ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠲᠠᠪᠤᠳᠤᠭᠠᠷ ᠬᠤᠷᠠᠯ ᠬᠤᠷᠠᠯᠳᠤᠵᠠᠢ
2026-02-11 10:18:46
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

2 ᠰᠠᠷ᠎ᠠ ᠎ᠶ᠋ᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠲᠠᠪᠤᠳᠤᠭᠠᠷ ᠬᠤᠷᠠᠯ ᠬᠥᠬᠡᠬᠣᠲᠠ᠎ᠳᠤ ᠬᠤᠷᠠᠯᠳᠤᠪᠠ᠃

ᠲᠤᠰ ᠤᠳᠠᠭ᠎ᠠ᠎ᠶ᠋ᠢᠨ ᠬᠤᠷᠠᠯ ᠎ᠳᠤ 53 ᠪᠦᠷᠢᠯᠳᠦᠬᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ ᠎ᠦ ᠲᠣᠭ᠎ᠠ᠎ᠳᠤ ᠨᠡᠢᠴᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠯᠢ ᠢᠦᠶ ᠭᠠᠩ᠂ ᠠᠶ ᠯᠢ ᠬᠤᠸᠠ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ ᠬᠤᠷᠠᠯ᠎ᠳᠤ ᠰᠤᠯᠠ ᠣᠷᠣᠯᠴᠠᠵᠠᠢ᠃

ᠬᠤᠷᠠᠯ᠎ᠠᠴᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠤᠱᠢᠶᠠᠯ᠎ᠢ ᠤᠭ᠍ᠴᠠᠷᠠᠭᠤᠯᠬᠤ ᠲᠤᠬᠠᠢ ᠱᠢᠢᠳᠪᠦᠷᠢ᠎ᠶ᠋ᠢ ᠬᠢᠨᠠᠨ ᠵᠦᠪᠯᠡᠵᠦ ᠪᠠᠲᠤᠯᠠᠵᠦ᠂ ᠱᠢᠢᠳᠪᠦᠷᠢ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠮᠡᠳᠡᠭᠦᠯᠦᠨ ᠳᠠᠩᠰᠠᠯᠠᠭᠤᠯᠵᠤ᠂ ᠵᠠᠷᠯᠠᠨ ᠨᠡᠢᠲᠡᠯᠡᠬᠦ ᠪᠡᠷ ᠲᠤᠬᠳᠠᠵᠠᠢ᠃ ᠬᠤᠷᠠᠯ᠎ᠠᠴᠠ ᠪᠠᠰᠠ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ ᠎ᠢ ᠬᠢᠨᠠᠨ ᠪᠠᠢᠴᠠᠭᠠᠬᠤ ᠵᠥᠪᠯᠡᠯ ᠎ᠦᠨ ᠳᠡᠳ᠋ ᠡᠷᠬᠢᠯᠡᠭ᠌ᠴᠢ ᠭᠡᠱᠢᠭᠦᠨ ᠭᠦᠸᠧ ᠱᠢᠨ᠎ᠦ ᠬᠢᠭ᠌ᠰᠡᠨ 《ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ ᠎ᠢ ᠬᠢᠨᠠᠨ ᠪᠠᠢᠴᠠᠭᠠᠬᠤ ᠵᠥᠪᠯᠡᠯ᠎ᠦᠨ ᠮᠡᠳᠡᠭᠦᠯᠦᠯᠲᠡ》ᠶ᠋ᠢ ᠰᠣᠨᠣᠰᠴᠤ᠌ ᠬᠢᠨᠠᠨ ᠵᠥᠪᠯᠡᠭ᠌ᠰᠡᠨ ᠪᠥᠭᠡᠳ ᠪᠠᠲᠤᠯᠠᠵᠦ᠂ ᠲᠥᠯᠥᠭᠡᠯᠡᠭ᠌ᠴᠢ᠎ᠶ᠋ᠢᠨ ᠬᠠᠤᠯᠢ᠎ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ᠂ ᠰᠦᠨ ᠱᠤᠤ ᠴᠸᠡᠭ ᠤ᠋ᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠢᠷᠢ ᠬᠡᠮ ᠎ᠢ ᠨᠢ ᠵᠤᠬᠰᠤᠭᠠᠪᠠ᠃

ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠎ᠨᠡᠷ ᠱᠢᠢᠳᠪᠦᠷᠢ ᠪᠠ ᠮᠡᠳᠡᠬᠦᠯᠦᠯᠳᠡ ᠵᠢ ᠰᠠᠨᠠᠯ ᠨᠢᠭᠡᠲᠡᠢ ᠵᠥᠪᠱᠢᠶᠡᠷᠡᠪᠡ᠃

ᠬᠤᠷᠠᠯ᠎ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠦᠨ ᠱᠤᠤ ᠴᠸᠡᠭ ᠤ᠋ᠨ ᠰᠠᠬᠢᠯᠭ᠎ᠠ ᠪᠠᠲᠤ ᠬᠠᠤᠯᠢ ᠴᠠᠭᠠᠵᠠ ᠎ᠵᠢ ᠬᠦᠨᠳᠦ ᠨᠣᠴᠢᠲᠠᠢ ᠵᠥᠷᠢᠴᠡᠭ᠌ᠰᠡᠨ ᠵᠢᠡᠷ ᠰᠡᠵᠢᠭ᠌ᠯᠡᠭᠳᠡᠭᠰᠡᠨ᠎ᠳᠦ ᠰᠠᠬᠢᠯᠭ᠎ᠠ ᠪᠠᠲᠤ ᠶ᠋ᠢᠨ ᠬᠢᠨᠠᠨ ᠪᠠᠢᠴᠠᠭᠠᠯᠲᠠ ᠪᠠ ᠬᠢᠨᠠᠨ ᠪᠠᠢᠴᠠᠭᠠᠬᠤ ᠪᠠᠢᠴᠠᠭᠠᠯᠲᠠ ᠬᠢᠭᠰᠡᠨ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠵᠢᠷᠤᠮᠯᠠᠨ᠂ ᠲᠦᠷᠢᠮ ᠲᠣᠭ᠍ᠲᠠᠭᠠᠯ ᠢ᠋ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠬᠦᠪᠴᠢ ᠵᠢ ᠴᠠᠭ ᠢᠮᠠᠭ᠍ᠲᠠ ᠴᠢᠡᠭᠭᠠᠯᠠᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠨᠡ ᠵᠢᠯ᠎ᠦᠨ ᠠᠵᠢᠯ᠎ᠤᠨ ᠲᠤᠬᠢᠷᠠᠭᠤᠯᠤᠯᠳᠠ ᠶᠣᠰᠣᠭᠠᠷ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠭᠡᠵᠦ᠍᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ 》 ᠎ᠤ᠋ᠨ ᠰᠠᠢ᠌ᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号