ᠬᠥᠬᠡᠬᠣᠲᠠ᠎ᠳᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠨᠢ ᠶᠡᠷᠦ᠍᠎ᠡᠴᠡ ᠬᠡᠢᠰᠪᠦᠷᠢ ᠤᠬᠠᠭᠳᠠᠬᠤᠨ ᠪᠢᠰᠢ᠂ ᠬᠠᠷᠢᠨ ᠨᠡᠢᠭᠡᠮ ᠲᠣᠭᠣᠷᠢᠭ᠎ᠤᠨ ᠶᠣᠰᠣ ᠰᠤᠷᠲᠠᠬᠤᠨ᠎ᠤ ᠬᠦᠮᠦᠵᠢᠯ᠂ ᠰᠣᠶᠣᠯ᠎ᠤᠨ ᠤᠤᠷ ᠲᠤᠨᠳᠠᠰᠤ᠌᠂ ᠬᠦᠮᠦᠰ᠎ᠤᠨ ᠡᠳᠦᠷ ᠲᠤᠳᠤᠮ᠎ᠤᠨ ᠦᠢᠯᠡ ᠠᠵᠢᠯᠯᠠᠭ᠎ᠠ ᠪᠠ ᠠᠮᠢᠳᠤᠷᠠᠯ ᠳᠦ ᠬᠦᠨ ᠠᠭᠤᠰᠴᠤ ᠪᠠᠢᠳᠠᠭ᠃ 《ᠠᠷᠪᠠᠳᠤᠭᠠᠷ ᠪᠦᠯᠦᠭ᠎ᠦᠨ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ》᠂ 《ᠳᠣᠯᠣᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠣᠯᠪᠠᠰᠤᠨ ᠬᠤᠳᠠ》 ᠪᠣᠯᠤᠭ᠍ᠰᠠᠨ᠎ᠤ ᠬᠤᠪᠢ᠎ᠳᠤ ᠬᠦᠬᠡᠬᠤᠳᠠ ᠢᠳᠡᠪᠬᠢᠳᠡᠢ ᠬᠠᠢᠨ ᠰᠦᠪᠡᠭᠴᠢᠯᠡᠯᠳᠡ ᠬᠢᠵᠦ᠂ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ᠂ ᠬᠠᠢᠷ᠎ᠠ ᠰᠡᠳᠬᠢᠯᠭᠡ ᠵᠡᠷᠭᠡ ᠤᠯᠠᠨ ᠲᠠᠯ᠎ᠠ ᠵᠢ ᠬᠠᠷᠢᠯᠴᠠᠨ ᠱᠢᠭᠢᠳᠭᠡᠬᠦ᠌ ᠪᠠᠷ ᠴᠢᠬᠤᠯᠠ ᠭᠠᠷᠳᠠᠴᠠ ᠪᠣᠯᠭᠠᠵᠤ᠂ ᠨᠡᠢᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠵᠣᠯ ᠵᠢᠷᠭᠠᠯᠲᠤ ᠭᠠᠷᠠᠮ ᠪᠣᠯᠭᠠᠨ ᠴᠣᠭ᠍ᠴᠠᠯᠠᠵᠤ ᠪᠤᠢ᠃
ᠣᠷᠣᠨ ᠵᠠᠶ ᠶ᠋ᠢ ᠬᠠᠷᠢᠯᠴᠠᠨ ᠱᠢᠭᠢᠳᠭᠡᠵᠦ᠍ 《ᠵᠠᠶ ᠦᠬᠡᠢ》 ᠬᠠᠮᠲᠤ ᠣᠷᠣᠱᠢᠬᠤ ᠪᠠᠢᠷᠢᠰᠢᠯᠢ᠋ ᠪᠤᠢ ᠪᠤᠯᠭᠠᠪᠠ
ᠣᠷᠣᠨ ᠵᠠᠢ ᠪᠣᠯ ᠦᠨᠳᠦᠰᠦᠲᠡᠨ᠎ᠦ ᠪᠦᠯᠬᠦᠮᠳᠡᠯ᠎ᠦᠨ ᠹᠢᠽᠢᠺ᠎ᠦᠨ ᠰᠠᠭᠤᠷᠢ ᠮᠥᠨ᠃ ᠬᠥᠬᠡᠬᠣᠲᠠ ᠨᠡᠢᠭᠡᠮ ᠲᠣᠭᠣᠷᠢᠭ᠎ᠤᠨ ᠪᠠᠢᠷᠢᠱᠢᠯ᠎ᠢ ᠱᠢᠯᠢᠳᠡᠭ᠌ᠵᠢᠭᠦᠯᠤᠨ ᠭᠤᠤᠯ ᠰᠡᠳᠦᠪᠲᠦ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠮᠲᠤᠤᠷᠤᠰᠢᠬᠤ ᠣᠷᠣᠨ ᠵᠠᠶ᠎ᠳᠤ ᠠᠶᠠᠨ᠎ᠳᠠᠭᠠᠨ ᠬᠦᠨᠵᠡᠭᠡᠢ ᠠᠭᠤᠰᠤᠯᠴᠠᠭᠤᠯᠤᠨ᠎ᠠ᠃
ᠱᠢᠨ᠎ᠡ ᠬᠤᠳᠠ ᠲᠣᠭᠣᠷᠢᠭ᠎ᠤᠨ ᠶᠢᠩ ᠪᠢᠨ ᠡᠮᠦᠨ᠎ᠡ ᠵᠠᠮ᠎ᠤᠨ ᠨᠡᠢᠭᠡᠮ ᠲᠣᠭᠣᠷᠢᠭ᠎ᠲᠤ ᠬᠦᠷᠪᠡᠯ᠂ 《ᠤᠯᠠᠭᠠᠨ ᠠᠨᠠᠷ᠎ᠤᠨ ᠦᠷᠳᠡᠬᠡ》 ᠨᠢ ᠨᠡᠢᠭᠡᠮ ᠲᠣᠭᠣᠷᠢᠭ᠎ᠤᠨ ᠦᠢᠯᠡᠴᠢᠯᠡᠭᠡᠨ᠎ᠦ ᠲᠥᠪ᠂ ᠰᠣᠶᠣᠯ᠎ᠤᠨ ᠠᠭᠤᠳᠠᠮ ᠳᠠᠯᠠᠪᠠᠢ᠎ᠲᠠᠶ ᠨᠢᠭ᠍ᠲᠠ ᠬᠣᠯᠪᠣᠯᠳᠤᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶ᠋ᠢᠨ ᠤᠷᠢᠶ᠎ᠠ ᠯᠣᠽᠦ᠋ᠩᠢᠯᠡ ᠲᠤᠳᠤ ᠬᠠᠷᠠᠭᠳᠠᠵᠤ᠂ ᠠᠳᠠᠯᠢ ᠪᠤᠰᠤ ᠦᠨᠳᠦᠰᠦᠲᠡᠨ᠎ᠦ ᠬᠥᠷᠰᠢ ᠵᠡᠷᠭᠡᠯᠡᠳᠡᠭᠡ᠎ᠵᠢᠨ ᠬᠢᠨ ᠡᠨᠳᠡ ᠬᠠᠮᠳᠤ ᠰᠤᠷᠤᠯᠴᠠᠵᠤ ᠬᠠᠮᠳᠤ ᠠᠵᠢᠯᠯᠠᠭ᠎ᠠ ᠦᠷᠨᠢᠬᠦᠯᠦᠨ᠎ᠡ᠃ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ ᠦᠨᠳᠦᠰᠦᠲᠡᠨ᠎ᠦ ᠪᠦᠯᠬᠦᠮᠳᠡᠯ᠎ᠦᠨ ᠡᠯᠧᠮᠧᠨ᠋ᠲ᠎ᠢ ᠵᠡᠭᠡᠯᠢ ᠭᠤᠲᠤᠮᠵᠢ᠂ ᠴᠡᠴᠡᠷᠯᠢᠭ᠂ ᠠᠰᠠᠷ᠎ᠤᠨ ᠭᠤᠳᠤᠮᠵᠢ ᠵᠢᠨ ᠵᠢᠷᠤᠭ ᠲᠥᠯᠥᠪᠯᠡᠭᠡ᠎ᠳᠦ ᠠᠭᠤᠰᠭᠠᠵᠤ᠂ ᠬᠠᠮᠲᠤ᠎ᠪᠠᠷ ᠡᠳ᠋ᠯᠡᠬᠦ᠌ ᠣᠷᠣᠨ ᠵᠠᠢ᠎ᠶ᠋ᠢ 《ᠦᠨᠳᠦᠰᠦᠳᠡᠨ᠎ᠤ ᠪᠦᠯᠬᠦᠮᠳᠡᠯ᠎ᠤᠨ ᠤᠬᠠᠭᠤᠯᠭ᠎ᠠ ᠵᠢᠨ ᠲᠠᠪᠴᠠᠩ》 ᠪᠣᠯᠭᠠᠵᠠᠢ᠃
ᠣᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ ᠦᠨᠳᠦᠰᠦᠲᠡᠨ᠎ᠨᠦᠭᠦᠳ᠎ᠦᠨ ᠬᠥᠮᠦᠨ ᠠᠮᠠ᠎ᠶ᠋ᠢᠨ ᠶᠡᠬᠡ ᠨᠡᠭᠦᠳᠡᠯ᠂ ᠶᠡᠬᠡ ᠠᠭᠤᠰᠤᠯᠴᠠᠯ᠎ᠤᠨ ᠬᠠᠨᠳᠤᠰᠢ᠎ᠳᠤ ᠵᠣᠬᠢᠴᠠᠭᠤᠯᠤᠨ᠂ 《ᠠᠨᠠᠷ᠎ᠤᠨ ᠦᠷ᠎ᠡ》 ᠵᠢᠨ ᠭᠤᠤᠯ ᠰᠡᠳᠦᠪᠲᠦ ᠵᠢᠭ᠍ᠰᠠᠭᠠᠯ᠎ᠤᠨ ᠭᠠᠵᠠᠷ᠎ᠢ ᠪᠥᠬᠥ᠌ ᠣᠷᠣᠨ ᠪᠦᠰᠡ᠎ᠳᠦ ᠪᠦᠷᠬᠦᠭᠦᠯᠬᠦ᠌᠎ᠪᠡᠷ ᠬᠠᠷᠠᠯᠲᠠ ᠪᠣᠯᠭᠠᠵᠤ᠂ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠪᠡ᠃ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ᠂ 8 ᠵᠡᠭᠡᠯᠢ ᠭᠤᠳᠤᠮᠵᠢ᠂ 94 ᠨᠡᠢᠭᠡᠮ ᠲᠣᠭᠣᠷᠢᠭ᠎ᠢ ᠱᠢᠨ᠎ᠡ᠎ᠪᠡᠷ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠨᠢᠭᠡᠴᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠠ; 《〈ᠤᠯᠠᠭᠠᠨ ᠠᠨᠠᠷ ᠤ᠋ᠨ ᠥᠷᠲᠡᠭᠡ〉 ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠢᠯᠣᠭᠣᠳᠭᠤ ᠰᠠᠨᠠᠯ》᠎ᠢ᠋ ᠲᠣᠭ᠍ᠲᠠᠭᠠᠵᠤ᠂ 459 《ᠤᠯᠠᠭᠠᠨ ᠠᠨᠠᠷ ᠤ᠋ᠨ ᠥᠷᠲᠡᠭᠡ》 ᠶ᠋ᠢ ᠪᠠᠢᠭᠤᠯᠬᠤ᠎ᠶ᠋ᠢᠨ ᠬᠠᠮᠲᠤ ᠬᠠᠮᠲᠤ ᠪᠠᠷ ᠡᠳ᠋ᠯᠡᠬᠦ ᠠᠵᠢᠯᠯᠠᠭᠠᠨ᠎ᠤ ᠲᠠᠰᠤᠭ᠂ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠤᠷᠲᠤ ᠬᠣᠩᠭᠢᠯ᠎ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠠᠢ᠃ ᠰᠠᠢᠬᠠᠨ ᠲᠣᠭᠣᠷᠢᠭ᠎ᠤᠨ ᠵᠢᠨ ᠴᠢᠶᠤᠤ ᠨᠡᠢᠭᠡᠮ ᠲᠣᠭᠣᠷᠢᠭ᠎ᠤᠨ ᠬᠠᠮᠲᠤ᠎ᠪᠠᠷ ᠡᠳ᠋ᠯᠡᠬᠦ᠌ ᠤᠩᠱᠢᠯᠭ᠎ᠠ᠎ᠶ᠋ᠢᠨ ᠪᠤᠯᠤᠩ᠎ᠳᠤ᠂ ᠬᠢᠲᠠᠳ᠂ ᠮᠣᠩᠭᠣᠯ᠂ ᠤᠢᠭᠤᠷ ᠬᠡᠯᠡ ᠵᠡᠷᠭᠡ ᠤᠯᠠᠨ ᠬᠡᠯᠡᠨ᠎ᠦ ᠨᠣᠮ ᠪᠢᠴᠢᠭ᠎ᠢ ᠳᠡᠯᠭᠡᠨ ᠦᠵᠡᠭᠦᠯᠵᠦ᠍᠂ ᠬᠡᠦᠬᠡᠳ᠎ᠦᠨ ᠬᠥᠳᠡᠯᠭᠡᠭᠡᠨ᠎ᠦ ᠳᠤᠮᠳᠠ ᠬᠢᠲᠠᠳ᠂ ᠮᠣᠩᠭᠣᠯ᠂ ᠬᠣᠲᠣᠩ ᠵᠡᠷᠭᠡ ᠦᠨᠳᠦᠰᠦᠲᠡᠨ᠎ᠦ ᠬᠡᠦᠬᠡᠳ ᠮᠣᠷᠢᠨ ᠬᠤᠭᠤᠷ ᠰᠤᠷᠴᠤ᠌᠂ ᠴᠠᠭᠠᠨ ᠰᠠᠷ᠎ᠠ᠎ᠶ᠋ᠢᠨ ᠵᠢᠷᠤᠭ ᠵᠢᠷᠤᠳᠠᠭ᠃ 《ᠪᠢᠳᠡ ᠬᠥᠷᠰᠢ ᠵᠡᠷᠬᠡᠯᠡᠲᠠᠬᠡ ᠲᠡᠳᠦᠢ ᠪᠢᠰᠢ᠂ ᠬᠠᠷᠢᠨ ᠨᠢᠭᠡ ᠭᠡᠷ᠎ᠦᠨ ᠬᠥᠮᠦᠨ ᠮᠠᠲᠤ ᠲᠤᠲᠤᠨᠤ ᠪᠠᠢᠳᠠᠭ》 ᠭᠡᠵᠦ ᠰᠠᠭᠤᠭᠠᠯᠢ ᠠᠷᠠᠳ ᠨᠠᠷᠠᠨᠴᠡᠴᠡᠭ ᠬᠡᠯᠡᠵᠦ ᠪᠠᠢᠯ᠎ᠠ᠃
ᠰᠣᠶᠣᠯ᠎ᠢ᠋ ᠬᠠᠷᠢᠯᠴᠠᠨ ᠱᠢᠭᠢᠳᠭᠡᠵᠤ 《ᠢᠵᠢᠯᠢ ᠲᠥᠪ᠎ᠲᠦ ᠲᠣᠭᠣᠷᠢᠭ》 ᠤ᠋ᠨ ᠡᠶ᠎ᠡ ᠵᠣᠬᠢᠴᠠᠩᠭᠤᠶ ᠬᠦᠭ ᠠᠶᠠᠰ᠎ᠢ ᠴᠢᠪᠬᠠᠲᠠᠨᠠ
ᠰᠣᠶᠣᠯ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠰᠤᠷᠪᠤᠯᠵᠢ ᠮᠥᠨ᠃ ᠬᠥᠬᠡᠬᠣᠲᠠ ᠰᠣᠶᠣᠯ᠎ᠢᠶᠠᠷ ᠬᠥᠭᠥᠷᠭᠡ ᠪᠣᠯᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠂ ᠤᠨᠴᠠᠯᠢᠬ᠍ᠳᠤ ᠠᠵᠢᠯᠯᠠᠭ᠎ᠠ᠂ ᠰᠣᠶᠣᠯ᠎ᠤᠨ ᠱᠢᠨ᠎ᠡ ᠡᠭᠦᠳᠦᠯᠲᠡ᠎ᠪᠡᠷ ᠳᠠᠮᠵᠢᠭᠤᠯᠵᠤ᠂ ᠦᠨᠳᠦᠰᠦᠲᠡᠨ᠎ᠦ ᠰᠣᠶᠣᠯ᠎ᠤᠨ ᠬᠠᠮᠲᠤ᠎ᠶ᠋ᠢᠨ ᠲᠠᠨᠢᠯᠲᠠ᠎ᠵᠢ ᠨᠢᠭ᠍ᠲᠠᠷᠠᠭᠤᠯᠤᠨ᠎ᠠ᠃
ᠬᠣᠲᠣᠩ ᠠᠷᠠᠳ᠎ᠤᠨ ᠲᠣᠭᠣᠷᠢᠭ᠎ᠤᠨ ᠱᠢᠨ ᠬᠤᠸᠠ ᠶᠤᠸᠠᠨ ᠨᠡᠢᠭᠡᠮ ᠲᠣᠭᠣᠷᠢᠭ᠎ᠤᠨ ᠠᠵᠢᠯᠲᠠᠳ ᠪᠣᠯᠤᠨ ᠰᠠᠢᠨ ᠳᠤᠷᠠᠴᠤᠳ ᠭᠠᠷᠠᠭ᠎ᠤᠨ ᠭᠤᠷᠪᠠᠨ ᠤ᠋ ᠥᠷᠯᠥᠭᠡ ᠪᠣᠯᠭᠠᠨ ᠶᠡᠬᠡ ᠪᠠᠭ᠎ᠠ ᠵᠡᠭᠡᠯᠢ ᠭᠤᠳᠤᠮᠵᠢ᠎ᠪᠠᠷ ᠶᠠᠪᠤᠵᠤ᠂ ᠦᠨᠲᠤᠰᠤᠲᠠᠨ ᠤ᠋ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠮᠡᠳᠡᠯᠭᠡ ᠶ᠋ᠢ ᠣᠯᠠᠨ ᠲᠦᠮᠡᠨ᠎ᠦ ᠳᠡᠷᠭᠡᠳᠡ ᠬᠦᠷᠭᠡᠳᠡᠭ᠃ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ 《ᠦᠨᠳᠦᠰᠦᠲᠡᠨ᠎ᠦ ᠪᠦᠯᠬᠦᠮᠳᠡᠯ᠎ᠦᠨ ᠶᠠᠷᠢᠶᠠᠨ᠎ᠤ ᠲᠠᠩᠬᠢᠮ》 ᠶ᠋ᠢᠡᠷ ᠲᠦᠷᠦᠯ ᠲᠡᠮᠳᠡᠭ ᠪᠣᠯᠭᠠᠵᠤ᠂ ᠭᠤᠤᠯ ᠰᠡᠳᠦᠪᠲᠦ ᠲᠠᠢᠯᠤᠮᠵᠢ᠎ᠶ᠋ᠢ ᠨᠡᠢᠲᠡ 400 ᠭᠠᠷᠤᠶ ᠬᠤᠭᠤᠴᠠᠭ᠎ᠠ᠂ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ 300 ᠭᠠᠷᠤᠶ ᠤᠳᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ 4000 ᠭᠠᠷᠤᠶ ᠬᠥᠮᠦᠨ ᠤᠳᠠᠭ᠎ᠠ ᠤᠷᠤᠯᠴᠠᠭᠤᠯᠵᠤ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠠᠢ᠃
ᠢᠦᠢᠴᠢᠤᠸᠠᠨ ᠲᠣᠭᠣᠷᠢᠭ᠎ᠤᠨ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠣᠷᠢᠭ᠎ᠤᠨ 《ᠡᠭᠡᠴᠦᠦᠯ᠎ᠤᠨ ᠪᠥᠵᠢᠭ᠎ᠦᠨ ᠠᠩᠬᠢ》 ᠵᠢᠨ ᠬᠢᠨ ᠬᠢᠲᠠᠳ᠂ ᠮᠣᠩᠭᠣᠯ᠂ ᠬᠣᠲᠣᠩ ᠦᠨᠳᠦᠰᠦᠲᠡᠨ᠎ᠦ ᠰᠠᠭᠤᠭᠠᠯᠢ ᠠᠷᠠᠳ᠎ᠢᠶᠠᠷ ᠪᠦᠷᠢᠯᠳᠦᠵᠦ᠍᠂ ᠮᠣᠩᠭᠣᠯ ᠦᠨᠳᠦᠰᠦᠲᠡᠨ᠎ᠦ ᠠᠨᠳᠠᠢ ᠪᠥᠵᠢᠭ ᠪᠣᠯᠤᠨ ᠬᠢᠲᠠᠳ ᠦᠨᠳᠦᠰᠦᠲᠡᠨ᠎ᠦ ᠶᠠᠩᠭᠠᠷ ᠪᠥᠵᠢᠭ᠎ᠢ ᠠᠭᠤᠰᠤᠯᠴᠠᠭᠤᠯᠵᠤ ᠨᠠᠢᠷᠠᠭᠤᠯᠤᠨ ᠵᠣᠬᠢᠶᠠᠭ᠍ᠰᠠᠨ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠤ᠋ᠨ ᠬᠦᠮᠤᠨ ᠮᠠᠲᠤ ᠲᠤᠳᠤᠨᠤ》 ᠭᠡᠬᠦ᠌ ᠪᠥᠵᠢᠭ ᠨᠢ ᠨᠡᠢᠭᠡᠮ ᠲᠣᠭᠣᠷᠢᠭ᠎ᠤᠨ ᠨᠢᠭᠡᠨ ᠰᠣᠶᠣᠯ᠎ᠤᠨ ᠲᠦᠷᠦᠯ ᠲᠡᠮᠳᠡᠭ ᠪᠣᠯᠵᠠᠢ᠃ ᠨᠡᠢᠭᠡᠮ ᠲᠣᠭᠣᠷᠢᠭ ᠨᠢ ᠪᠠᠰᠠ ᠨᠠᠢᠷᠠᠯ ᠳᠠᠭᠤᠤ᠎ᠶ᠋ᠢᠨ ᠪᠦᠯᠬᠦᠮ᠂ ᠮᠣᠳᠧᠯ᠎ᠦᠨ ᠪᠦᠯᠬᠦᠮ᠂ ᠱᠠᠨ ᠰᠢ ᠵᠦᠴᠦᠭᠡ᠎ᠶ᠋ᠢᠨ ᠪᠦᠯᠬᠦᠮ ᠵᠡᠷᠭᠡ 10 ᠭᠠᠷᠤᠢ ᠰᠣᠶᠣᠯ ᠲᠠᠮᠢᠷ᠎ᠤᠨ ᠡᠩᠨᠡᠭᠡ᠎ᠶ᠋ᠢ ᠵᠣᠬᠢᠶᠠᠨ ᠪᠠᠢᠭᠤᠯᠵᠤ᠂ 《ᠨᠠᠮ᠎ᠤᠨ ᠲᠦᠷᠦ᠍᠎ᠶ᠋ᠢᠨ ᠪᠤᠳᠤᠯᠭ᠎ᠠ ᠰᠠᠢ᠌ᠨ》 ᠵᠡᠷᠭᠡ ᠲᠤᠭᠯᠠᠯᠳᠠ ᠵᠢ ᠵᠤᠬᠢᠶᠠᠨ ᠪᠦᠳᠦᠭᠡᠵᠦ᠂ ᠦᠨᠳᠦᠰᠦᠲᠡᠨ᠎ᠦ ᠪᠦᠯᠬᠦᠮᠳᠡᠯ᠎ᠦᠨ ᠬᠦᠮᠦᠵᠢᠯ᠎ᠢ ᠡᠳᠦᠷ ᠳᠤᠳᠤᠮ᠎ᠤᠨ ᠠᠵᠢᠯ᠎ᠳᠠᠭᠠᠨ ᠠᠭᠤᠰᠤᠯᠴᠠᠭᠤᠯᠪᠠ᠃
ᠬᠣᠲᠣᠩ ᠠᠷᠠᠳ᠎ᠤᠨ ᠲᠣᠭᠣᠷᠢᠭ᠎ᠤᠨ ᠨᠡᠢᠭᠡᠮ ᠲᠣᠭᠣᠷᠢᠭ᠎ᠤᠨ ᠠᠵᠢᠯᠯᠠᠭ᠎ᠠ ᠠᠳᠠᠯᠢᠬᠠᠨ ᠠᠮᠢᠳᠤᠯᠢᠭ ᠶᠠᠪᠤᠭ᠍ᠳᠠᠵᠤ᠂ ᠶᠠᠨ ᠾᠧ ᠨᠡᠢᠭᠡᠮ ᠲᠣᠭᠣᠷᠢᠭ ᠲᠣᠭ᠍ᠲᠠᠮᠠᠯ ᠬᠤᠭᠤᠴᠠᠭ᠎ᠠ᠎ᠲᠠᠶ᠎ᠪᠠᠷ 《ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠬᠤ ᠡᠳᠦᠷ》 ᠤ᠋ᠨ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ ᠤᠨ ᠰᠠᠭᠤᠭᠠᠯᠢ ᠠᠷᠠᠳ ᠬᠠᠮᠲᠤ ᠪᠠᠷ ᠪᠠᠩᠰᠢ ᠪᠠᠷᠢᠵᠤ᠂ ᠴᠠᠭᠠᠨ ᠢᠳᠡᠭᠡ ᠬᠢᠵᠦ᠍᠂ ᠬᠣᠣᠰ ᠤᠶᠠᠩᠭ᠎ᠠ ᠪᠢᠴᠢᠵᠦ᠍᠂ ᠴᠣᠩᠬᠣᠨ ᠬᠤᠸᠠᠷ ᠬᠠᠢᠴᠢᠯᠠᠵᠤ᠂ 《ᠥᠪᠡᠷ ᠥᠪᠡᠷ᠎ᠤᠨ ᠰᠠᠢ᠌ᠨ ᠰᠠᠢᠬᠠᠨ᠎ᠢᠶᠠᠨ ᠪᠠᠬᠠᠷᠬᠠᠵᠤ᠂ ᠭᠤᠤ᠎ᠠ ᠰᠠᠢᠬᠠᠨ᠎ᠢᠶᠠᠨ ᠬᠠᠮᠲᠤᠳᠭᠠᠬᠤ》ᠬᠠᠮᠳᠤ ᠵᠢᠨ ᠲᠠᠨᠢᠯᠳᠠ ᠵᠢ ᠬᠦᠨᠵᠡᠭᠡᠢᠷᠡᠬᠦᠯᠵᠡᠢ᠃

ᠦᠨᠲᠤᠰᠤᠲᠠᠨ ᠤ᠋ ᠲᠦᠷᠦ ᠵᠢᠨ ᠪᠤᠲᠤᠯᠭ᠎ᠠ ᠵᠢᠨ ᠤᠬᠠᠭᠤᠯᠭ᠎ᠠ
ᠠᠵᠤ ᠠᠬᠤᠶ᠎ᠶ᠋ᠢ ᠬᠠᠷᠢᠯᠴᠠᠨ ᠱᠢᠭᠢᠳᠭᠡᠵᠦ 《ᠬᠠᠮᠲᠤ᠎ᠪᠠᠷ ᠬᠥᠭ᠌ᠵᠢᠬᠦ᠌》 ᠳᠣᠲᠣᠭᠠᠳᠤ ᠬᠥᠳᠡᠯᠭᠡᠭ᠌ᠴᠢ ᠬᠦᠴᠦᠨ᠎ᠢ᠋ ᠬᠥᠭ᠌ᠵᠢᠭᠡᠨ᠎ᠡ
ᠠᠵᠤ ᠠᠬᠤᠢ᠎ᠶ᠋ᠢᠨ ᠲᠠᠯ᠎ᠠ ᠪᠡᠷ ᠬᠠᠮᠲᠤ᠎ᠪᠠᠷ ᠠᠱᠢᠭ ᠬᠦᠷᠳᠡᠬᠦ᠌ ᠪᠣᠯ ᠦᠨᠳᠦᠰᠦᠲᠡᠨ᠎ᠦ ᠪᠦᠯᠬᠦᠮᠳᠡᠯ᠎ᠦᠨ ᠪᠠᠲᠤ ᠪᠡᠬᠢ ᠲᠤᠯᠭᠠᠭᠤᠷᠢᠯᠠᠯ ᠪᠤᠯᠤᠨ᠎ᠠ᠃ ᠬᠥᠬᠡᠬᠣᠲᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠶ᠋ᠯᠡᠴᠢᠯᠡᠭᠡᠨ᠎ᠦ ᠲᠠᠪᠴᠠᠩ ᠪᠠᠢᠭᠤᠯᠬᠤ᠂ ᠤᠷ᠎ᠠ ᠮᠡᠷᠬᠡᠵᠢᠯ ᠤ᠋ᠨ ᠪᠣᠯᠪᠠᠰᠤᠷᠠᠯ ᠥᠷᠨᠢᠭᠦᠯᠬᠦ᠌᠂ ᠦᠶ᠋ᠯᠡᠰ ᠪᠤᠰᠬᠠᠬᠤ ᠲᠥᠷᠥᠯ ᠵᠦᠶ᠋ᠯ᠎ᠢ ᠨᠡᠪᠴᠢᠭᠦᠯᠬᠦ᠌᠎ᠪᠡᠷ ᠳᠠᠮᠵᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠎ᠢ ᠨᠡᠮᠡᠭ᠌ᠳᠡᠭᠦᠯᠵᠠᠢ᠃
《ᠥᠩᠭᠡᠷᠡᠭ᠌ᠰᠡᠨ᠎ᠳᠦ ᠴᠠᠭᠠᠨ ᠢᠳᠡᠭᠡ ᠬᠤᠳᠠᠯᠳᠤᠬᠤ᠎ᠳᠤ ᠵᠥᠪᠬᠡᠨ ᠲᠠᠨᠢᠯ ᠬᠥᠮᠦᠨ᠎ᠦ ᠲᠠᠨᠢᠯᠴᠠᠭᠤᠯᠭ᠎ᠠ ᠳ᠋ᠤ ᠲᠦᠱᠢᠭ᠌ᠯᠡᠵᠦ ᠪᠠᠢᠵᠠᠢ᠂ ᠣᠳᠣ ᠨᠡᠢᠭᠡᠮ ᠲᠣᠭᠣᠷᠢᠭ᠎ᠠᠴᠠ ᠨᠠᠳᠠ᠎ᠶ᠋ᠢ ᠬᠠᠪᠰᠤᠷᠴᠤ᠌ 〈ᠤᠯᠠᠭᠠᠨ ᠠᠨᠠᠷ ᠤ᠋ᠨ ᠠᠷᠠᠳ᠎ᠲᠤ ᠳᠥᠭᠥᠮ ᠦᠵᠡᠭᠦᠯᠬᠦ᠌ ᠴᠤᠭ᠍ᠯᠠᠭ᠎ᠠ ᠮᠠᠢᠮᠠᠶ〉 ᠳ᠋ᠤ ᠣᠷᠣᠨ ᠪᠠᠢᠷᠢ ᠡᠷᠢᠵᠦ᠍ ᠥᠭ᠌ᠴᠸ᠋᠂ ᠬᠤᠳᠠᠯᠳᠤᠭ᠎ᠠ ᠮᠠᠢᠮᠠᠢ ᠤᠤᠯ᠎ᠤᠨ ᠬᠢ᠎ᠡᠴᠡ ᠪᠠᠨ ᠰᠠᠢᠨ ᠪᠣᠯᠵᠠᠶ》 ᠭᠡᠵᠦ ᠰᠠᠭᠤᠭᠠᠯᠢ ᠠᠷᠠᠳ ᠴᠡᠴᠡᠭᠪᠠᠶᠠᠷᠳᠠᠢ ᠶᠠᠷᠢᠵᠤ ᠪᠠᠢᠯ᠎ᠠ᠃ ᠲᠡᠬᠦᠨ᠎ᠤ ᠥᠩᠭᠡᠷᠡᠯᠲᠡ ᠪᠣᠯ ᠨᠡᠢᠭᠡᠮ ᠲᠣᠭᠣᠷᠢᠭ᠎ᠤᠨ ᠬᠢᠨ᠎ᠤ ᠠᠵᠤ ᠠᠬᠤᠢ᠎ᠶ᠋ᠢ ᠬᠠᠷᠢᠯᠴᠠᠨ ᠱᠢᠭᠢᠳᠭᠡᠨ ᠬᠦᠭᠵᠢᠬᠦᠯᠵᠦ ᠪᠦᠬᠦᠢ ᠬᠤᠷᠢᠶᠠᠩᠭᠤᠢ ᠵᠢᠷᠤᠭᠯᠠᠯ ᠪᠣᠯᠤᠨ᠎ᠠ᠃
ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠡᠯ᠎ᠡ ᠨᠡᠢᠭᠡᠮ ᠲᠣᠭᠣᠷᠢᠭ ᠰᠠᠨᠠᠭᠠᠴᠢᠯᠠᠭ᠎ᠠ᠎ᠠᠴᠠ᠎ᠪᠠᠨ ᠠᠵᠢᠯ ᠣᠯᠭᠣᠵᠤ ᠬᠠᠪᠰᠤᠷᠤᠨ ᠲᠡᠳᠬᠦᠬᠦ᠌ ᠥᠷᠲᠡᠭᠡ ᠪᠠᠢᠭᠤᠯᠵᠤ᠂ ᠰᠠᠭᠤᠭᠠᠯᠢ ᠠᠷᠠᠳ᠎ᠤᠨ ᠬᠡᠷ᠎ᠲᠦᠨᠢ ᠬᠦᠷᠴᠦ᠍ ᠬᠥᠳᠡᠯᠮᠦᠷᠢ ᠬᠦᠴᠦᠨ᠎ᠦ ᠬᠡᠷᠡᠭ᠌ᠴᠡᠭᠡ᠎ᠶ᠋ᠢ ᠲᠣᠳᠣᠷᠬᠠᠶ ᠣᠢᠯᠠᠭᠠᠬᠤ᠎ᠶ᠋ᠢᠨ ᠬᠠᠮᠲᠤ ᠠᠵᠢᠯ ᠤᠯᠭᠤᠯᠳᠠ ᠵᠢᠨ ᠡᠬᠡ ᠲᠠᠩᠰᠠ ᠪᠠᠢᠭᠤᠯᠤᠭᠰᠠᠨ ᠪᠠᠢᠨ᠎ᠠ᠃ 《ᠠᠵᠢᠯ ᠣᠯᠭᠣᠯᠲᠠ᠎ᠶ᠋ᠢᠨ ᠣᠶᠤᠨᠴᠢ ᠦᠶ᠋ᠯᠡᠴᠢᠯᠡᠭᠡᠨ᠎ᠦ ᠡᠭᠦᠯᠡᠨ ᠲᠠᠪᠴᠠᠩ》 ᠳ᠋ᠤ ᠲᠦᠱᠢᠭ᠌ᠯᠡᠨ ᠬᠥᠮᠦᠨ ᠪᠠ ᠠᠵᠢᠯ᠎ᠤᠨ ᠪᠠᠢᠷᠢ᠎ᠶ᠋ᠢ ᠨᠠᠷᠢᠯᠢᠭ ᠤᠨᠤᠴᠠᠲᠠᠢ ᠪᠠᠷ ᠵᠣᠬᠢᠴᠠᠭᠤᠯᠬᠤ᠎ᠶ᠋ᠢ ᠪᠡᠶᠡᠯᠡᠭᠦᠯᠵᠦ᠂ ᠠᠵᠢᠯ ᠣᠯᠭᠣᠯᠲᠠ᠎ᠶ᠋ᠢᠨ ᠱᠢᠭᠤᠳ ᠨᠡᠪᠲᠡᠷᠡᠭᠦᠯᠭᠡ᠂ ᠨᠡᠢᠭᠡᠮ ᠲᠣᠭᠣᠷᠢᠭ᠎ᠤᠨ ᠠᠵᠢᠯᠴᠢᠨ ᠬᠡᠷᠡᠭ᠌ᠯᠡᠬᠦ᠌ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠪᠡᠷ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠪᠠ᠃ ᠱᠢᠨ᠎ᠡ ᠬᠤᠳᠠ ᠲᠣᠭᠣᠷᠢᠭ᠎ᠤᠨ ᠹᠦ᠋ ᠱᠢᠩ ᠨᠡᠢᠭᠡᠮ ᠲᠣᠭᠣᠷᠢᠭ ᠲᠤᠰᠬᠠᠢ ᠲᠠᠯᠠᠪᠤᠷ ᠬᠠᠩᠭᠠᠵᠤ᠂ ᠥᠪᠥᠷ ᠮᠣᠩᠭᠣᠯ᠎ᠤᠨ ᠳ᠋ᠸ ᠯᠢ ᠶᠤᠸᠠᠨ ᠬᠤᠪᠴᠠᠰᠤ ᠵᠠᠰᠠᠯ᠎ᠤᠨ ᠬᠢᠵᠠᠭᠠᠷᠲᠤ ᠺᠣᠮᠫᠠᠨᠢ᠎ᠯᠤᠭ᠎ᠠ 《ᠹᠦ᠋ ᠢ ᠹᠠᠩ》 ᠢ᠋ ᠪᠠᠢᠭᠤᠯᠵᠤ᠂ 《ᠵᠠᠬᠢᠶᠠᠯᠠᠭ᠎ᠠ᠎ᠶ᠋ᠢᠨ ᠮᠠᠶᠢᠭ᠎ᠤᠨ ᠰᠤᠷᠤᠯᠴᠠᠯᠭ᠎ᠠ ᠪᠣᠯᠪᠠᠰᠤᠷᠠᠯ》 ᠥᠷᠨᠢᠭᠦᠯᠵᠦ᠍᠂ 200 ᠭᠠᠷᠤᠢ ᠡᠮᠡᠭ᠌ᠲᠡᠢᠴᠦᠳ ᠲᠸ᠋ ᠠᠰᠢᠭ ᠬᠦᠷᠳᠡᠭᠡᠨ᠂ ᠬᠥᠮᠦᠨ ᠳᠤᠮᠳᠠᠴᠢ᠎ᠶ᠋ᠢᠨ ᠰᠠᠷ᠎ᠠ᠎ᠶ᠋ᠢᠨ ᠣᠷᠣᠯᠭ᠎ᠠ ᠵᠢ1000 ᠭᠠᠷᠤᠢ ᠲᠥᠭᠥᠷᠢᠭ ᠨᠡᠮᠡᠭ᠌ᠳᠡᠬᠦᠯᠵᠡᠢ᠃ ᠲᠦᠮᠡᠳ ᠵᠡᠭᠦᠨ ᠬᠣᠱᠢᠭᠤᠨ᠎ᠤ᠎ᠶ᠋ᠢᠨ ᠷᠦᠨ ᠨᠡᠢᠭᠡᠮ ᠲᠣᠭᠣᠷᠢᠭ᠎ᠤᠨ 《ᠡᠮᠡᠭ᠌ᠲᠡᠢᠴᠦᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠭᠠᠷ ᠤᠷᠠᠯᠠᠯ᠎ᠤᠨ ᠭᠠᠵᠠᠷ》 ᠨᠢ 2024 ᠣᠨ᠎ᠤ 3 ᠰᠠᠷ᠎ᠠ᠎ᠳᠤ ᠪᠠᠢᠭᠤᠯᠤᠭ᠍ᠳᠠᠭ᠍ᠰᠠᠨ᠎ᠠᠴᠠ ᠨᠠᠭᠠᠰᠢ 140 ᠭᠠᠷᠤᠢ ᠭᠡᠷ ᠲᠡᠭᠡᠨ ᠰᠠᠭᠤᠭ᠎ᠠ ᠠᠵᠢᠯ ᠦᠭᠡᠢ ᠡᠮᠡᠭᠳᠡᠢᠴᠦᠳ᠎ᠢ ᠲᠠᠲᠠᠵᠤ ᠠᠮᠢᠳᠤᠯᠢᠭ ᠵᠢᠡᠷ ᠠᠵᠢᠯ ᠤᠯᠭᠤᠵᠤ᠂ ᠨᠡᠢᠲᠡ 34 ᠲᠦᠮᠡᠨ ᠲᠥᠭᠥᠷᠢᠭ᠎ᠦᠨ ᠠᠰᠢᠭ ᠤᠷᠤᠯᠭ᠎ᠠ ᠡᠬᠦᠳᠴᠦ ᠦᠭᠴᠡᠢ᠃
ᠨᠡᠢᠭᠡᠮ᠎ᠢ ᠬᠠᠷᠢᠯᠴᠠᠨ ᠱᠢᠭᠢᠳᠭᠡᠵᠦ᠍ 《ᠬᠠᠮᠲᠤ᠎ᠪᠠᠷ ᠣᠷᠣᠯᠴᠠᠬᠤ》 ᠵᠠᠰᠠᠯᠲᠠ᠎ᠶ᠋ᠢᠨ ᠲᠤᠤᠷ᠎ᠢ ᠨᠢᠭ᠍ᠲᠠ ᠰᠦᠯᠵᠢᠨ᠎ᠡ
ᠨᠡᠢᠭᠡᠮ᠎ᠢᠶᠡᠷ᠎ᠢᠶᠡᠨ ᠬᠠᠮᠲᠤ᠎ᠪᠠᠷ ᠵᠠᠰᠠᠬᠤ ᠪᠣᠯ ᠦᠨᠳᠦᠰᠦᠲᠡᠨ᠎ᠦ ᠪᠦᠯᠬᠦᠮᠳᠡᠯ᠎ᠦᠨ ᠪᠠᠲᠤᠯᠠᠭ᠎ᠠ ᠮᠥᠨ᠃ ᠪᠥᠬᠥ᠌ ᠬᠣᠲᠠ᠎ᠳᠤ 7493 ᠲᠤᠤᠷᠵᠢᠯ᠎ᠤᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠡᠭᠦᠷ) ᠢ᠋ ᠵᠣᠬᠢᠶᠠᠨ ᠪᠠᠢᠭᠤᠯᠵᠤ᠂ 6158 ᠲᠤᠰᠭᠠᠶ ᠲᠤᠱᠢᠶᠠᠯᠲᠤ ᠲᠤᠤᠷᠵᠢᠯ᠎ᠤᠨ ᠠᠵᠢᠯᠲᠠᠨ ᠲᠣᠬᠢᠷᠠᠭᠤᠯᠵᠤ᠂ 7.4 ᠲᠦᠮᠡᠨ ᠠᠰᠠᠷ (ᠲᠠᠰᠤᠭ᠂ ᠡᠷᠦᠬᠡ ᠬᠣᠯᠪᠣᠭᠠᠯᠠᠭ᠍ᠰᠠᠨ) ᠤ᠋ᠨ ᠳᠠᠷᠤᠭ᠎ᠠ᠎ᠶ᠋ᠢ ᠰᠣᠩᠭᠣᠨ ᠭᠠᠷᠭᠠᠵᠤ᠂ ᠬᠥᠷᠰᠢ ᠵᠡᠷᠭᠡᠯᠡᠳᠡᠭᠡ᠂ ᠣᠷᠣᠭ ᠬᠤᠷᠢᠮ ᠵᠡᠷᠭᠡ ᠨᠡᠢᠭᠡᠮ᠎ᠤᠨ ᠵᠠᠷᠭᠤ ᠵᠠᠭᠤᠷᠠᠯᠳᠤᠭᠠᠨ᠎ᠤ ᠳᠠᠯᠳᠠ ᠬᠡᠮ᠎ᠢ ᠨᠡᠢᠳᠡ 3012 ᠵᠦᠢᠯ ᠤᠳᠠᠭ᠎ᠠ ᠱᠢᠶ᠋ᠳᠪᠦᠷᠢᠯᠡᠵᠦ᠍᠂ ᠣᠯᠠᠨ ᠲᠦᠮᠡᠨ᠎ᠲᠡᠶ ᠬᠠᠷᠢᠯᠴᠠᠵᠤ ᠤᠯᠠᠨ ᠲᠦᠮᠡᠨ ᠳ᠋ᠤ ᠦᠶ᠋ᠯᠡᠴᠢᠯᠡᠬᠦ᠌ 《ᠡᠴᠦᠰ᠎ᠦᠨ ᠨᠢᠭᠡ ᠮᠧᠲ᠋ᠷ》 ᠢ᠋ ᠨᠠᠷᠢᠯᠢᠭ ᠤᠨᠤᠴᠠᠲᠠᠢ ᠱᠢᠶ᠋ᠳᠪᠦᠷᠢᠯᠡᠵᠠᠢ᠃
ᠠᠳᠠᠯ ᠠᠬᠤᠶ᠎ᠶ᠋ᠢᠨ ᠵᠠᠭᠤᠷᠠᠯᠳᠤᠭᠠᠨ ᠣᠯᠠᠨ᠂ ᠠᠵᠤ ᠦᠶ᠋ᠯᠡᠰ᠎ᠦᠨ ᠵᠥᠪᠯᠡᠯ᠎ᠦᠨ ᠦᠢᠯᠡᠳᠦᠯ ᠪᠠᠭᠤᠷᠠᠶ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ 《ᠰᠠᠭᠤᠭᠠᠯᠢ ᠠᠷᠠᠳ᠎ᠤᠨ ᠲᠣᠭᠣᠷᠢᠭ᠎ᠤᠨ ᠨᠠᠮ᠎ᠤᠨ ᠡᠭᠦᠷ᠎ᠦᠨ ᠤᠳᠤᠷᠢᠳᠤᠯᠭ᠎ᠠ + ᠠᠳᠠᠯ ᠠᠬᠤᠶ᠎ᠶ᠋ᠢᠨ ᠵᠥᠪᠯᠡᠯ᠎ᠦᠨ ᠬᠢᠨᠠᠯᠲᠠ ᠲᠠᠯᠪᠢᠯᠳᠠ + ᠠᠳᠠᠯ ᠠᠬᠤᠶ᠎ᠶ᠋ᠢᠨ ᠺᠣᠮᠫᠠᠨᠢ᠎ᠶ᠋ᠢᠨ ᠦᠶ᠋ᠯᠡᠴᠢᠯᠡᠭᠡ》 ᠶ᠋ᠢᠨ ᠲᠣᠭ᠍ᠲᠠᠴᠠ᠎ᠶ᠋ᠢ ᠪᠠᠢᠭᠤᠯᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠠᠳᠠᠯ ᠠᠬᠤᠶ᠎ᠶ᠋ᠢᠨ ᠵᠥᠷᠢᠴᠡᠯ ᠵᠠᠭᠤᠷᠠᠯᠳᠤᠭᠠᠨ᠎ᠢ ᠠᠳᠠᠯᠢ ᠬᠤᠭᠤᠴᠠᠭᠠᠨ᠎ᠤ᠎ᠬᠢ᠎ᠡᠴᠡ 21% ᠪᠠᠷ ᠪᠠᠭᠤᠷᠠᠭᠤᠯᠵᠤ᠂《ᠪᠠᠭ᠎ᠠ ᠶᠠᠪᠤᠳᠠᠯ᠎ᠢ ᠠᠰᠠᠷ᠎ᠠᠴᠠ᠎ᠪᠠᠨ ᠭᠠᠷᠭᠠᠬᠤ ᠥᠬᠡᠶ᠂ ᠶᠡᠬᠡ ᠶᠠᠪᠤᠳᠠᠯ᠎ᠢ ᠰᠠᠭᠤᠭᠠᠯᠢ ᠠᠷᠠᠳ᠎ᠤᠨ ᠲᠣᠭᠣᠷᠢᠭ᠎ᠠᠴᠠ ᠪᠠᠨ ᠭᠠᠷᠭᠠᠬᠤ ᠥᠬᠡᠶ》 ᠪᠠᠢᠬᠤ ᠵᠠᠰᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠪᠡ᠃
ᠡᠯ᠎ᠡ ᠨᠡᠢᠭᠡᠮ ᠲᠣᠭᠣᠷᠢᠭ ᠪᠠᠰᠠ ᠪᠣᠳᠠᠲᠠᠶ᠎ᠲᠠᠶ᠎ᠪᠠᠨ ᠤᠶᠠᠯᠳᠤᠭᠤᠯᠤᠨ ᠵᠠᠰᠠᠯᠲᠠ᠎ᠶ᠋ᠢᠨ ᠠᠴᠢᠶᠠᠯᠠᠪᠤᠷᠢ᠎ᠵᠢᠨ ᠰᠢᠨ᠎ᠡ ᠵᠢ ᠡᠬᠦᠳᠪᠡ᠃ ᠪᠥᠬᠥ᠌ ᠤᠯᠤᠰ᠎ᠤᠨ 《ᠹᠸᠩ ᠴᠢᠶᠣᠤ ᠮᠠᠶᠢᠭ᠎ᠤᠨ ᠠᠵᠢᠯᠯᠠᠬᠤ ᠠᠷᠭ᠎ᠠ》 ᠶ᠋ᠢᠨ ᠨᠢᠭᠡᠴᠢ ᠪᠣᠯᠤᠭ᠍ᠰᠠᠨ᠎ᠤ ᠬᠤᠪᠢ᠎ᠳᠤ ᠢᠦᠢᠴᠢᠤᠸᠠᠨ ᠲᠣᠭᠣᠷᠢᠭ᠎ᠤᠨ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠦᠶ᠋ᠯᠡᠳᠦᠯᠭᠡ᠎ᠨᠢ ᠨᠠᠩ ᠲᠥᠯᠥᠭᠡᠯᠡᠬᠦ᠌ ᠴᠢᠨᠠᠷᠲᠠᠶ ᠪᠠᠢᠵᠤ᠂ ᠪᠥᠬᠥ᠌ ᠤᠯᠤᠰ᠎ᠤᠨ ᠠᠩᠬᠠᠳᠠᠭ᠍ᠴᠢ ᠨᠡᠢᠭᠡᠮ ᠲᠣᠭᠣᠷᠢᠭ᠎ᠤᠨ ᠬᠠᠤᠯᠢ᠎ᠶ᠋ᠢᠨ ᠶᠠᠪᠤᠳᠠᠯ᠎ᠤᠨ ᠲᠠᠰᠤᠭ᠎ᠲᠤ ᠲᠦᠱᠢᠭ᠌ᠯᠡᠨ᠂ ᠶᠡᠷᠦᠩᠬᠡᠢᠯᠡᠨ ᠵᠠᠰᠠᠬᠤ ᠲᠥᠪ᠂ ᠲᠣᠮᠢᠯᠠᠭ᠍ᠰᠠᠨ ᠰᠠᠯᠪᠤᠷᠢ᠂ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ ᠵᠡᠷᠭᠡ ᠡᠬᠢ ᠪᠠᠶᠠᠯᠢᠭ᠎ᠢ ᠨᠡᠢᠳᠬᠡᠨ᠂ ᠵᠥᠷᠢᠴᠡᠯ ᠵᠠᠭᠤᠷᠠᠯᠳᠤᠭᠠᠨ᠎ᠢ ᠨᠡᠢᠲᠡ 3000 ᠭᠠᠷᠤᠶ ᠱᠢᠶ᠋ᠳᠪᠦᠷᠢᠯᠡᠵᠦ᠍᠂ 《ᠳᠡᠭᠡᠭ᠌ᠰᠢ ᠵᠠᠬᠢᠳᠠᠯ ᠰᠤᠷᠪᠤᠯᠵᠢᠯᠠᠯ ᠬᠢᠬᠦ ᠬᠥᠮᠦᠨ ᠥᠬᠡᠶ》 ᠪᠠᠢᠬᠤ᠎ᠶ᠋ᠢ ᠪᠡᠶᠡᠯᠡᠭᠦᠯᠪᠡ᠃
ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠦ᠋ ᠾᠧ ᠱᠢᠶᠠᠩ ᠭᠣᠣᠯᠯᠠᠭ᠍ᠴᠢ ᠨᠠᠮ᠎ᠤᠨ ᠭᠡᠱᠢᠭᠦᠨ ᠪᠣᠯᠤᠨ ᠬᠠᠯᠠᠭᠤᠨ ᠰᠡᠳᠭᠢᠯ᠎ᠲᠡᠶ ᠰᠠᠭᠤᠭᠠᠯᠢ ᠠᠷᠠᠳ᠎ᠢ ᠳᠠᠭᠠᠭᠤᠯᠤᠨ 《ᠾᠧ ᠱᠢᠶᠠᠩ᠎ᠤᠨ ᠵᠣᠭᠣᠭ᠍ᠳᠠᠬᠤ ᠠᠩᠬᠢ》 ᠵᠢ ᠪᠠᠢᠭᠤᠯᠵᠤ᠂ 700 ᠭᠠᠷᠤᠢ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠡᠶᠡᠳᠡᠭᠦᠯᠵᠠᠢ᠃

ᠬᠦᠭᠵᠢᠶᠠᠨ᠎ᠲᠤ ᠵᠠᠬᠡᠯᠢ
ᠰᠡᠳᠭᠢᠴᠡ ᠶ᠋ᠢ ᠬᠠᠷᠢᠯᠴᠠᠨ ᠱᠢᠭᠢᠳᠭᠡᠵᠦ᠍ 《ᠬᠠᠮᠲᠤ ᠵᠢᠨ ᠲᠠᠨᠢᠯᠳᠠ᠌》 ᠵᠢᠨ ᠰᠠᠭᠤᠷᠢ ᠶ᠋ᠢ ᠪᠠᠳᠤᠳᠬᠠᠨ᠎ᠠ
ᠰᠡᠳᠭᠢᠴᠡ᠎ᠶ᠋ᠢᠨ ᠮᠡᠳᠡᠷᠡᠮᠵᠢ ᠪᠣᠯ ᠦᠨᠳᠦᠰᠦᠲᠡᠨ᠎ᠦ ᠪᠦᠯᠬᠦᠮᠳᠡᠯ᠎ᠦᠨ ᠬᠠᠮᠤᠭ᠎ᠤᠨ ᠭᠦᠨ ᠵᠤᠵᠠᠭᠠᠨ ᠰᠠᠭᠤᠷᠢ ᠮᠥᠨ᠃ ᠬᠥᠬᠡᠬᠣᠲᠠ ᠰᠡᠳᠬᠢᠴᠡ᠎ᠶ᠋ᠢᠨ ᠲᠠᠯ᠎ᠠ᠎ᠪᠡᠷ ᠬᠦᠴᠦ ᠲᠠᠯᠪᠢᠨ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠪᠡᠷ ᠳᠠᠮᠵᠢᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠳᠤ ᠵᠢᠨ ᠲᠠᠨᠢᠯᠳᠠ ᠵᠢ ᠨᠡᠮᠡᠭ᠌ᠳᠡᠭᠦᠯᠵᠦ᠍᠂ 《ᠨᠢᠭᠡ ᠭᠡᠷ᠎ᠦᠨ ᠬᠥᠮᠦᠨ ᠮᠡᠳᠦ ᠲᠤᠳᠤᠨᠤ ᠪᠠᠢᠬᠤ》 ᠣᠢᠯᠠᠭᠠᠭ᠍ᠳᠠᠬᠤᠨ᠎ᠢ ᠪᠤᠢ ᠪᠣᠯᠭᠠᠪᠠ᠃
《ᠨᠡᠢᠭᠡᠮ ᠲᠣᠭᠣᠷᠢᠭ᠎ᠲᠤ ᠠᠩᠬ᠎ᠠ ᠢᠷᠡᠬᠦ᠌ ᠦᠶ᠎ᠡ᠎ᠳ᠋ᠤ ᠲᠠᠨᠢᠯ ᠪᠤᠰᠤ ᠬᠦᠮᠦᠰ ᠤᠯᠠᠨ ᠪᠠᠢᠵᠤ ᠲᠤᠩ ᠭᠠᠭᠴᠠᠭᠠᠷᠳᠠᠩᠭᠤᠢ ᠪᠠᠢᠵᠠᠢ᠂ ᠬᠣᠵᠢᠮ ᠨᠢ ᠨᠡᠢᠭᠡᠮ ᠲᠣᠭᠣᠷᠢᠭ᠎ᠤᠨ ᠠᠵᠢᠯᠳᠠᠨ᠎ᠤ ᠲᠠᠭᠠᠭᠤᠯᠭ᠎ᠠ᠎ᠪᠠᠷ ᠨᠡᠢᠭᠡᠮ ᠲᠣᠭᠣᠷᠢᠭ᠎ᠤᠨ ᠠᠵᠢᠯᠯᠠᠭ᠎ᠠ᠎ᠳᠤ ᠦᠷᠭᠦᠯᠵᠢ ᠣᠷᠣᠯᠴᠠᠵᠤ᠂ ᠮᠠᠰᠢ ᠤᠯᠠᠨ ᠬᠥᠷᠰᠢ ᠰᠠᠭᠠᠬᠠᠯᠲᠠ᠎ᠲᠠᠶ ᠠᠭᠠᠵᠢᠮ᠎ᠢᠶᠠᠷ ᠲᠠᠨᠢᠯᠴᠠᠵᠤ᠂ ᠲᠤᠡᠭ ᠲᠦᠷᠭᠡᠨ᠎ᠢᠶᠡᠷ ᠡᠨᠡ ᠬᠦ᠌ ᠶᠡᠬᠡ ᠭᠡᠷ ᠪᠦᠯᠢ᠎ᠳᠦ ᠠᠭᠤᠰᠤᠯᠴᠠᠵᠤ᠂ ᠡᠨᠡᠬᠦ ᠶᠡᠭᠡ ᠭᠡᠷ ᠪᠦᠯᠢ᠎ᠶ᠋ᠢᠨ ᠬᠠᠯᠠᠭᠤᠨ ᠳᠤᠯᠠᠭᠠᠨ᠎ᠢ ᠮᠡᠳᠡᠷᠡᠪᠡ》 ᠭᠡᠵᠦ ᠰᠠᠢᠬᠠᠨ ᠲᠣᠭᠣᠷᠢᠭ᠎ᠤᠨ ᠲᠠᠷᠬᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠯᠢᠦ ᠠᠪᠠᠬᠠᠢ ᠬᠡᠯᠡᠵᠦ ᠪᠠᠢᠯ᠎ᠠ᠃
ᠱᠢᠨ᠎ᠡ ᠬᠣᠲᠠ ᠲᠣᠭᠣᠷᠢᠭ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠎ᠲᠤ ᠤᠷᠢᠳ ᠬᠣᠵᠢᠳ 3.8 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠬᠣᠶᠠᠷ ᠤᠳᠠᠭ᠎ᠠ ᠥᠭᠡᠷᠡᠴᠢᠯᠡᠨ ᠪᠠᠢᠭᠤᠯᠬᠤ ᠢᠨᠵᠸᠨ᠋ᠸᠷᠢᠩ᠎ᠢ ᠬᠡᠷᠡᠭᠵᠢᠬᠦᠯᠵᠦ᠂ 127 ᠰᠠᠭᠤᠷᠢ ᠠᠰᠠᠷ᠎ᠤᠨ 6026 ᠡᠷᠦᠬᠡ ᠰᠠᠭᠤᠭᠠᠯᠢ ᠠᠷᠠᠳ ᠲᠸ᠋ ᠬᠦᠭᠵᠢᠬᠦᠯᠦᠯᠳᠡ ᠦᠭᠡᠷᠡᠴᠢᠯᠡᠯᠳᠡ ᠵᠢᠨ ᠠᠰᠢᠭ ᠬᠦᠷᠳᠡᠭᠡᠵᠡᠢ᠃ ᠡᠭᠦᠨ᠎ᠦ ᠬᠠᠮᠲᠤ᠂ ᠡᠷᠡᠭᠦᠯᠵᠢᠯ ᠰᠤᠪᠢᠯᠠᠯᠲᠠ᠎ᠶ᠋ᠢᠨ ᠲᠥᠪ᠎ᠢ ᠱᠢᠨ᠎ᠡ᠎ᠪᠡᠷ ᠪᠠᠢᠭᠤᠯᠵᠤ᠂ ᠴᠡᠴᠡᠷᠯᠢᠭ᠂ ᠡᠮᠨᠡᠯᠭᠡ᠎ᠶ᠋ᠢᠨ ᠬᠣᠷᠢᠶ᠎ᠠ᠂ ᠳᠤᠮᠳᠠᠳᠤ ᠪᠠᠭ᠎ᠠ ᠰᠤᠷᠭᠠᠭᠤᠯᠢ᠎ᠶ᠋ᠢ ᠢᠵᠢ ᠪᠦᠷᠢᠳᠦᠭᠦᠯᠦᠨ ᠪᠥᠲᠥᠭᠡᠨ ᠪᠠᠢᠭᠤᠯᠵᠤ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ ᠵᠡᠷᠭᠡ ᠤᠯᠠᠮᠵᠢᠯᠠᠯᠳᠤ ᠪᠠᠶᠠᠷ ᠲᠤᠷᠠᠰᠬᠠᠯ᠎ᠤᠨ ᠡᠳᠦᠷ᠎ᠢ ᠲᠤᠬᠢᠶᠠᠯᠳᠤᠭᠤᠯᠤᠨ 《ᠪᠢᠳᠡᠨ᠎ᠦ ᠪᠠᠶᠠᠷ ᠲᠤᠷᠠᠰᠬᠠᠯ᠎ᠤᠨ ᠡᠳᠦᠷ》 ᠵᠡᠷᠭᠡ ᠠᠵᠢᠯᠯᠠᠭ᠎ᠠ᠎ᠶ᠋ᠢ ᠡᠷᠭᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠲᠤᠮᠳᠠᠳᠤ ᠵᠢᠨ ᠶᠡᠭᠡ ᠭᠡᠷ ᠪᠦᠯᠢ ᠳ᠋ᠤ ᠬᠠᠷᠢᠶᠠᠯᠠᠭ᠍ᠳᠠᠬᠤ ᠲᠥᠷᠥᠭ᠌ᠳᠡᠯ᠎ᠢ ᠨᠢ ᠨᠡᠮᠡᠭ᠌ᠳᠡᠭᠦᠯᠪᠡ᠃
ᠰᠠᠢᠬᠠᠨ ᠲᠣᠭᠣᠷᠢᠭ1000 ᠭᠠᠷᠤᠶ ᠨᠠᠰᠤᠲᠠᠨ᠎ᠢ ᠠᠰᠠᠷᠠᠨ ᠬᠠᠷᠠᠭᠠᠯᠵᠠᠬᠤ ᠬᠡᠷᠡᠭ᠌ᠴᠡᠭᠡ᠎ᠳᠦ ᠴᠢᠭ᠌ᠯᠡᠭᠦᠯᠦᠨ᠂ 2800 ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠪᠥᠬᠥᠶ ᠶᠡᠷᠦᠩᠭᠡᠢᠯᠡᠭᠰᠡᠨ ᠠᠰᠠᠷ᠎ᠢ ᠦᠭᠡᠷᠡᠴᠢᠯᠡᠨ ᠪᠠᠢᠭᠤᠯᠵᠤ᠂ 24 ᠴᠠᠭ᠎ᠤᠨ ᠠᠰᠠᠷᠠᠨ ᠰᠤᠪᠢᠯᠠᠬᠤ ᠦᠶ᠋ᠯᠡᠴᠢᠯᠡᠭᠡ ᠪᠠ ᠨᠠᠰᠤᠲᠠᠢᠴᠤᠳ᠎ᠤᠨ ᠶᠡᠬᠡ ᠰᠤᠷᠭᠠᠭᠤᠯᠢ᠎ᠶ᠋ᠢᠨ ᠦᠶ᠋ᠯᠡᠴᠢᠯᠡᠭᠡ ᠬᠠᠩᠭᠠᠵᠠᠢ᠃
ᠬᠠᠢᠷ᠎ᠠ ᠰᠡᠳᠬᠢᠯᠭᠡ ᠵᠢ ᠬᠠᠷᠢᠯᠴᠠᠨ ᠰᠢᠬᠢᠳᠭᠡᠵᠦ ᠬᠥᠷᠰᠢ ᠵᠡᠷᠭᠡᠯᠡᠳᠡᠭᠡ᠎ᠶ᠋ᠢᠨ ᠨᠦᠬᠦᠷᠯᠡᠯ᠎ᠢ ᠵᠤᠵᠠᠭᠠᠳᠬᠠᠨ᠎ᠠ
ᠢᠤᠢ᠍ᠢᠴᠢᠤᠸᠠᠨ ᠲᠣᠭᠣᠷᠢᠭ᠎ᠤᠨ ᠸᠠᠨ ᠵᠢᠨ ᠨᠡᠢᠭᠡᠮ ᠲᠣᠭᠣᠷᠢᠭ ᠲᠣᠭ᠍ᠲᠠᠮᠠᠯ ᠬᠤᠭᠤᠴᠠᠭ᠎ᠠ᠎ᠲᠠᠶ᠎ᠪᠠᠷ 《ᠬᠥᠷᠰᠢ ᠵᠡᠷᠭᠡᠯᠡᠳᠡᠭᠡ᠎ᠶ᠋ᠢᠨ ᠨᠠᠢᠷ》᠂ 《ᠨᠥᠬᠥᠷᠯᠡᠯ᠎ᠦᠨ ᠬᠤᠷᠠᠯ》 ᠵᠡᠷᠭᠡ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ 《ᠵᠠᠭᠤᠨ ᠠᠢᠯ᠎ᠤᠨ ᠳᠠᠢᠯᠠᠯᠭ᠎ᠠ》 ᠳ᠋ᠤ ᠲᠣᠭᠣᠷᠢᠨ ᠰᠠᠭᠤᠵᠤ᠂ ᠵᠣᠭᠣᠭ ᠳᠡᠯᠭᠡᠨ᠂ ᠠᠮᠢᠳᠤᠷᠠᠯ᠎ᠤᠨ ᠳᠤᠮᠳᠠᠬᠢ ᠬᠠᠯᠠᠭᠤᠨ ᠳᠤᠯᠠᠭᠠᠨ ᠥᠯᠢᠭᠡᠷ᠎ᠵᠢᠡᠨ ᠬᠤᠪᠢᠶᠠᠯᠴᠠᠵᠤ᠂ 《ᠰᠠᠭᠤᠭᠠᠯᠢ ᠠᠷᠠᠳ ᠡᠶ᠎ᠡ ᠨᠠᠢᠷᠲᠠᠶ᠂ ᠬᠥᠷᠰᠢ ᠰᠠᠭᠠᠬᠠᠯᠲᠠ ᠡᠶ᠎ᠡ ᠨᠠᠢᠷᠲᠠᠶ᠂ ᠬᠡᠷ ᠪᠦᠯᠢ ᠡᠶ᠎ᠡ ᠨᠠᠢᠷᠲᠠᠶ》 ᠪᠠᠢᠬᠤ ᠠᠭᠤᠷ ᠠᠮᠢᠰᠭᠤᠯ᠎ᠢ ᠪᠣᠶ ᠪᠣᠯᠭᠠᠪᠠ᠃ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠬᠢᠲᠠᠳ ᠦᠨᠳᠦᠰᠦᠲᠡᠨ᠎ᠤ ᠰᠠᠭᠤᠭᠠᠯᠢ ᠠᠷᠠᠳ ᠸᠠᠩ ᠠᠨᠢᠶ᠎ᠠ ᠪᠤᠯᠤᠨ ᠮᠣᠩᠭᠣᠯ ᠦᠨᠳᠦᠰᠦᠲᠡᠨ᠎ᠤ ᠰᠠᠭᠤᠭᠠᠯᠢ ᠠᠷᠠᠳ ᠨᠠᠷᠠᠨᠴᠡᠴᠡᠭ ᠤᠯᠠᠨ ᠵᠢᠯ ᠬᠠᠷᠢᠯᠴᠠᠨ ᠬᠠᠪᠰᠤᠷᠤᠯᠴᠠᠵᠤ ᠢᠷᠡᠵᠡᠢ᠃ ᠲᠡᠳᠡ ᠵᠢᠯ ᠴᠠᠭᠠᠨ ᠰᠠᠷ᠎ᠠ ᠪᠣᠯᠬᠤ ᠪᠦᠷᠢ ᠬᠠᠷᠢᠯᠴᠠᠨ ᠠᠢᠯᠴᠢᠯᠠᠵᠤ᠂ ᠨᠠᠷᠠᠨᠴᠡᠴᠡᠭ᠎ᠤᠨ ᠬᠢᠨ ᠸᠠᠩ ᠠᠨᠢᠶ᠎ᠠ᠎ᠳᠤ ᠬᠤᠷᠤᠳ ᠬᠢᠵᠦ᠍ ᠦᠭᠴᠦ᠂ ᠸᠠᠩ ᠠᠨᠢᠶ᠎ᠠ ᠨᠠᠷᠠᠨᠴᠡᠴᠡᠭ᠎ᠤᠨ ᠬᠡᠦᠬᠡᠳ᠎ᠤᠨ ᠬᠢᠴᠢᠶᠡᠯ᠎ᠢ ᠬᠠᠪᠰᠤᠷᠤᠨ ᠵᠢᠯᠣᠭᠣᠳᠴᠤ᠌ ᠦᠭᠳᠡᠭ᠃ ᠡᠢᠮᠦᠷᠬᠦᠦ 《ᠲᠦᠷᠦᠯ ᠰᠠᠳᠤᠨ ᠪᠢᠰᠢ ᠴᠸ᠋ ᠲᠦᠷᠦᠯ ᠰᠠᠳᠤᠨ᠎ᠠᠴᠠ ᠳᠠᠪᠠᠬᠤ》 ᠨᠥᠬᠥᠷᠯᠡᠯ ᠨᠢ ᠨᠡᠢᠭᠡᠮ ᠲᠣᠭᠣᠷᠢᠭ᠎ᠤᠨ ᠰᠡᠳᠭᠢᠴᠡ᠎ᠶ᠋ᠢᠨ ᠬᠠᠷᠢᠯᠴᠠᠨ ᠱᠢᠭᠢᠳᠭᠡᠬᠦ ᠮᠠᠶᠢᠭ᠎ᠤᠨ ᠠᠮᠢᠳᠤᠯᠢᠭ ᠵᠢᠷᠤᠭᠯᠠᠯ ᠪᠣᠯᠵᠠᠢ᠃
ᠣᠷᠣᠨ ᠵᠠᠶ᠎ᠶ᠋ᠢ ᠬᠠᠮᠲᠤ᠎ᠪᠠᠷ ᠡᠳ᠋ᠯᠡᠬᠦ᠌᠎ᠡᠴᠡ ᠰᠣᠶᠣᠯ᠎ᠤᠨ ᠬᠠᠮᠲᠤ᠎ᠶ᠋ᠢᠨ ᠲᠠᠨᠢᠯᠳᠠ ᠪᠠᠨ ᠨᠡᠮᠡᠭᠳᠡᠬᠦᠯᠬᠦ ᠬᠦᠷᠲᠡᠯ᠎ᠡ᠂ ᠠᠵᠤ ᠠᠬᠤᠶ᠎ᠶ᠋ᠢᠨ ᠬᠠᠮᠲᠤ᠎ᠪᠠᠷ ᠠᠱᠢᠭ ᠭᠥᠷᠳᠡᠬᠦ᠌᠎ᠡᠴᠡ ᠨᠡᠢᠭᠡᠮ᠎ᠢ ᠬᠠᠮᠲᠤ᠎ᠪᠠᠷ ᠵᠠᠰᠠᠬᠤ ᠬᠦᠷᠲᠡᠯ᠎ᠡ᠂ ᠠᠬᠢᠭᠠᠳ ᠰᠡᠳᠭᠢᠴᠡ᠎ᠶ᠋ᠢᠨ ᠲᠠᠯ᠎ᠠ ᠵᠢᠨ ᠬᠠᠮᠲᠤ᠎ᠶ᠋ᠢᠨ ᠲᠠᠨᠢᠯᠳᠠ ᠡᠴᠡ ᠬᠠᠢᠷ᠎ᠠ ᠰᠡᠳᠬᠢᠯᠭᠡ ᠵᠢᠨ ᠨᠡᠪᠳᠡᠷᠡᠯᠴᠡᠭᠡ ᠬᠦᠷᠲᠡᠯ᠎ᠡ᠂ ᠬᠥᠬᠡᠬᠣᠲᠠ ᠣᠯᠠᠨ ᠲᠠᠯ᠎ᠠ᠎ᠶ᠋ᠢᠨ ᠬᠠᠷᠢᠯᠴᠠᠨ ᠱᠢᠭᠢᠳᠭᠡᠬᠦ᠌ ᠬᠦᠴᠦᠨ᠎ᠢᠶᠡᠷ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠦᠨᠡᠨ ᠬᠦ᠌ ᠨᠡᠢᠭᠡᠮ ᠲᠣᠭᠣᠷᠢᠭ᠎ᠲᠤ ᠣᠷᠣᠭᠤᠯᠵᠤ᠂ ᠠᠮᠢᠳᠤᠷᠠᠯ᠎ᠳᠤ ᠠᠭᠤᠰᠤᠯᠴᠠᠭᠤᠯᠪᠠ᠃ ᠡᠳᠦᠭᠡ᠂ ᠬᠥᠬᠡᠬᠣᠲᠠ ᠵᠢᠨ ᠡᠨᠡᠬᠦ ᠬᠠᠯᠠᠭᠤᠨ ᠬᠥᠷᠥᠰᠥᠨ᠎ᠳᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ᠎ᠪᠠᠷ ᠰᠠᠭᠤᠷᠢᠱᠢᠵᠤ᠂ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠠᠵᠢᠯᠯᠠᠵᠤ᠂ ᠬᠠᠮᠲᠤ᠎ᠪᠠᠷ ᠵᠢᠷᠭᠠᠵᠤ᠂ ᠰᠡᠳᠭᠢᠯ ᠵᠢᠷᠦᠬᠡ᠎ᠪᠡᠨ ᠬᠣᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠤᠮᠠᠷᠠᠲᠤ ᠬᠢᠯᠢ᠎ᠶ᠋ᠢᠨ ᠡᠶ᠎ᠡ ᠵᠣᠬᠢᠴᠠᠩᠭᠤᠢ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠬᠡᠰᠢ ᠡᠭᠦᠷᠢᠳᠡ ᠳᠡᠯᠭᠡᠷᠡᠭᠦᠯᠦᠨ᠎ᠡ᠃

ᠤᠷᠠᠨ ᠰᠠᠢᠬᠠᠨ᠎ᠤ ᠲᠤᠭᠯᠠᠯᠳᠠ