ᠯᠢ ᠢ ᡁᠢ ᠪᠤᠶᠤ 《ᠢ ᡁᠢ ᠠᠵᠢᠯᠯᠠᠬᠤ ᠦᠷᠦᠭᠡ》
2026-02-11 10:26:55
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠱᠦᠨ ᠵᠡᠭᠡᠯᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠦᠨ《ᠢ ᡁᠢ ᠠᠵᠢᠯᠯᠠᠬᠤ ᠦᠷᠦᠭᠡ》ᠳ᠋ᠤ ᠬᠦᠷᠬᠦ ᠳ᠋ᠤ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠯᠢ ᠢ ᡁᠢ  ᠶᠠᠭ ᠰᠠᠢᠬᠠᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ ᠲᠸ᠋ ᠬᠠᠯᠠᠭᠤᠨ ᠰᠡᠳᠬᠢᠯᠭᠡ ᠲᠠᠢ ᠬᠥᠮᠦᠰ᠎ᠤᠳ᠎ᠲᠡᠶ ᠬᠠᠮᠲᠤ᠎ᠪᠠᠷ 100  ᠱᠢᠬᠠᠮ ᠬᠡᠦᠬᠡᠳ ᠲᠸ᠋ ᠪᠢᠴᠢᠭ᠎ᠦᠨ ᠪᠣᠭ᠍ᠴᠣ᠂ ᠤᠰᠤᠨ ᠴᠣᠮᠣ ᠵᠡᠷᠭᠡ ᠲᠤᠬᠤᠨᠢᠭᠤᠯᠭ᠎ᠠ ᠵᠢᠨ ᠪᠣᠳᠠᠰ ᠲᠠᠷᠬᠠᠭᠠᠵᠤ ᠪᠠᠢᠯ᠎ᠠ᠃


e83d22bb-0c9e-4831-a532-4fd9cb0462de.png


ᠯᠢ ᠢ ᡁᠢ ᠤᠷᠢᠳ ᠬᠣᠵᠢᠳ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠪᠦᠬᠦ᠌ ᠤᠯᠤᠰ᠎ᠤᠨ 《3·8》᠎ᠤ᠋ ᠤᠯᠠᠭᠠᠨ ᠲᠤᠭ᠍ᠴᠢ᠂ ᠳᠤᠮᠳᠠᠳᠤ ᠤᠯᠤᠰ᠎ᠤᠨ ᠰᠠᠢ᠌ᠨ ᠬᠥᠮᠦᠨ ᠵᠡᠷᠭᠡ ᠤᠯᠠᠨ ᠵᠦᠢᠯ᠎ᠦᠨ ᠤᠯᠤᠰ᠎ᠤᠨ ᠲᠡᠰ᠎ᠤᠨ ᠢᠷᠠᠭᠤ ᠠᠯᠳᠠᠷ᠎ᠢ ᠬᠦᠷᠳᠡᠵᠤ ᠦᠨᠭᠭᠡᠷᠡᠭᠰᠡᠨ ᠪᠢᠯᠡ᠃ 《ᠢ ᡁᠢ ᠠᠵᠢᠯᠯᠠᠬᠤ ᠦᠷᠦᠭᠡ》 ᠳ᠋ᠤ ᠠᠯᠬᠤᠨ ᠤᠷᠤᠪᠠᠯ᠂ ᠬᠡᠷᠡᠮ ᠳᠦᠭᠦᠷᠡᠩ ᠡᠯᠬᠦᠭᠡᠰᠤᠳᠠᠢ ᠢᠷᠠᠭᠤ ᠠᠯᠳᠠᠷ᠎ᠤᠨ ᠦᠨᠡᠮᠯᠡᠯ᠂ ᠱᠠᠩᠨᠠᠯ᠎ᠤᠨ ᠮᠧᠳᠠᠯ ᠨᠢ ᠲᠡᠬᠦᠨ᠎ᠤ 33 ᠵᠢᠯ᠎ᠦᠨ ᠲᠤᠷᠰᠢ ᠨᠡᠢᠭᠡᠮ ᠲᠤᠭᠤᠷᠢᠭ᠎ᠦᠨ ᠰᠠᠭᠤᠭᠠᠯᠢ ᠠᠷᠠᠳ ᠲᠸ᠋ ᠬᠠᠢᠷ᠎ᠠ ᠬᠠᠷᠢᠭᠤᠴᠠᠯᠭ᠎ᠠ ᠪᠠᠨ ᠬᠠᠷᠠᠮ ᠦᠭᠡᠢ ᠡᠷᠬᠦᠭᠰᠡᠨ᠎ᠤ ᠭᠡᠷᠡᠴᠢᠯᠡᠯ ᠪᠤᠯᠤᠨ᠎ᠠ᠃

30 ᠭᠠᠷᠤᠶ ᠵᠢᠯ᠎ᠦᠨ ᠲᠤᠷᠰᠢ᠂ ᠯᠢ ᠢ ᡁᠢ ᠨᠠᠮ᠎ᠤᠨ ᠪᠠᠢᠭᠤᠯᠤᠯᠲᠠ ᠪᠡᠷ ᠨᠠᠢᠭᠡᠮ ᠲᠤᠭᠤᠷᠢᠭ᠎ᠦᠨ ᠵᠠᠰᠠᠯᠳᠠ ᠵᠢ ᠬᠦᠳᠦᠯᠤᠨ ᠠᠬᠢᠭᠤᠯᠵᠤ᠂ ᠨᠠᠮ ᠡᠴᠡ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳ᠋ᠤ ᠦᠢᠯᠡᠴᠢᠯᠡᠬᠦ ᠡᠴᠤᠰ᠎ᠦᠨ ᠨᠢᠭᠡ ᠺᠢᠯᠤᠮᠧᠲᠷ᠎ᠢ ᠨᠡᠪᠳᠡᠷᠡᠬᠦᠯᠪᠠ᠃ ᠲᠡᠷᠡ ᠪᠡᠷ 《ᠨᠠᠮ᠎ᠤᠨ ᠪᠠᠢᠭᠤᠯᠤᠯᠲᠠ᠎ᠪᠠᠷ ᠦᠨᠳᠦᠰᠦᠲᠡᠨ ᠨᠤᠬᠦᠳ᠎ᠪᠦᠯᠬᠦᠮᠳᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠬᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠳᠠ ᠵᠢ ᠬᠦᠳᠦᠯᠥᠨ ᠳᠠᠭᠠᠭᠤᠯᠬᠤ》 ᠨᠡᠢᠭᠡᠮ ᠲᠤᠭᠤᠷᠢᠭ᠎ᠦᠨ ᠦᠨᠳᠦᠰᠦᠲᠡᠨ᠎ᠦ ᠠᠵᠢᠯ᠎ᠤᠨ ᠲᠠᠪᠴᠠᠩ᠎ᠢ ᠡᠬᠦᠳᠤᠨ ᠪᠠᠢᠭᠤᠯᠵᠤ᠂ ᠬᠠᠮᠲᠤ᠎ᠪᠠᠷ ᠪᠠᠢᠭᠤᠯᠬᠤ᠂ ᠨᠡᠢᠭᠡᠮ ᠲᠤᠭᠤᠷᠢᠭ ᠲᠸ᠋ ᠤᠷᠤᠵᠤ ᠰᠠᠭᠤᠬᠤ᠂ ᠳᠠᠭᠠᠭᠠᠴᠢᠯᠠᠨ ᠬᠠᠷᠢᠯᠴᠠᠬᠤ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠲᠠᠢ ᠬᠣᠯᠪᠣᠭᠠᠯᠠᠨ ᠦᠨᠳᠦᠰᠦᠲᠡᠨ᠎ᠦ ᠠᠵᠢᠯ᠎ᠢ ᠬᠠᠮᠲᠤ᠎ᠪᠠᠷ ᠰᠠᠢᠲᠤᠷ ᠬᠢᠬᠦ᠌᠎ᠶ᠋ᠢ ᠢᠳᠡᠪᠬᠢᠲᠡᠢ ᠠᠬᠢᠭᠤᠯᠪᠠ᠃ ᠤᠳᠤ ᠪᠤᠯᠳᠠᠯ᠎ᠠ᠂ 103 ᠨᠠᠮ᠎ᠤᠨ ᠵᠣᠬᠢᠶᠠᠨ ᠪᠠᠢᠭᠤᠯᠤᠯᠲᠠ᠂ 568 ᠲᠤᠱᠢᠶᠠᠯ᠎ᠳᠤ ᠪᠠᠢᠭ᠎ᠠ ᠨᠠᠮ᠎ᠤᠨ ᠭᠡᠱᠢᠭᠦᠨ ᠨᠡᠢᠭᠡᠮ ᠲᠣᠭᠣᠷᠢᠭ᠎ᠲᠤ ᠬᠦᠷᠴᠤ ᠲᠤᠰᠢᠶᠠᠯ ᠬᠠᠷᠢᠭᠤᠴᠠᠯᠭ᠎ᠠ ᠡᠬᠦᠷᠭᠡᠯᠡᠵᠦ᠍᠂ 105 ᠡᠷᠦᠭᠡ ᠵᠢ ᠬᠠᠪᠰᠤᠷᠤᠨ ᠲᠡᠳᠬᠦᠬᠦ᠌ ᠠᠵᠢᠯᠯᠠᠭ᠎ᠠ ᠦᠷᠨᠢᠬᠦᠯᠵᠦ᠂ 《ᠨᠢᠭᠡᠳᠤᠭᠡᠷ ᠹᠷᠤᠨᠲ᠎ᠦᠨ ᠠᠵᠢᠯ᠎ᠦᠨ ᠠᠷᠭ᠎ᠠ》᠂ 《ᠠᠭᠤᠰᠤᠯᠴᠠᠭᠤᠯᠬᠤ ᠠᠵᠢᠯ᠎ᠦᠨ ᠠᠷᠭ᠎ᠠ》 ᠵᠢ ᠪᠦᠳᠦᠭᠡᠯᠴᠢ ᠪᠡᠷ ᠬᠡᠷᠡᠭᠵᠢᠬᠥᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠣᠭᠣᠷᠢᠨ᠎ᠳᠤ ᠨᠢᠭᠳᠠᠷᠠᠭᠤᠯᠤᠨ ᠪᠦᠯᠬᠦᠮᠳᠡᠭᠦᠯᠪᠡ᠃ 2016 ᠣᠨ᠎ᠳᠤ ᠲᠡᠷᠡ ᠪᠠᠰᠠ ᠠᠩᠬᠠᠳᠠᠭ᠍ᠴᠢ 《ᠵᠦᠭᠡᠢ᠎ᠶ᠋ᠢᠨ ᠡᠭᠦᠷ ᠨᠡᠢᠭᠡᠮ ᠲᠣᠭᠣᠷᠢᠭ》᠎ᠦ᠋ᠨ ᠣᠢᠯᠠᠭᠠᠭ᠍ᠳᠠᠬᠤᠨ᠎ᠢ ᠪᠦᠳᠦᠭᠡᠯᠴᠢ ᠪᠡᠷ ᠳᠤᠷᠠᠳᠴᠤ᠌᠂ 35 ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠵᠤ ᠠᠬᠤᠢᠯᠠᠯ᠎ᠢ ᠨᠡᠢᠭᠡᠮ ᠲᠣᠭᠣᠷᠢᠭ᠎ᠲᠤ 《ᠨᠤᠲᠤᠭ᠍ᠰᠢᠭᠤᠯᠵᠤ》 ᠶᠠᠳᠠᠭᠤ᠎ᠶ᠋ᠢ ᠲᠡᠳᠬᠦᠬᠦ᠂ ᠠᠯᠪᠠᠨ ᠵᠢᠷᠤᠮ᠎ᠤᠨ ᠡᠮᠴᠢᠯᠡᠭᠡ ᠬᠢᠬᠦ᠌᠂ ᠬᠠᠤᠯᠢ ᠴᠠᠭᠠᠵᠠ᠎ᠶ᠋ᠢᠨ ᠯᠠᠪᠯᠠᠭ᠎ᠠ ᠥᠭ᠌ᠬᠦ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠵᠡᠷᠭᠡ ᠪᠦᠬᠦ᠌ ᠲᠠᠯ᠎ᠠ᠎ᠶ᠋ᠢᠨ ᠦᠢᠯᠡᠴᠢᠯᠡᠭᠡ ᠬᠠᠩᠭᠠᠪᠠ᠃

《ᠢ ᡁᠢ ᠠᠵᠢᠯᠯᠠᠬᠤ ᠦᠷᠦᠭᠡ》 ᠪᠣᠯ ᠲᠡᠭᠦᠨ᠎ᠦ ᠡᠭᠦᠳᠦᠭ᠌ᠰᠡᠨ ᠪᠠᠰᠠ ᠨᠢᠭᠡᠨ  ᠲᠦᠷᠦᠯ ᠲᠡᠮᠳᠡᠭ ᠪᠣᠯᠤᠨ᠎ᠠ᠃ 《ᠢ ᡁᠢ ᠠᠵᠢᠯᠯᠠᠬᠤ ᠦᠷᠦᠭᠡ》 2020 ᠣᠨ᠎ᠳᠤ ᠪᠠᠢᠭᠤᠯᠤᠭ᠍ᠳᠠᠭᠰᠠᠨ ᠡᠴᠡ ᠨᠠᠭᠠᠰᠢ 5 ᠵᠢᠯ᠎ᠦᠨ ᠲᠤᠷᠰᠢ ᠴᠢᠳᠠᠪᠤᠷᠢᠲᠠᠨ᠎ᠢ ᠴᠤᠭ᠍ᠯᠠᠷᠠᠭᠤᠯᠬᠤ᠂ ᠡᠬᠢ ᠪᠠᠶᠠᠯᠢᠭ᠎ᠢ ᠨᠡᠢᠳᠭᠡᠬᠦ᠌᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠳᠠᠮᠵᠢ᠎ᠪᠠᠨ ᠪᠠᠳᠠᠷᠠᠭᠤᠯᠵᠤ᠂ ᠣᠳᠣᠬᠠᠨ᠎ᠳᠤ ᠨᠢᠭᠡᠨᠲᠡ 122 ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ 60 ᠭᠠᠷᠤᠢ ᠨᠡᠢᠲᠡ᠎ᠶ᠋ᠢᠨ ᠠᠰᠠᠷᠠᠮᠵᠢ᠎ᠶ᠋ᠢᠨ ᠬᠥᠮᠦᠰ᠎ᠢ ᠴᠤᠭ᠍ᠯᠠᠷᠠᠭᠤᠯᠤᠨ ᠰᠠᠭᠤᠯᠭᠠᠵᠤ᠂ ᠰᠠᠭᠤᠭᠠᠯᠢ ᠠᠷᠠᠳ᠎ᠦᠨ ᠪᠠᠴᠢᠮᠳᠠᠵᠤ ᠬᠦᠴᠢᠷᠳᠡᠵᠤ ᠵᠣᠪᠠᠨᠢᠵᠤ ᠬᠦᠰᠡᠵᠤ ᠪᠠᠢᠬᠤ ᠠᠰᠠᠭᠤᠳᠠᠯ᠎ᠢ ᠵᠣᠯᠭᠠᠭᠤᠯᠤᠨ ᠱᠢᠢᠳᠪᠦᠷᠢᠯᠡᠵᠦ᠍᠂ ᠬᠠᠮᠲᠤ᠎ᠪᠠᠷ ᠰᠠᠭᠤᠷᠢᠰᠢᠬᠤ᠂ ᠬᠠᠮᠲᠤ᠎ᠪᠠᠷ ᠪᠠᠢᠭᠤᠯᠬᠤ᠂ ᠬᠠᠪᠰᠤᠷᠤᠨ ᠲᠡᠳᠬᠦᠬᠦ᠌ ᠂ ᠲᠣᠬᠣᠨᠢᠭᠤᠯᠬᠤ ᠰᠠᠢ᠌ᠨ ᠰᠠᠢᠬᠠᠨ ᠨᠡᠢᠭᠡᠮ ᠲᠣᠭᠣᠷᠢᠭ᠎ᠤᠨ ᠤᠷᠴᠢᠨ ᠠᠬᠤᠢ᠎ᠶ᠋ᠢ ᠪᠤᠢ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号