ᠪᠡᠭᠡᠵᠢᠩ᠎ᠦᠨ ᠴᠠᠭ᠎ᠢᠶᠠᠷ ᠡᠨᠡ ᠣᠷᠣᠢ (2 ᠰᠠᠷ᠎ᠠ᠎ᠶᠢᠨ 9᠎ᠦ ᠡᠳᠦᠷ) ᠵᠢᠨ 19᠄30᠎ᠲᠤ ᠳᠤᠮᠳᠠᠳᠤ ᠤᠯᠤᠰ᠎ᠤᠨ ᠲᠠᠮᠢᠷᠴᠢᠨ ᠬᠥ ᠠᠢ ᠯᠢᠩ ᠪᠠᠭ᠎ᠤᠨ
ᠬᠤᠶᠠᠷ ᠲᠠᠮᠢᠷᠴᠢᠨ ᠲᠠᠢ ᠪᠠᠨ ᠬᠠᠮᠲᠤ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ
ᠡᠮᠡᠭᠲᠡᠢ᠎ᠶᠢᠨ ᠴᠢᠯᠦᠭᠡᠲᠦ ᠮᠠᠶᠢᠭ᠋᠎ᠤᠨ ᠴᠠᠨᠠᠯᠠᠯᠲᠠ ᠵᠢᠨ ᠰᠠᠭᠠᠳ ᠳᠠᠪᠠᠬᠤ ᠤᠷ᠎ᠠ ᠮᠡᠷᠭᠡᠵᠢᠯ᠎ᠦᠨ ᠤᠷᠤᠯᠳᠤᠭᠠᠨ᠎ᠤ
ᠲᠦᠷᠦᠯ᠎ᠦᠨ ᠠᠯᠲᠠᠨ ᠮᠧᠳᠠᠯ᠎ᠤᠨ ᠲᠦᠯᠦᠭᠡ ᠦᠷᠢᠰᠦᠯᠳᠦᠬᠦ ᠪᠤᠯᠤᠨ᠎ᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠮᠥᠩᠭᠥᠨ ᠮᠧᠳᠠᠯ ᠬᠦᠷᠲᠡᠭᠰᠡᠨ ᠬᠥ ᠠᠢ ᠯᠢᠩ 7᠎ᠤ ᠡᠳᠦᠷ᠎ᠦᠨ ᠬᠢᠷᠢ
ᠬᠡᠮ᠎ᠦᠨ ᠤᠷᠤᠯᠳᠤᠭᠠᠨ᠎ᠳᠤ ᠠᠩᠬᠠᠨ᠎ᠤ ᠡᠭᠡᠯᠵᠢᠳ᠋ᠡᠭᠡᠨ ᠰᠠᠨᠠᠭᠠᠨ᠎ᠳᠤ ᠦᠭᠡᠢ ᠠᠯᠳᠠᠭ᠎ᠠ ᠭᠠᠷᠭᠠᠭᠰᠠᠨ ᠪᠣᠯᠪᠠᠴᠤ
ᠴᠠᠭ ᠲᠤᠬᠠᠢ ᠳ᠋ᠤᠨᠢ ᠲᠣᠬᠢᠷᠠᠭᠤᠯᠤᠯᠲᠠ ᠬᠢᠵᠤ᠂ ᠬᠣᠶᠠᠳᠤᠭᠠᠷ ᠡᠭᠡᠯᠵᠢ᠎ᠶᠢᠨ ᠭᠠᠷᠮᠠᠭᠠᠢ ᠢᠯᠡᠷᠡᠯ᠎ᠢᠶᠡᠷ᠎ᠢᠶᠡᠨ
ᠬᠣᠶᠠᠳᠤᠭᠠᠷ ᠨᠡᠷ᠎ᠡ ᠪᠡᠷ ᠰᠢᠢᠳᠪᠦᠷᠢᠲᠦ ᠤᠷᠤᠯᠳᠤᠭᠠᠨ᠎ᠤ ᠡᠷᠬᠡ ᠤᠯᠵᠤ᠂ ᠪᠠᠭ᠎ᠤᠨ ᠨᠠᠢᠵᠠ ᠨᠢ ᠪᠤᠯᠬᠤ ᠬᠠᠨ
ᠯᠢᠨ ᠱᠠᠨ᠂ ᠯᠢᠦ ᠮᠧᠩ ᠲᠢᠩ ᠴᠦ᠍ ᠤᠷᠤᠭᠰᠢᠲᠠᠢ᠎ᠪᠠᠷ ᠰᠢᠢᠳᠪᠦᠷᠢᠲᠦ ᠤᠷᠤᠯᠳᠤᠭᠠᠨ᠎ᠳᠤ ᠤᠷᠤᠪᠠ᠃

ᠬᠥ ᠠᠢ ᠯᠢᠩ᠎ᠦᠨ ᠰᠢᠢᠳᠪᠦᠷᠢᠲᠦ ᠤᠷᠤᠯᠳᠤᠭᠠᠨ᠎ᠤ
ᠬᠠᠮᠤᠭ᠎ᠤᠨ ᠶᠡᠬᠡ ᠥᠷᠢᠰᠦᠯᠳᠦᠭᠴᠢ ᠪᠣᠯ ᠰᠸᠢᠰ᠎ᠦᠨ ᠨᠠᠷᠠᠲᠤ ᠲᠠᠮᠢᠷᠴᠢᠨ᠂ ᠳᠡᠭᠡᠷ᠎ᠡ ᠤᠳᠠᠭ᠎ᠠ ᠵᠢᠨ
ᠡᠪᠦᠯ᠎ᠤᠨ ᠤᠯᠠᠷᠢᠯ᠎ᠤᠨ ᠤᠯᠢᠮᠫᠢᠺ᠎ᠤᠨ ᠴᠤᠭᠯᠠᠭᠠᠨ᠎ᠤ ᠮᠠᠩᠯᠠᠢ ᠮᠠᠲ᠋ᠢᠯᠳ᠋ᠸ ᠭᠷᠸᠮᠠᠦ᠋ᠳ᠋ ᠶᠤᠮ᠂ ᠲᠡᠷᠡ
ᠪᠡᠷ ᠬᠢᠷᠢ ᠬᠡᠮ᠎ᠦᠨ ᠤᠷᠤᠯᠳᠤᠭᠠᠨ᠎ᠳᠤ ᠨᠢᠭᠡᠳᠦᠭᠡᠷ᠎ᠲᠤ ᠵᠢᠭᠰᠠᠭᠠᠭᠳᠠᠵᠤ ᠪᠠᠢᠨ᠎ᠠ᠃

ᠬᠢᠷᠢ ᠬᠡᠮ᠎ᠦᠨ ᠤᠷᠤᠯᠳᠤᠭᠠᠨ᠎ᠤ ᠳᠠᠷᠠᠭ᠎ᠠ᠂
ᠬᠥ ᠠᠢ ᠯᠢᠩ᠄ 《ᠠᠩᠬᠠᠨ᠎ᠤ ᠡᠭᠡᠯᠵᠢ᠎ᠶᠢᠨ ᠠᠯᠳᠠᠭ᠎ᠠ ᠪᠣᠯ ᠤᠷᠤᠯᠳᠤᠭᠠᠨ᠎ᠤ ᠲᠠᠯᠠᠪᠤᠷ᠎ᠤᠨ ᠠᠰᠠᠭᠤᠳᠠᠯ ᠪᠢᠰᠢ᠂
ᠭᠤᠤᠯ ᠨᠢ ᠤᠯᠢᠮᠫᠢᠺ᠎ᠤᠨ ᠴᠤᠭᠯᠠᠭᠠᠨ᠎ᠤ ᠳᠠᠷᠤᠯᠲᠠ ᠨᠢ ᠪᠤᠰᠤᠳ ᠤᠷᠤᠯᠳᠤᠭᠠᠨ᠎ᠢ ᠪᠤᠳᠤᠪᠠᠯ ᠬᠤᠯᠠ ᠢᠯᠡᠭᠦᠦ
ᠪᠠᠢᠳᠠᠭ ᠡᠴᠡ ᠪᠣᠯᠤᠭᠰᠠᠨ ᠶᠤᠮ᠃ ᠴᠠᠨᠠᠯᠠᠬᠤ ᠤᠷᠤᠯᠳᠤᠭᠠᠨ᠎ᠤ 50% ᠨᠢ ᠮᠡᠷᠭᠡᠵᠢᠯ᠂ 50% ᠨᠢ ᠰᠡᠳᠬᠢᠴᠡ
ᠪᠠᠢᠳᠠᠭ᠃ ᠪᠢ ᠦᠪᠡᠷ᠎ᠢ ᠪᠠᠨ ᠳᠠᠷᠤᠯᠲᠠ᠎ᠶᠢ ᠲᠤᠯᠵᠤ ᠴᠢᠳᠠᠳᠠᠭ ᠬᠥᠮᠥᠨ ᠭᠡᠵᠦ ᠪᠤᠳᠤᠳᠠᠭ᠂ ᠲᠠᠰᠤᠷᠠᠯᠲᠠ ᠦᠭᠡᠢ
ᠰᠡᠳᠬᠢᠯ᠎ᠦᠨ ᠪᠠᠢᠳᠠᠯ᠎ᠢᠶᠠᠨ ᠲᠣᠬᠢᠷᠠᠭᠤᠯᠵᠤ᠂ ᠦᠪᠡᠷ ᠲᠡᠭᠡᠨ ᠢᠲᠡᠭᠡᠨ ᠵᠤᠷᠢᠭᠲᠠᠢ ᠤᠷᠤᠯᠳᠤᠨ᠎ᠠ᠂ ᠰᠢᠢᠳᠪᠦᠷᠢᠲᠦ
ᠤᠷᠤᠯᠳᠤᠭᠠᠨ᠎ᠳᠤ ᠪᠦᠷᠢᠮᠦᠰᠦᠨ ᠦᠭᠡᠷ᠎ᠡ ᠨᠢᠭᠡᠨ ᠬᠥᠳᠡᠯᠭᠡᠭᠡᠨ ᠬᠢᠨ᠎ᠡ》 ᠭᠡᠵᠦ ᠢᠯᠡᠷᠬᠡᠢᠯᠡᠵᠡᠢ᠃

ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡ