᠢ ᠬᠥᠮᠦᠨ ᠬᠦᠷᠲᠡᠯ᠎ᠡ ᠰᠢᠭᠤᠳ ᠣᠯᠭᠣᠬᠤ᠎ᠶᠢ ᠪᠡᠶᠡᠯᠡᠭᠦᠯᠪᠡ᠃

ᠡᠨᠡ ᠨᠢ ᠪᠥᠬᠥ᠌ ᠤᠯᠤᠰ᠎ᠤᠨ ᠬᠡᠪᠴᠢᠶᠡᠨ᠎ᠳᠦ ᠦᠷᠡᠵᠢᠯ᠎ᠦᠨ ᠨᠡᠮᠡᠭᠦᠷᠢ ᠎ᠶᠢ ᠬᠤᠪᠢ ᠬᠥᠮᠦᠨ᠎ᠳᠦ ᠰᠢᠭᠤᠳ ᠣᠯᠭᠣᠬᠤ᠎ᠶᠢ ᠪᠡᠶᠡᠯᠡᠭᠦᠯᠦᠭᠰᠡᠨ᠎ᠢ ᠬᠠᠷᠠᠭᠤᠯᠵᠤ ᠪᠠᠶ᠋ᠢᠨ᠎ᠠ᠃ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ ᠦᠷᠭᠦᠯᠵᠢᠯᠡᠨ ᠣᠷᠣᠨ ᠨᠤᠲᠤᠭ᠎ᠢ ᠵᠢᠯᠣᠭᠣᠳᠤᠨ ᠴᠤᠪᠤᠷᠠᠯ᠎ᠢᠶᠠᠨ ᠰᠢᠯᠢᠳᠡᠭᠵᠢᠭᠦᠯᠬᠦ᠌᠂ ᠳᠣᠲᠣᠨᠣᠰᠤᠭ ᠦᠢᠯᠡᠴᠢᠯᠡᠭᠡ ᠬᠠᠩᠭᠠᠵᠤ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠦᠷᠡᠵᠢᠯ᠎ᠦᠨ ᠨᠥᠬᠥᠷᠰᠡᠭ ᠬᠡᠯᠪᠡᠷᠢ᠎ᠶᠢᠨ ᠨᠡᠶ᠋ᠢᠭᠡᠮ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃

( ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠵᠢᠷᠭᠢᠶ᠎ᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号