ᠡᠨᠡ ᠵᠢᠯ 12 ᠵᠠᠰᠠᠮᠠᠯ ᠵᠠᠮ᠎ᠤᠨ ᠲᠥᠷᠥᠯ ᠵᠦᠢᠯ᠎ᠢ ᠬᠡᠷᠡᠭᠵᠢᠭᠦᠯᠦᠨ᠎ᠡ
2026-02-10 16:24:38
ᠵᠣᠬᠢᠶᠠᠭ᠍ᠴᠢ᠄
ᠭᠣᠸ᠋ ᠬᠣᠶ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 9᠎ᠦ ᠡᠳᠦᠷ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ 2026 ᠣᠨ᠎ᠤ ᠠᠵᠢᠯ᠎ᠤᠨ ᠬᠤᠷᠠᠯ ᠬᠢᠪᠡ᠃ ᠰᠤᠷᠪᠤᠯᠵᠢᠯᠠᠭ᠍ᠴᠢ ᠬᠤᠷᠠᠯ᠎ᠠᠴᠠ ᠣᠢᠯᠠᠭᠠᠭᠰᠠᠨ᠎ᠢᠶᠠᠷ᠂ 2026 ᠣᠨ᠎ᠳᠤ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ 12 ᠵᠠᠰᠠᠮᠠᠯ ᠵᠠᠮ᠎ᠤᠨ ᠲᠥᠷᠥᠯ ᠵᠦᠢᠯ᠎ᠢ ᠬᠡᠷᠡᠭᠵᠢᠭᠦᠯᠵᠦ᠂ 84 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ ᠪᠡᠷ ᠲᠦᠯᠦᠪᠯᠡᠵᠦ ᠪᠤᠢ᠃

2026 ᠣᠨ᠎ᠳᠤ᠂ G4515 ᠤᠯᠠᠭᠠᠨᠬᠠᠳᠠ — ᠯᠢᠨᠭ ᠶᠤᠸᠠᠨ ᠬᠦᠷᠬᠦ᠂ G110  ᠬᠤᠶᠠᠷᠬᠤᠳᠳᠤᠭ — ᠲᠡᠭᠷᠢᠲᠡᠢ ᠬᠦᠷᠬᠦ᠂ G0616 ᠬᠠᠯᠢᠭᠤᠲᠦ — ᠭᠠᠭᠴᠠᠮᠤᠳᠦ ᠬᠦᠷᠬᠦ᠂ G207 ᠰᠢᠯᠢᠩᠬᠤᠲᠠ — ᠪᠠᠶᠠᠨᠨᠠᠭᠤᠷ — ᠪᠠᠶᠠᠠᠠᠤᠪᠤᠭ᠎ᠠ ᠬᠦᠷᠬᠦ ᠵᠡᠷᠭᠡ 4 ᠲᠥᠷᠥᠯ ᠵᠦᠢᠯ᠎ᠦᠨ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠬᠦ᠎ᠪᠡᠷ ᠲᠥᠯᠥᠪᠯᠡᠵᠦ᠂ S26 ᠨᠠᠷᠠᠰᠤᠨ —  ᠤᠷᠲᠤᠲᠤᠬᠤᠢ ᠬᠦᠷᠬᠦ ᠲᠥᠷᠥᠯ ᠵᠦᠢᠯ᠎ᠦᠨ ᠭᠣᠣᠯ ᠪᠠᠷᠢᠯᠭ᠎ᠠ᠎ᠶᠢ ᠪᠠᠢᠭᠤᠯᠵᠤ ᠳᠠᠭᠤᠰᠬᠠᠨ᠂ G2515 ᠯᠦᠪᠸᠢ — ᠬᠤᠤᠯᠢᠨᠭᠭᠤᠤᠯ ᠬᠦᠷᠬᠦ᠂ G331 ᠠᠮᠤᠭᠤᠯᠠᠩ᠎ᠠᠴᠠ ᠷᠠᠰᠢᠶᠠᠨ ᠬᠦᠷᠲᠡᠯᠡᠬᠢ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠪᠡᠶᠡᠯᠡᠭᠦᠯᠦᠨ᠎ᠡ; G1816 ᠦᠬᠠᠢ ᠡᠴᠡ ᠱᠢ ᠽᠦᠢ ᠱᠠᠨ ᠬᠦᠷᠬᠦ᠂ G1817 ᠦᠬᠠᠢ — ᠪᠠᠶᠠᠨᠬᠤᠲᠠ ᠬᠦᠷᠬᠦ ᠪᠠ G110 ᠪᠢᠴᠢᠭᠡᠴᠢ — ᠱᠢᠷᠡᠭᠡᠴᠢ ᠭᠦᠷᠭᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠥᠯᠥᠪᠯᠡᠭᠡ ᠶᠣᠰᠣᠭᠠᠷ ᠠᠬᠢᠭᠤᠯᠤᠨ᠎ᠠ᠃ ᠡᠭᠦᠨ᠎ᠦ ᠬᠠᠮᠲᠤ G0712᠂ G332 ᠵᠡᠷᠭᠡ ᠵᠠᠮ᠎ᠤᠨ ᠬᠡᠰᠡᠭ᠎ᠢ ᠤᠯᠤᠰ ᠵᠢᠴᠢ ᠣᠷᠣᠨ ᠪᠦᠰᠡ᠎ᠶᠢᠨ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠲᠥᠯᠦᠪᠵᠢᠭᠦᠯᠭᠡ᠎ᠳᠦ ᠣᠷᠣᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠎ᠠ᠃

ᠣᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ ᠨᠡᠶ᠋ᠢᠲᠡ 23 ᠵᠠᠰᠠᠮᠠᠯ ᠵᠠᠮ᠎ᠤᠨ ᠲᠥᠷᠥᠯ ᠵᠦᠢᠯ᠎ᠢ ᠬᠡᠷᠡᠭᠵᠢᠭᠦᠯᠵᠦ᠂ 570 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ 2356 ᠺᠢᠯᠣᠮᠧᠲᠷ ᠣᠷᠳᠣ᠌ ᠵᠠᠮ᠎ᠢ ᠪᠦᠲᠦᠭᠡᠨ ᠪᠠᠢᠭᠤᠯᠵᠤ᠂ G5511 ᠡᠷᠢᠶᠡᠨ᠎ᠡᠴᠡ ᠭᠤᠸᠠᠩᠵᠧᠦ ᠬᠦᠷᠬᠦ ᠲᠦᠷᠭᠡᠨ᠎ᠤ ᠵᠠᠰᠠᠮᠠᠯ ᠵᠠᠮ᠎ᠤᠨ ᠵᠢᠨᠢᠨᠭ ᠡᠴᠡ ᠠᠷᠤᠨ ᠬᠤᠰᠢᠭᠤ ᠬᠦᠷᠬᠦ ᠬᠣᠯᠪᠣᠬᠤ ᠱᠤᠭᠤᠮ᠎ᠤᠨ 《ᠡᠴᠦᠰ᠎ᠦᠨ ᠨᠢᠭᠡ ᠺᠢᠯᠣᠮᠧᠲᠷ》᠎ᠢ ᠨᠠᠪᠲᠠᠷᠡᠭᠦᠯᠪᠡ; G55 ᠡᠷᠢᠶᠡᠨ᠎ᠡᠴᠡ ᠭᠤᠸᠠᠩᠵᠧᠦ ᠬᠦᠷᠬᠦ ᠲᠦᠷᠭᠡᠨ᠎ᠦ ᠵᠠᠰᠠᠮᠠᠯ ᠵᠠᠮ᠎ᠤᠨ ᠡᠷᠢᠶᠡᠨ — ᠰᠠᠢᠬᠠᠨᠲᠠᠯ᠎ᠠ ᠬᠦᠷᠬᠦ ᠬᠡᠰᠡᠭ ᠤᠷᠤᠭᠰᠢᠲᠠᠢ ᠲᠡᠷᠭᠡ ᠨᠡᠪᠲᠡᠷᠡᠨ ᠡᠵᠡᠩᠨᠡᠯᠲᠡ᠎ᠪᠡᠨ ᠡᠬᠢᠯᠡᠭᠦᠯᠵᠦ᠂ ᠴᠢᠬᠤᠯᠠ ᠪᠣᠭᠣᠮᠲᠠ᠎ᠶᠢᠨ ᠵᠠᠰᠠᠮᠠᠯ ᠵᠠᠮ᠎ᠤᠨ ᠲᠡᠭᠡᠭᠡᠪᠦᠷᠢ᠎ᠶᠢᠨ ᠵᠠᠮ ᠪᠣᠯᠪᠠ; ᠡᠭᠦᠨ᠎ᠦ ᠬᠠᠮᠲᠤ ᠪᠥᠬᠥ ᠣᠷᠣᠨ᠎ᠤ ᠠᠩᠬᠠᠳᠠᠭ᠍ᠴᠢ ᠣᠶᠤᠨᠲᠤ ᠲᠦᠷᠭᠡᠨ᠎ᠤ ᠵᠠᠰᠠᠮᠠᠯ ᠵᠠᠮ᠎ᠪᠤᠯᠬᠤ S43 ᠨᠢᠰᠬᠡᠯ᠎ᠦᠨ ᠪᠠᠭᠤᠳᠠᠯ᠎ᠤᠨ ᠲᠦᠷᠭᠡᠨ᠎ᠤ ᠵᠠᠰᠠᠮᠠᠯ ᠵᠠᠮ᠎ᠢ ᠪᠠᠢᠭᠤᠯᠵᠤ᠂ ᠠᠩᠬᠠᠳᠠᠭ᠍ᠴᠢ ᠪᠣᠬᠢᠷᠲᠤᠯ ᠦᠭᠡᠢ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠨᠡᠢᠲᠡᠯᠢᠭ ᠵᠢᠱ᠌ᠢᠶ᠎ᠡ ᠦᠵᠡᠭᠦᠯᠬᠦ ᠢᠨᠵᠧᠨᠧᠷᠢᠩ G1611 ᠪᠢᠷᠠᠭᠤ — ᠤᠯᠠᠭᠠᠠᠪᠤᠲᠦᠨᠭ ᠬᠦᠷᠬᠦ ᠲᠦᠷᠭᠡᠨ᠎ᠤ ᠵᠠᠰᠠᠮᠠᠯ ᠵᠠᠮ ᠨᠢ ᠥᠪᠥᠷ ᠮᠣᠩᠭᠣᠯ᠎ᠤᠨ 《ᠳᠥᠷᠪᠡᠨ ᠬᠥᠨᠳᠡᠯᠡᠨ ᠠᠷᠪᠠᠨ ᠬᠣᠶᠠᠷ ᠭᠤᠯᠳᠤ》ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠭᠣᠣᠯ ᠪᠦᠲᠦᠴᠡ᠎ᠶᠢ ᠲᠦᠷᠭᠡᠳᠬᠡᠨ ᠪᠠᠶ᠋ᠢᠭᠤᠯᠬᠤ᠎ᠳᠤ ᠲᠤᠯᠭᠠᠭᠤᠷᠢᠯᠠᠯ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号