ᠸᠠᠩ ᠸᠧᠶ ᠵᠥᠩ ᠪᠠᠶᠠᠨᠨᠠᠭᠤᠷ ᠬᠣᠲᠠ᠎ᠳᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ ᠎ᠶ᠋ᠢᠨ ᠬᠣᠷᠢᠶ᠎ᠠ ᠵᠢᠨ ᠤᠳᠤᠷᠢᠳᠭᠤ ᠪᠠᠭ᠎ᠤᠨ 2025 ᠣᠨ᠎ᠤ ᠠᠷᠠᠳᠴᠢᠯᠠᠯ ᠎ᠤᠨ ᠠᠮᠢᠳᠤᠷᠠᠯ᠎ᠤᠨ ᠬᠤᠷᠠᠯ᠎ᠳᠤ ᠣᠷᠣᠯᠴᠠᠵᠤ ᠵᠢᠭᠠᠨ ᠵᠢᠯᠣᠭᠣᠳᠤᠭ᠍ᠰᠠᠨ ᠪᠥᠭᠡᠳ ᠴᠠᠭᠠᠨ ᠰᠠᠷ᠎ᠠ᠎ᠶ᠋ᠢᠨ ᠡᠷᠬᠢᠨ ᠦᠵᠡᠵᠤ ᠲᠣᠬᠣᠨᠢᠭᠤᠯᠬᠤ ᠠᠵᠢᠯᠯᠠᠭ᠎ᠠ ᠦᠷᠨᠢᠭᠦᠯᠪᠡ
2026-02-11 10:01:40
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 9  ᠡᠴᠡ 10 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠪᠠᠶᠠᠨᠨᠠᠭᠤᠷ ᠬᠣᠲᠠ᠎ᠳᠤ ᠬᠦᠷᠴᠦ᠍᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠭᠤ ᠪᠠᠭ᠎ᠤᠨ 2025 ᠣᠨ᠎ᠤ ᠠᠷᠠᠳᠴᠢᠯᠠᠯ ᠎ᠤᠨ ᠠᠮᠢᠳᠤᠷᠠᠯ ᠎ᠤᠨ ᠬᠤᠷᠠᠯ᠎ᠳᠤ ᠣᠷᠣᠯᠴᠠᠨ ᠵᠢᠭᠠᠨ ᠵᠢᠯᠣᠭᠣᠳᠴᠤ᠌᠂ ᠠᠬᠠᠮᠠᠳ ᠪᠠᠢᠯᠳᠤᠭ᠍ᠴᠢ᠂ ᠠᠬᠠᠮᠠᠳ ᠨᠠᠮ᠎ᠤᠨ ᠭᠡᠱᠢᠭᠦᠨ᠂ ᠦᠨᠳᠦᠰᠦᠲᠡᠨ᠎ᠦ ᠪᠦᠯᠬᠦᠮᠳᠡᠯ ᠎ᠦᠨ ᠵᠢᠱ᠌ᠢᠶᠡᠴᠢ ᠬᠤᠪᠢ ᠬᠥᠮᠦᠨ᠂ ᠬᠦᠴᠢᠷᠳᠡᠯᠲᠡᠶ ᠣᠯᠠᠨ ᠲᠦᠮᠡᠨ ᠎ᠢ ᠡᠷᠭᠢᠨ ᠦᠵᠡᠵᠤ ᠲᠣᠬᠣᠨᠢᠭᠤᠯᠵᠤ᠂ ᠲᠡᠳᠡᠨ᠎ᠳᠦ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠴᠢᠩ ᠰᠡᠳᠭᠢᠯ᠎ᠦᠨ ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃

ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠡᠴᠡ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠭᠤ ᠪᠠᠭ᠎ᠤᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠠᠢᠳᠠᠯ᠂ 2024 ᠣᠨ᠎ᠤ ᠠᠷᠠᠳᠴᠢᠯᠠᠯ ᠎ᠤᠨ ᠠᠮᠢᠳᠤᠷᠠᠯ᠎ᠤᠨ ᠬᠤᠷᠠᠯ᠎ᠤᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ ᠪᠣᠯᠤᠨ ᠲᠣᠰ ᠤᠳᠠᠭ᠎ᠠ᠎ᠶ᠋ᠢᠨ ᠰᠠᠨᠠᠯ ᠬᠤᠷᠢᠶᠠᠭ᠍ᠰᠠᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠾᠧ ᠸᠧᠶ ᠬᠤᠸᠠ ᠨᠥᠬᠥᠷ ᠬᠣᠲᠠ ᠎ᠶ᠋ᠢᠨ ᠨᠠᠮ ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠭᠤ ᠪᠠᠭ ᠎ᠤ᠋ᠨ ᠡᠮᠦᠨ᠎ᠠ ᠡᠴᠡ ᠬᠠᠷᠭᠤᠭᠤᠯᠤᠨ ᠪᠠᠢᠴᠠᠭᠠᠯᠲᠠ ᠬᠢᠭ᠌ᠰᠡᠨ ᠪᠥᠭᠡᠳ ᠲᠦᠷᠦᠭᠦᠯᠡᠨ ᠬᠤᠪᠢ ᠬᠥᠮᠦᠨ᠎ᠦ ᠬᠠᠷᠭᠤᠭᠤᠯᠤᠨ ᠪᠠᠢᠴᠠᠭᠠᠯᠲᠠ ᠬᠢᠵᠦ᠍᠂ ᠪᠤᠰᠤᠳ ᠤᠳᠤᠷᠢᠳᠭᠤ ᠪᠠᠭ᠎ᠤᠨ ᠪᠦᠷᠢᠯᠳᠦᠬᠦᠨ ᠨᠠᠷ ᠲᠠᠰ ᠳᠠᠷᠠᠭᠠᠯᠠᠨ ᠦᠭᠡ ᠬᠡᠯᠡᠵᠦ᠍᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭᠠᠷ ᠬᠢᠨᠠᠨ ᠵᠢᠯᠣᠭᠣᠳᠭᠤ ᠳᠤᠭᠤᠢᠯᠠᠩ ᠪᠣᠯᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠎ᠦᠨ ᠬᠣᠯᠪᠣᠭ᠍ᠳᠠᠯ ᠪᠦᠬᠦᠢ ᠨᠥᠬᠥᠳ ᠦᠨᠡᠯᠡᠯᠲᠡ ᠬᠢᠪᠡ᠃

ᠤᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠸᠠᠩ ᠸᠧᠢ ᠵᠦᠩ᠂ ᠡᠨᠡ ᠤᠳᠠᠭ᠎ᠠ᠎ᠶ᠋ᠢᠨ ᠠᠷᠠᠳᠴᠢᠯᠠᠯ ᠎ᠤᠨ ᠠᠮᠢᠳᠤᠷᠠᠯ᠎ᠤᠨ ᠬᠤᠷᠠᠯ ᠭᠣᠣᠯ ᠰᠡᠳᠦᠪ᠎ᠢ ᠴᠢᠩᠭ᠎ᠠ ᠡᠵᠡᠮᠳᠡᠵᠦ ᠂ ᠭᠦᠢᠴᠡᠳ ᠪᠡᠯᠡᠳᠭᠡᠯ ᠬᠢᠵᠦ᠍᠂ ᠤᠳᠤᠷᠢᠳᠭᠤ ᠪᠠᠭ ᠎ᠤᠨ ᠪᠦᠷᠢᠯᠳᠦᠬᠦᠨ᠎ᠨᠡᠷ ᠦᠵᠡᠯ ᠰᠠᠨᠠᠭ᠎ᠠ ᠪᠣᠯᠤᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠎ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠨᠡᠯᠢᠶᠡᠳ ᠪᠣᠳᠠᠲᠠᠢ ᠪᠠᠢᠵᠤ᠂ ᠵᠢᠱ᠌ᠢᠭ᠌ᠰᠡᠨ ᠦᠷ᠎ᠡ ᠪᠦᠲᠦᠮᠵᠢ᠎ᠳᠡᠭᠡᠨ ᠬᠦᠷᠴᠡᠢ᠃ ᠤᠯᠠᠨ᠎ᠢᠶᠠᠷ᠎ᠢᠶᠠᠨ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ 《ᠰᠡᠭᠦᠯᠴᠢ᠎ᠶ᠋ᠢᠨ ᠠᠵᠢᠯ》 ᠵᠢᠡᠨ ᠪᠣᠳᠠᠲᠠᠢ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ 《ᠪᠠᠳᠤ ᠢᠳᠡᠭᠡᠬᠦ᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ》 ᠴᠢᠬᠤᠯᠠ ᠱᠠᠭᠠᠷᠳᠠᠯᠭ᠎ᠠ ᠶᠣᠰᠣᠭᠠᠷ᠂ ᠨᠡᠩ ᠴᠢᠩᠭ᠎ᠠ ᠱᠠᠭᠠᠷᠳᠠᠯᠭ᠎ᠠ᠎ᠪᠠᠷ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠡᠭᠡᠭ᠌ᠰᠢᠯᠡᠭᠦᠯᠵᠦ᠍᠂ ᠨᠡᠩ ᠥᠨᠳᠥᠷ ᠪᠠᠷᠢᠮᠵᠢᠶ᠎ᠠ᠎ᠪᠠᠷ ᠤᠳᠤᠷᠢᠳᠬᠤ ᠪᠠᠭ᠎ᠤᠨ ᠪᠠᠢᠭᠤᠯᠤᠯᠲᠠ᠎ᠪᠠᠨ ᠴᠢᠩᠭᠠᠳᠭᠠᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠪᠠᠶᠠᠨᠨᠠᠭᠤᠷ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠨᠡᠩ ᠶᠡᠬᠡ ᠬᠥᠭ᠌ᠵᠢᠯᠲᠡ᠎ᠲᠡᠶ ᠪᠣᠯᠬᠤ᠎ᠶ᠋ᠢ ᠠᠬᠢᠭᠤᠯᠬᠤ ᠬᠡᠷᠡᠭ᠌ᠲᠡᠢ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠡᠷᠡᠰ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠠᠵᠢᠯ᠎ᠢᠶᠠᠨ ᠪᠦᠲᠦᠭᠡᠯᠴᠢ᠎ᠪᠡᠷ ᠥᠷᠨᠢᠭᠦᠯᠵᠦ᠍᠂ 《ᠬᠣᠶᠠᠷ ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠴᠣᠭ ᠰᠦᠯᠳᠡ᠎ᠪᠡᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ ᠰᠤᠷᠤᠯᠴᠠᠯᠭ᠎ᠠ᠎ᠶᠢ ᠶᠡᠬᠡᠪᠡᠷ ᠡᠷᠬᠢᠮᠯᠡᠵᠦ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠢᠵᠤ᠂ 《ᠱᠢᠪᠲᠤᠯᠤᠯᠳᠠ ᠬᠢᠬᠦ》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ》 ᠡᠷᠴᠢ ᠵᠣᠷᠢᠭ᠂ 《ᠪᠤᠳᠠᠳᠠᠢ ᠠᠵᠢᠯᠯᠠᠬᠤ》 ᠬᠡᠪ ᠰᠤᠷᠲᠠᠯ᠎ᠢ ᠡᠭᠦᠷᠢᠳᠡ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠂ ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌ ᠎ᠶ᠋ᠢ ᠲᠦᠷᠭᠡᠳᠭᠡᠬᠦ᠌᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠨ ᠡᠬᠢᠯᠡᠯᠲᠡ ᠲᠠᠢ ᠪᠤᠯᠭᠠᠵᠤ᠂ ᠠᠨᠭᠬᠠᠨ᠎ᠤ ᠠᠯᠬᠤᠮ᠎ᠢ ᠰᠠᠢᠳᠤᠷ ᠠᠯᠬᠤᠬᠤ ᠵᠢ ᠠᠬᠢᠭᠤᠯᠬᠤ ᠬᠡᠷᠡᠭᠳᠡᠢ᠃ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠦᠨ ᠱᠤᠤ ᠴᠧᠩ᠂ ᠸᠠᠩ ᠯᠢ ᠱᠢᠶᠠ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠠᠰᠠᠭᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠢᠯᠵᠢᠷᠡᠯ᠎ᠢ ᠡᠰᠡᠷᠭᠦᠴᠡᠬᠦ᠌ ᠰᠦᠷᠲᠦ ᠪᠠᠢᠳᠠᠯ᠎ᠢ ᠭᠤᠢᠪᠢᠰᠢ ᠦᠭᠡᠢ ᠪᠠᠲᠤᠯᠠᠵᠤ᠂ 《ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ》 ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠭᠡᠷ ᠪᠦᠯᠢ ᠭᠡᠷ ᠤ᠋ᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠴᠡᠪᠡᠷᠱᠢᠭᠦᠯᠵᠦ᠍᠂ ᠰᠠᠢ᠌ᠨ ᠰᠠᠢᠬᠠᠨ ᠬᠥᠭ᠌ᠵᠢᠯᠲᠡ᠎ᠶ᠋ᠢᠨ ᠣᠷᠴᠢᠨ᠎ᠢ ᠪᠤᠢ ᠪᠣᠯᠭᠠᠬᠤ ᠬᠡᠷᠡᠭ᠌ᠲᠡᠢ ᠭᠡᠵᠦ᠍ ᠬᠡᠯᠡᠪᠡ᠃

ᠪᠢᠯᠢᠭ᠎ᠦᠨ ᠤᠯᠠᠷᠢᠯ᠎ᠤᠨ ᠪᠠᠭ᠎ᠠ ᠴᠠᠭᠠᠨ ᠰᠠᠷ᠎ᠠ ᠬᠦᠷᠴᠤ ᠢᠷᠡᠬᠦ ᠪᠡᠷ᠂ ᠸᠠᠩ ᠸᠧᠢ ᠵᠦᠩ ᠰᠠᠢ᠌ᠨ ᠳᠤᠷ᠎ᠠ᠎ᠶ᠋ᠢᠨ ᠴᠡᠷᠢᠭ᠎ᠦᠨ ᠠᠬᠠᠮᠠᠳ ᠪᠠᠢᠯᠳᠤᠭ᠍ᠴᠢ ᠱᠢᠤᠢ ᠵᠧᠨ᠎ᠦ ᠭᠡᠷ᠎ᠲᠦ ᠬᠦᠷᠴᠦ᠍᠂ ᠨᠠᠰᠤᠲᠠᠨ᠎ᠲᠠᠶ ᠳᠣᠲᠣᠨᠣ ᠶᠠᠷᠢᠯᠴᠠᠵᠤ᠂ ᠪᠡᠶ᠎ᠡ᠎ᠶ᠋ᠢᠨ ᠪᠠᠢᠳᠠᠯ ᠪᠣᠯᠤᠨ ᠠᠮᠢᠳᠤᠷᠠᠯ᠎ᠤᠨ ᠪᠠᠢᠳᠠᠯ᠎ᠢ ᠨᠢ ᠬᠠᠯᠠᠮᠵᠢᠯᠠᠨ ᠠᠰᠠᠭᠤᠵᠤ᠂ ᠨᠠᠰᠤᠲᠠᠨ᠎ᠤ ᠴᠡᠷᠢᠭ᠎ᠲᠸ᠋ ᠶᠠᠪᠤᠭᠰᠠᠨ ᠦᠯᠢᠬᠡᠷ ᠵᠢᠡᠨ ᠶᠠᠷᠢᠵᠤ᠂  ᠲᠠᠢᠨ᠎ᠦ ᠦᠶ᠎ᠠ ᠵᠢᠨ ᠣᠨ ᠵᠢᠯ᠎ᠵᠢᠡᠨ ᠡᠷᠭᠢᠴᠡᠭᠦᠯᠬᠦ ᠵᠢ ᠨᠠᠷᠢᠨ ᠬᠢᠨᠠᠮᠠᠭᠠᠢ ᠰᠣᠨᠣᠰᠴᠤ᠌᠂ ᠲᠡᠭᠦᠨ᠎ᠳᠦ ᠴᠢᠩ ᠰᠡᠳᠭᠢᠯ᠎ᠦᠨ ᠬᠦᠨᠳᠦᠳᠭᠡᠯ᠎ᠢᠶᠡᠨ ᠳᠡᠪᠱᠢᠭᠦᠯᠬᠦ᠌᠎ᠶ᠋ᠢᠨ ᠬᠠᠮᠲᠤ ᠨᠠᠰᠤᠲᠠᠨ᠎ᠤ ᠤᠷᠳᠤ ᠨᠠᠰᠤᠯᠠᠵᠤ ᠤᠳᠠᠭᠠᠨ ᠵᠢᠷᠭᠠᠬᠤ᠎ᠶ᠋ᠢ ᠵᠥᠩᠨᠡᠪᠡ᠃ ᠲᠡᠷᠡ᠂ ᠠᠬᠠᠮᠠᠳ ᠪᠠᠢᠯᠳᠤᠭ᠍ᠴᠢᠳ᠎ᠤᠨ ᠬᠤᠪᠢᠰᠭᠠᠯᠲᠤ ᠦᠶ᠋ᠯᠡ ᠠᠵᠢᠯᠯᠠᠭ᠎ᠠ ᠪᠣᠯᠤᠨ ᠬᠤᠪᠢᠰᠭᠠᠯᠲᠤ ᠵᠣᠷᠢᠭ ᠰᠠᠨᠠᠭ᠎ᠠ᠎ᠶ᠋ᠢ ᠭᠦᠨᠵᠡᠭᠡᠶ ᠠᠭᠤᠳᠠᠯᠤᠨ ᠶᠡᠬᠡ᠎ᠪᠡᠷ ᠤᠬᠠᠭᠤᠯᠵᠤ᠂ ᠨᠡᠢᠭᠡᠮ ᠳᠠᠶᠠᠭᠠᠷ᠎ᠲᠤ ᠪᠠᠭᠠᠲᠤᠷᠴᠤᠳ᠎ᠢ ᠬᠦᠨᠳᠦᠳᠭᠡᠬᠦ᠌᠂ ᠪᠠᠭᠠᠲᠤᠷᠴᠤᠳ ᠡᠴᠡ ᠰᠤᠷᠤᠯᠴᠠᠬᠤ᠂ ᠪᠠᠭᠠᠲᠤᠷᠴᠤᠳ ᠪᠣᠯᠬᠤ᠎ᠪᠠᠷ ᠴᠢᠷᠮᠠᠢᠬᠤ ᠭᠦᠨ ᠵᠤᠵᠠᠭᠠᠨ ᠠᠭᠤᠷ ᠠᠮᠢᠰᠭᠤᠯ ᠎ᠢ ᠪᠣᠶ ᠪᠣᠯᠭᠠᠬᠤ ᠬᠡᠷᠡᠭ᠌ᠲᠡᠶ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠶ᠋ᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠡᠯ᠎ᠡ ᠵᠦᠶ᠋ᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠨᠠᠰᠤᠲᠠᠢᠴᠤᠳ᠎ᠢ ᠵᠣᠯ ᠵᠢᠷᠭᠠᠯ᠎ᠲᠠᠶ ᠪᠠᠷ ᠥᠲᠡᠯᠦᠭᠡ ᠨᠠᠰᠤ᠎ᠶ᠋ᠢ᠎ᠨᠢ ᠥᠩᠭᠡᠷᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠠᠬᠠᠮᠠᠳ ᠨᠠᠮ᠎ᠤᠨ ᠭᠡᠱᠢᠭᠦᠨ ᠯᠢ ᠢᠦᠢ ᠯᠠᠨ ᠠᠵᠢᠯ᠎ᠡᠴᠡ᠎ᠪᠠᠨ ᠠᠮᠠᠷᠠᠭ᠍ᠰᠠᠨ᠎ᠤ ᠳᠠᠷᠠᠭ᠎ᠠ ᠶᠡᠷᠦᠨᠢ ᠵᠦᠭᠡᠷ ᠰᠠᠭᠤᠬᠤ ᠦᠭᠡᠢ ᠪᠠᠢᠵᠤ᠂ ᠶᠡᠬᠡ ᠬᠡᠮᠵᠢᠶᠡᠨ᠎ᠦ ᠵᠥᠷᠢᠴᠡᠯ ᠵᠠᠭᠤᠷᠠᠯᠳᠤᠭᠠᠨ᠎ᠢ ᠠᠮᠵᠢᠯᠲᠠ᠎ᠲᠠᠶ ᠡᠶᠡᠳᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ 《ᠠᠯᠲᠠᠨ ᠮᠧᠳᠠᠯᠳᠤ ᠡᠶᠡᠳᠡᠭᠦᠯᠦᠭ᠌ᠴᠢ》 ᠪᠡᠷ ᠦᠨᠡᠯᠡᠭ᠌ᠳᠡᠵᠠᠢ᠃ ᠯᠢ ᠢᠦᠶ ᠯᠠᠨ᠎ᠤ ᠬᠡᠷ᠎ᠲᠦ᠂ ᠸᠠᠩ ᠸᠧᠶ ᠵᠥᠩ ᠲᠡᠭᠦᠨ᠎ᠳᠦ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠵᠦ᠍᠂ ᠲᠡᠭᠦᠨ᠎ᠦ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ ᠎ᠢ ᠬᠠᠮᠠᠭᠠᠯᠠᠬᠤ᠎ᠳᠤ ᠦᠵᠡᠭᠦᠯᠦᠭ᠌ᠰᠡᠨ ᠬᠤᠪᠢ ᠨᠡᠮᠡᠷᠢ᠎ᠳᠦ ᠲᠠᠯᠠᠷᠬᠠᠵᠤ᠂ ᠲᠡᠭᠦᠨ᠎ᠢ ᠦᠷᠭᠦᠯᠵᠢᠯᠡᠨ ᠬᠡᠷᠡᠯ ᠭᠢᠯᠪᠠᠭ᠎ᠠ᠎ᠪᠠᠨ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠨᠠᠩ ᠣᠯᠠᠨ ᠲᠤᠷᠱᠢᠯᠭ᠎ᠠ ᠣᠶᠤᠨ ᠤᠬᠠᠭᠠᠨ᠂ ᠨᠠᠩ ᠣᠯᠠᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠪᠡ᠃ ᠲᠠᠷᠠᠭ᠎ᠡ ᠨᠢ᠂ ᠸᠠᠩ ᠸᠧᠢ ᠵᠦᠩ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ ᠪᠦᠬᠡᠳᠡᠮᠤᠷ᠎ᠢ ᠡᠷᠬᠢᠨ ᠦᠵᠡᠵᠦ᠍ ᠲᠣᠬᠣᠨᠢᠭᠤᠯᠵᠤ᠂ ᠲᠡᠭᠦᠨ᠎ᠢ ᠢᠷᠠᠭᠤ ᠠᠯᠳᠠᠷ᠎ᠢᠶᠠᠨ ᠨᠠᠨᠳᠢᠩᠨᠠᠵᠤ᠂ ᠴᠢᠷᠮᠠᠢᠭ᠍ᠰᠠᠨ ᠳᠡᠭᠡᠷ᠎ᠡ ᠎ᠪᠠᠨ ᠴᠢᠷᠮᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠵᠢᠱ᠌ᠢᠶᠡᠴᠢ ᠳᠠᠭᠠᠭᠤᠯᠬᠤ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠠᠮᠤᠭ᠎ᠤᠨ ᠭᠤᠶᠤ ᠱᠢᠨ᠎ᠡ ᠴᠠᠭ ᠦᠶ᠎ᠡ᠎ᠶ᠋ᠢᠨ ᠬᠤᠪᠢᠰᠭᠠᠯᠲᠤ ᠴᠡᠷᠢᠭ》  ᠤ᠋ᠨ ᠬᠠᠷᠢᠭᠤᠴᠠᠯᠭ᠎ᠠ ᠡᠭᠦᠷᠭᠡᠯᠡᠯ ᠪᠣᠯᠤᠨ ᠴᠤᠭ ᠵᠢᠪᠬᠤᠭ᠎ᠠ᠎ᠶ᠋ᠢ ᠢᠯᠡᠷᠡᠭᠦᠯᠬᠦ᠌ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃

ᠸᠠᠩ ᠸᠧᠶ ᠵᠦᠩ ᠣᠯᠠᠨ ᠲᠦᠮᠡᠨ᠎ᠦ ᠠᠮᠢᠳᠤᠷᠠᠯ᠎ᠢ ᠮᠠᠰᠢ ᠬᠠᠯᠠᠮᠵᠢᠯᠠᠵᠤ ᠪᠠᠢᠯ᠎ᠠ᠃ ᠲᠡᠷᠡ ᠯᠢᠨᠾᠧ ᠲᠣᠭᠣᠷᠢᠭ᠎ᠤᠨ ᠰᠠᠭᠤᠭᠠᠯᠢ ᠠᠷᠠᠳ ᠸᠠᠩ ᠴᠧᠩ ᠢ᠎ᠶ᠋ᠢᠨ ᠭᠡᠷ᠎ᠲᠦ ᠬᠦᠷᠴᠦ᠍᠂ ᠭᠡᠷ ᠪᠦᠯᠢ᠎ᠶ᠋ᠢᠨ ᠣᠷᠣᠯᠭ᠎ᠠ᠂ ᠡᠪᠡᠳᠴᠢᠨ᠎ᠢᠶᠡᠨ ᠦᠵᠡᠭᠦᠯᠵᠦ᠍ ᠡᠮᠨᠡᠭᠦᠯᠵᠤ ᠪᠠᠢᠭ᠎ᠠ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠮᠢᠳᠤᠷᠠᠯ ᠳᠤᠮᠳᠠ ᠪᠠᠰᠠ ᠶᠠᠮᠠᠷ ᠬᠦᠴᠢᠷᠳᠡᠯ ᠪᠠᠢᠬᠤ᠎ᠶ᠋ᠢ ᠠᠰᠠᠭᠤᠪᠠ᠃ ᠳᠡᠳᠡᠨ ᠤ᠋ ᠬᠢᠨ ᠨᠠᠮ ᠪᠣᠯᠤᠨ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ᠂ ᠣᠷᠣᠯᠭ᠎ᠠ᠎ᠲᠡᠶ᠂ ᠡᠪᠡᠳᠴᠢᠨ ᠦᠵᠡᠭᠦᠯᠬᠦ᠌᠎ᠳᠦ ᠪᠠᠲᠤᠯᠠᠭ᠎ᠠ᠎ᠲᠠᠶ᠂ ᠠᠮᠢᠳᠤᠷᠠᠯ ᠨᠢ ᠬᠦᠰᠡᠯ ᠡᠷᠡᠮᠡᠯᠵᠡᠯ᠎ᠲᠡᠶ ᠪᠠᠢᠬᠤ᠎ᠶ᠋ᠢ ᠰᠣᠨᠣᠰᠤᠭᠠᠳ ᠸᠠᠩ ᠸᠧᠢ ᠵᠦᠩ ᠮᠠᠰᠢ ᠪᠠᠶᠠᠷᠯᠠᠵᠤ᠂ ᠲᠡᠳᠡᠨ᠎ᠢ ᠢᠳᠡᠪᠬᠢᠲᠡᠢ ᠥᠭᠡᠳᠡᠷᠬᠡᠭ ᠠᠮᠢᠳᠤᠷᠠᠯ᠎ᠤᠨ ᠣᠪᠣᠷ᠎ᠲᠠᠶ ᠪᠠᠢᠵᠤ᠂ ᠠᠮᠢᠳᠤᠷᠠᠯ᠎ᠢᠶᠠᠨ ᠤᠯᠠᠮ ᠰᠠᠢ᠌ᠨ ᠪᠣᠯᠭᠠᠬᠤ᠎ᠪᠠᠷ ᠴᠢᠷᠮᠠᠢᠬᠤ᠎ᠶ᠋ᠢ ᠵᠣᠷᠢᠭ᠍ᠵᠢᠭᠤᠯᠪᠠ᠃ ᠲᠡᠷᠡ᠂ ᠴᠠᠭᠠᠨ ᠰᠠᠷ᠎ᠠ ᠤᠳᠠᠯ ᠥᠬᠡᠶ ᠬᠦᠷᠴᠦ᠍ ᠢᠷᠡᠬᠦ᠌ ᠪᠣᠯᠤᠯ᠎ᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠂ ᠣᠯᠠᠨ ᠲᠦᠮᠡᠨ᠎ᠦ ᠶᠠᠪᠤᠳᠠᠯ ᠢ᠋ ᠢᠮᠠᠭ᠍ᠲᠠ ᠰᠡᠳᠭᠢᠯ᠎ᠳᠡᠭᠡᠨ ᠪᠤᠳᠤᠵᠤ᠂ ᠠᠷᠠᠳ᠎ᠤᠨ ᠠᠮᠢᠳᠤᠷᠠᠯ ᠎ᠤᠨ ᠪᠣᠳᠠᠲᠤ ᠶᠠᠪᠤᠳᠠᠯ᠎ᠢ ᠨᠠᠷᠢᠨ ᠬᠢᠨᠠᠮᠠᠭᠠᠶ ᠰᠠᠢᠲᠤᠷ ᠬᠢᠵᠦ᠍᠂ ᠬᠦᠴᠢᠷᠳᠡᠯᠲᠡᠶ ᠬᠥᠮᠦᠰ ᠎ᠦᠨ ᠦᠶ᠋ᠯᠡᠳᠪᠦᠷᠢᠯᠡᠯ ᠠᠮᠢᠳᠤᠷᠠᠯ᠎ᠢ ᠢᠯᠡᠭᠦᠬᠡᠨ ᠬᠠᠯᠠᠮᠵᠢᠯᠠᠵᠤ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠵᠦᠢᠯ᠎ᠢ ᠬᠦᠴᠦᠯᠡᠨ ᠱᠢᠶ᠋ᠳᠪᠦᠷᠢᠯᠡᠵᠦ᠍᠂ ᠠᠷᠠᠳ ᠣᠯᠠᠨ᠎ᠤ ᠠᠮᠤᠷ ᠠᠮᠤᠭᠤᠯᠠᠩ ᠪᠠᠶᠠᠷ ᠬᠥᠷ᠎ᠲᠡᠶ ᠴᠠᠭᠠᠨ ᠰᠠᠷ᠎ᠠ᠎ᠪᠠᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠺᠤᠮᠠᠨᠳ᠋ᠯᠠᠭ᠍ᠴᠢ ᠭᠦᠸᠧ ᠵᠢᠶᠦ᠋ᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号