ᠰᠢ ᠵᠢᠨ ᠫᠢᠩ ᠴᠠᠭᠠᠨ ᠰᠠᠷ᠎ᠠ ᠡᠴᠡ ᠡᠮᠦᠨᠡᠬᠡᠨ ᠪᠡᠭᠡᠵᠢᠩ᠎ᠳᠦ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠭᠢᠨ ᠦᠵᠡᠵᠤ ᠲᠣᠬᠣᠨᠢᠭᠤᠯᠪᠠ
2026-02-11 09:45:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠦᠨᠳᠦᠰᠦᠲᠡᠨ ᠨᠤᠭᠦᠳ ᠎ᠦᠨ ᠠᠷᠠᠳ ᠲᠦᠮᠡᠨ᠎ᠳᠦ ᠴᠠᠭᠠᠨ ᠰᠠᠷ᠎ᠠ᠎ᠶ᠋ᠢᠨ ᠰᠠᠢᠨ ᠰᠠᠢᠬᠠᠨ ᠵᠥᠩᠨᠡᠯ ᠳᠡᠪᠱᠢᠭᠦᠯᠵᠤ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠤ᠋ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ ᠵᠢ ᠵᠦᠩᠨᠡᠵᠤ ᠠᠭᠤᠤ ᠶᠡᠬᠡ ᠡᠬᠡ ᠤᠯᠤᠰ ᠤ᠋ᠨ ᠴᠡᠴᠡᠭᠯᠡᠨ ᠬᠦᠭᠵᠢᠬᠦ ᠵᠢ ᠵᠦᠩᠨᠡᠪᠡ


ᠼᠠᠢ ᠴᠢ ᠪᠠᠷ᠎ᠠ ᠪᠣᠯᠵᠣ ᠱᠢᠨᠵᠢᠯᠡᠨ ᠪᠠᠢᠴᠠᠭᠠᠵᠠᠢ


ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ᠎ᠪᠤᠯᠬᠤ ᠴᠠᠭᠠᠨ ᠰᠠᠷ᠎ᠠ ᠤᠳᠠᠯ ᠥᠬᠡᠶ ᠬᠦᠷᠴᠦ᠍ ᠢᠷᠡᠬᠦ᠌ ᠲᠠᠱᠢᠷᠠᠮ᠎ᠢᠶᠠᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ ᠱᠢᠨᠵᠢᠯᠡᠨ ᠪᠠᠢᠴᠠᠭᠠᠭ᠍ᠰᠠᠨ ᠪᠦᠭᠡᠳ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠢ ᠡᠷᠬᠢᠨ ᠦᠵᠡᠵᠤ ᠲᠣᠬᠣᠨᠢᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠣᠯᠤᠨ ᠱᠢᠶᠠᠩᠭᠠᠩ᠎ᠤᠨ ᠠᠬ᠎ᠠ ᠳᠡᠭᠦᠦ᠂ ᠣᠣᠮᠧᠨ᠎ᠦ ᠠᠬ᠎ᠠ ᠳᠡᠭᠦᠦ᠂ ᠲᠠᠢᠸᠠᠨ᠎ᠤ ᠠᠬ᠎ᠠ ᠳᠡᠭᠦᠦ᠍᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠲᠦ ᠱᠢᠨ᠎ᠡ᠎ᠶ᠋ᠢᠨ ᠮᠡᠨᠳᠦ ᠬᠦᠷᠭᠡᠪᠡ! ᠤᠯᠤᠰ᠎ᠤᠨ ᠳᠣᠲᠣᠭᠠᠳᠤ ᠭᠠᠳᠠᠭᠠᠳᠤ ᠳ᠋ᠤ ᠪᠠᠢᠭ᠎ᠠ ᠳᠤᠮᠳᠠᠳᠤ᠎ᠶ᠋ᠢᠨ ᠬᠥᠪᠡᠭᠦᠳ ᠥᠬᠢᠳ᠎ᠦᠨ ᠪᠢᠯᠢᠭ᠎ᠦᠨ ᠤᠯᠠᠷᠢᠯ᠎ᠤᠨ ᠮᠤᠷᠢᠨ ᠵᠢᠯ ᠳ᠋ᠤ ᠴᠤᠭ ᠵᠤᠯᠢ ᠪᠠᠳᠠᠷᠠᠩᠭᠤᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠠᠮᠵᠢᠯᠲᠠ᠎ᠲᠠᠶ᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ ᠪᠠᠢᠬᠤ᠎ᠶ᠋ᠢ ᠵᠥᠩᠨᠡᠪᠡ! ᠠᠭᠤᠤ ᠶᠡᠬᠡ ᠡᠬᠡ ᠤᠯᠤᠰ᠎ᠤᠨ ᠠᠭᠤᠯᠠ ᠤᠰᠤ ᠨᠢ ᠦᠵᠡᠰᠭᠦᠯᠡᠩᠲᠦ ᠰᠠᠢᠬᠠᠨ᠂ ᠬᠤᠷ᠎ᠠ ᠪᠤᠷᠤᠭᠠᠨ ᠲᠡᠭ᠌ᠰᠢ᠂ ᠴᠡᠴᠡᠭ᠌ᠯᠡᠨ ᠬᠥᠭ᠌ᠵᠢᠵᠦ᠍᠂ ᠲᠦᠷᠦ  ᠲᠥᠪᠰᠢᠨ ᠲᠥᠮᠡᠨ  ᠠᠮᠤᠭᠤᠯᠠᠩ ᠪᠠᠢᠬᠤ᠎ᠶ᠋ᠢ ᠵᠥᠩᠨᠡᠪᠡ!


QQ20260211-092834.png


 2  ᠰᠠᠷ᠎ᠠ᠎ᠶ᠋ᠢᠨ 9 ᠡᠴᠡ 10 ᠤ᠋ ᠡᠳᠦᠷ ᠪᠣᠯᠲᠠᠯ᠎ᠠ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ ᠱᠢᠨᠵᠢᠯᠡᠨ ᠪᠠᠢᠴᠠᠭᠠᠭ᠍ᠰᠠᠨ ᠪᠦᠭᠡᠳ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠢ ᠡᠷᠬᠢᠨ ᠦᠵᠡᠵᠤ ᠲᠣᠬᠣᠨᠢᠭᠤᠯᠪᠠ᠃ ᠵᠢᠷᠤᠭ ᠪᠤᠯ᠂ 10 ᠎ᠤ᠋ ᠦᠳᠠ ᠵᠢᠨ ᠡᠮᠦᠨ᠎ᠠ  ᠰᠢ ᠵᠢᠨ ᠫᠢᠩ ᠳ᠋ᠦᠩ ᠴᠧᠩ ᠲᠣᠭᠣᠷᠢᠭ᠎ᠤᠨ ᠯᠦᠩ ᠹᠦ᠋ ᠰᠧ ᠵᠡᠭᠡᠯᠢ ᠲᠣᠭᠣᠷᠢᠭ ᠵᠢᠡᠷ ᠰᠢᠨᠵᠢᠯᠠᠨ ᠪᠠᠢᠴᠠᠭᠠᠬᠤ ᠦᠶ᠎ᠠ ᠳ᠋ᠡᠭᠡᠨ᠂  ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠣᠯᠤᠨ ᠱᠢᠶᠠᠩᠭᠠᠩ᠎ᠤᠨ ᠠᠬ᠎ᠠ ᠳᠡᠭᠦᠦ᠂ ᠣᠣᠮᠧᠨ᠎ᠦ ᠠᠬ᠎ᠠ ᠳᠡᠭᠦᠦ᠂ ᠲᠠᠢᠸᠠᠨ᠎ᠤ ᠠᠬ᠎ᠠ ᠳᠡᠭᠦᠦ᠍᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠲᠦ ᠴᠠᠭᠠᠨ ᠰᠠᠷ᠎ᠠ ᠵᠢᠨ ᠵᠥᠨᠭᠨᠡᠯ   ᠲᠡᠪᠰᠢᠬᠥᠯᠪᠡ ᠃ 

    ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ   ᠶᠠᠨ ᠶᠠᠨ  ᠰᠡᠭᠦᠳᠡᠷᠯᠡᠪᠡ


2 ᠰᠠᠷ᠎ᠠ᠎ᠶ᠋ᠢᠨ 9 ᠡᠴᠡ 10 ᠤ᠋ ᠡᠳᠦᠷ ᠪᠣᠯᠲᠠᠯ᠎ᠠ᠂ ᠰᠢ ᠵᠢᠨ ᠫᠢᠩ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠪᠡᠭᠡᠵᠢᠩ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠶᠢᠨ ᠯᠢ ᠪᠣᠯᠤᠨ ᠬᠣᠲᠠ᠎ᠶ᠋ᠢᠨ ᠳᠠᠷᠤᠭ᠎ᠠ ᠶᠢᠨ ᠶᠦᠩ᠎ᠤᠨ ᠪᠠᠷ᠎ᠠ ᠪᠣᠯᠣᠯᠭ᠎ᠠ᠎ᠲᠠᠶ᠎ᠪᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠷᠢᠶᠡᠯᠡᠩ ᠲᠣᠭᠣᠷᠢᠭ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠵᠡᠭᠡᠯᠢ ᠲᠣᠭᠣᠷᠢᠭ᠂ ᠬᠣᠲᠠ᠎ᠶ᠋ᠢᠨ ᠴᠠᠭᠠᠨ ᠰᠠᠷ᠎ᠠ᠎ᠶ᠋ᠢᠨ ᠴᠤᠭ᠍ᠯᠠᠭ᠎ᠠ ᠮᠠᠢᠮᠠᠢ᠎ᠳᠤ ᠭᠦᠨᠵᠡᠭᠡᠢᠷᠡᠨ ᠱᠢᠨᠵᠢᠯᠡᠨ ᠪᠠᠢᠴᠠᠭᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠳᠦ ᠨᠠᠮ᠎ᠤᠨ ᠲᠥᠪ ᠬᠣᠷᠢᠶ᠎ᠠ ᠵᠢᠨ ᠬᠠᠢᠷ᠎ᠠ ᠬᠠᠯᠠᠮᠵᠢ ᠪᠠ ᠵᠥᠩᠨᠡᠯ᠎ᠢ ᠳᠡᠪᠱᠢᠭᠦᠯᠪᠡ᠃

9 ᠤ᠋ ᠦᠳᠡ᠎ᠶ᠋ᠢᠨ ᠡᠮᠦᠨ᠎ᠡ᠂ ᠰᠢ ᠵᠢᠨ ᠫᠢᠩ ᠪᠡᠭᠡᠵᠢᠩ᠎ᠦᠨ ᠢ ᠵᠤᠸᠠᠩ᠎ᠳᠠᠬᠢ ᠤᠯᠤᠰ᠎ᠤᠨ ᠮᠡᠳᠡᠭᠡ ᠵᠠᠩᠭᠢ ᠵᠢᠨ ᠮᠡᠷᠭᠡᠵᠢᠯ ᠤ᠋ᠨ ᠰᠢᠨ᠎ᠠ ᠵᠢ ᠡᠭᠦᠳᠬᠦ ᠬᠦᠷᠢᠶᠡᠯᠡᠩ᠎ᠳᠦ ᠬᠦᠷᠴᠦ᠍᠂ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠱᠢᠨ᠎ᠠ ᠡᠭᠦᠳᠦᠯᠳᠡ ᠬᠡᠷᠡᠭ᠌ᠯᠡᠭᠡᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠵᠣᠬᠢᠶᠠᠮᠠᠯ ᠤᠶᠤᠨ ᠴᠢᠳᠠᠪᠤᠷᠢ᠂ ᠮᠠᠱᠢᠨ ᠬᠥᠮᠦᠨ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠦᠨ ᠦᠵᠡᠭᠦᠯᠭᠡ᠎ᠶ᠋ᠢ ᠨᠠᠷᠢᠨ ᠪᠠᠢᠴᠠᠭᠠᠨ ᠦᠵᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠲᠥᠯᠥᠭᠡᠯᠡᠭ᠌ᠴᠢᠳ᠎ᠲᠡᠶ  ᠤᠯᠠᠨᠲᠠ ᠰᠠᠨᠠᠯ᠎ᠢᠶᠠᠨ ᠰᠣᠯᠢᠯᠴᠠᠪᠠ᠃ ᠲᠡᠷᠡ᠂ ᠡᠨᠡ ᠡᠳᠦᠷ ᠡᠨᠳᠡ ᠢᠷᠡᠵᠥ᠍ ᠲᠤᠬᠠᠢ᠎ᠶ᠋ᠢᠨ ᠲᠠᠯᠠᠪᠠᠢ᠎ᠳᠤ ᠰᠤᠷᠤᠯᠴᠠᠵᠥ᠍᠂ ᠨᠢᠳᠦ ᠨᠡᠭᠡᠭᠡᠵᠦ᠍᠂ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠨᠡᠩ ᠢᠲᠡᠭᠡᠯ ᠲᠡᠭᠦᠯᠳᠡᠷ ᠪᠣᠯᠵᠠᠢ ᠭᠡᠪᠡ᠃ ᠲᠡᠷᠡ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ ᠎ᠢ ᠪᠦᠳᠦᠭᠡᠨ ᠪᠠᠢᠭᠤᠯᠬᠤ᠎ᠶ᠋ᠢᠨ ᠵᠠᠩᠭᠢᠯᠠᠭ᠎ᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠭᠦ᠎ᠳᠦ ᠪᠠᠢᠨ᠎ᠠ᠂ ᠪᠡᠭᠡᠵᠢᠩ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠡᠨᠡ ᠲᠠᠯ᠎ᠠ᠎ᠪᠠᠷ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃ ᠲᠡᠷᠡ ᠥᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠎ᠢ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠰᠡᠳᠭᠢᠯᠭᠡ᠎ᠪᠠᠨ ᠵᠤᠵᠠᠭᠠᠳᠭᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠠᠶᠠᠨ᠎ᠳᠤ ᠭᠠᠪᠢᠶ᠎ᠠ ᠵᠢᠳᠬᠦᠯ ᠦᠵᠡᠭᠦᠯᠦᠭᠡᠷᠡᠢ ᠭᠡᠵᠦ᠍ ᠵᠣᠷᠢᠭ᠍ᠵᠢᠭᠤᠯᠪᠠ᠃


QQ20260211-092842.png


 2 ᠰᠠᠷ᠎ᠠ᠎ᠶ᠋ᠢᠨ 9 ᠡᠴᠡ 10 ᠤ᠋ ᠡᠳᠦᠷ ᠪᠣᠯᠲᠠᠯ᠎ᠠ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ ᠱᠢᠨᠵᠢᠯᠡᠨ ᠪᠠᠢᠴᠠᠭᠠᠭ᠍ᠰᠠᠨ ᠪᠦᠭᠡᠳ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠢ ᠡᠷᠬᠢᠨ ᠦᠵᠡᠵᠤ ᠲᠣᠬᠣᠨᠢᠭᠤᠯᠪᠠ᠃ ᠵᠢᠷᠤᠭ ᠪᠤᠯ᠂ 10 ᠎ᠤ᠋ ᠦᠳᠠ ᠵᠢᠨ ᠡᠮᠦᠨ᠎ᠠ  ᠰᠢ ᠵᠢᠨ ᠫᠢᠩ ᠱᠢᠴᠸᠩ ᠲᠣᠭᠣᠷᠢᠭ᠎ᠤᠨ 《ᠦ᠋ ᠯᠣᠣ·ᠰᠢᠨ᠎ᠠ ᠵᠡᠭᠡᠯᠢ 》 ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠵᠡᠭᠡᠯᠢ ᠲᠣᠭᠣᠷᠢᠭ ᠎ᠤᠨ ᠨᠠᠰᠤᠲᠠᠢᠴᠤᠳ᠎ᠤᠨ ᠨᠡᠢᠲᠡ᠎ᠶ᠋ᠢᠨ ᠪᠠᠢᠷᠢ᠎ᠪᠠᠷ ᠰᠢᠨᠵᠢᠯᠠᠨ ᠪᠠᠢᠴᠠᠭᠠᠬᠤ ᠦᠶ᠎ᠠ ᠳ᠋ᠡᠭᠡᠨ᠂  ᠨᠠᠰᠤᠲᠠᠢᠴᠤᠳ᠎ᠲᠠᠢ ᠲᠤᠳᠤᠨᠤ ᠶᠠᠷᠢᠯᠴᠠᠵᠦ ᠪᠠᠢᠭ᠎ᠠ ᠨᠢ᠃ 

   ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠰᠢᠶᠸ ᠬᠤᠸᠠᠨ᠎ᠤ᠋ᠤᠢ ᠰᠡᠭᠦᠳᠡᠷᠯᠡᠪᠡ


ᠱᠢᠴᠸᠩ ᠲᠣᠭᠣᠷᠢᠭ᠎ᠤᠨ ᠪᠸᠢ ᠼᠤᠤ ᠴᠠᠩ ᠭᠤᠳᠤᠮᠵᠢ ᠳ᠋ᠤ ᠪᠠᠢᠭ᠎ᠠ《ᠦ᠋ ᠯᠣᠣ·ᠰᠢᠨ᠎ᠠ ᠵᠡᠭᠡᠯᠢ 》  ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠵᠡᠭᠡᠯᠢ ᠲᠣᠭᠣᠷᠢᠭ ᠨᠢ ᠤᠢ᠍ᠢᠷ᠎ᠠ᠎ᠶ᠋ᠢᠨ ᠵᠢᠯ᠎ᠡᠴᠡ ᠬᠠᠷᠰᠢ ᠰᠠᠭᠠᠳ ᠦᠭᠡᠢ ᠪᠠ ᠨᠠᠰᠤᠵᠢᠯᠲᠠ᠎ᠳᠤ ᠵᠣᠬᠢᠴᠠᠬᠤ ᠥᠭᠡᠷᠡᠴᠢᠯᠡᠯᠲᠡ᠎ᠶ᠋ᠢ ᠠᠬᠢᠭᠤᠯᠵᠤ᠂ ᠨᠠᠰᠤᠲᠠᠢᠴᠤᠳ᠎ᠲᠤ ᠤᠯᠠᠨ ᠡᠱᠢᠵᠢᠭ᠌ᠰᠡᠨ ᠨᠠᠰᠤᠵᠢᠯ᠎ᠤᠨ ᠦᠢᠯᠡᠴᠢᠯᠡᠭᠡ ᠬᠠᠩᠭᠠᠪᠠ᠃ 10 ᠤ᠋ ᠦᠳᠡ᠎ᠶ᠋ᠢᠨ ᠡᠮᠦᠨ᠎ᠡ᠂ ᠰᠢ ᠵᠢᠨ ᠫᠢᠩ ᠡᠨᠳᠡ ᠢᠷᠡᠵᠦ᠍᠂ ᠰᠢᠨ ᠵᠢᠶᠸ ᠺᠸᠤ ᠵᠡᠭᠡᠯᠢ ᠭᠤᠳᠤᠮᠵᠢ᠎ᠶ᠋ᠢᠨ ᠨᠠᠰᠤᠳᠠᠢᠴᠤᠳ ᠤ᠋ᠨ ᠬᠣᠭᠣᠯᠠᠨ ᠬᠡᠷ᠎ᠲᠦ ᠣᠷᠣᠵᠤ᠂ ᠨᠣᠭᠣᠭ᠎ᠠ ᠵᠠᠭᠤᠰᠢ᠂ ᠦᠨ᠎ᠡ ᠬᠠᠩᠰᠢ ᠪᠣᠯᠤᠨ ᠬᠣᠭᠣᠯᠠᠯᠠᠬᠤ ᠣᠷᠴᠢᠨ ᠲᠣᠭᠣᠷᠢᠨ᠎ᠢ ᠪᠠᠢᠴᠠᠭᠠᠨ ᠦᠵᠡᠵᠦ᠍᠂ ᠬᠣᠭᠣᠯᠠᠨ ᠬᠡᠷ᠎ᠦᠨ᠎ᠬᠢᠨ᠎ᠦ ᠨᠠᠰᠤᠲᠠᠨ᠎ᠢ ᠠᠰᠠᠷᠠᠬᠤ ᠬᠣᠭᠣᠯᠠᠨ ᠤ᠋ ᠦᠶ᠋ᠯᠡᠴᠢᠯᠡᠭᠡ ᠥᠷᠨᠢᠭᠦᠯᠵᠦ᠍ ᠪᠠᠢᠭ᠎ᠠ ᠪᠠᠢᠳᠠᠯ᠎ᠢ ᠨᠠᠷᠢᠨ ᠠᠰᠠᠭᠤᠪᠠ᠃ ᠡᠨᠳᠡ ᠠᠮᠠᠷᠠᠵᠤ ᠪᠠᠢᠭ᠎ᠠ ᠲᠦᠷᠭᠡᠨ ᠬᠦᠷᠭᠡᠭ᠌ᠴᠢ ᠲᠠᠢ ᠠᠭᠤᠯᠵᠠᠭᠠᠳ᠂ ᠰᠢ ᠵᠢᠨ ᠫᠢᠩ ᠲᠡᠳᠡᠨ᠎ᠦ ᠠᠵᠢᠯ ᠠᠮᠢᠳᠤᠷᠠᠯ᠎ᠢ ᠬᠠᠯᠠᠮᠵᠢᠯᠠᠨ ᠠᠰᠠᠭᠤᠵᠤ᠂ ᠲᠡᠳᠡᠨ᠎ᠦ ᠱᠢᠷᠭᠠᠭᠤ ᠬᠥᠳᠡᠯᠮᠦᠷᠢ ᠪᠠ ᠦᠵᠡᠭᠦᠯᠦᠭ᠌ᠰᠡᠨ ᠬᠤᠪᠢ ᠨᠡᠮᠡᠷᠢ᠎ᠶ᠋ᠢ ᠮᠠᠭ᠍ᠲᠠᠨ ᠰᠠᠢᠱᠢᠶᠠᠪᠠ᠃ ᠲᠡᠷᠡ᠂ ᠨᠠᠰᠤᠲᠠᠨ᠎ᠢᠶᠠᠨ ᠬᠦᠨᠳᠦᠯᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ ᠮᠥᠨ᠂ ᠨᠠᠰᠤᠲᠠᠨ᠎ᠢᠶᠠᠨ ᠬᠠᠢᠷᠠᠯᠠᠵᠤ ᠨᠠᠰᠤᠲᠠᠨ᠎ᠢᠶᠠᠨ ᠬᠠᠪᠰᠤᠷᠬᠤ ᠪᠣᠯ ᠪᠦᠬᠦ᠌ ᠨᠡᠢᠭᠡᠮ᠎ᠦᠨ ᠬᠠᠮᠲᠤ᠎ᠶ᠋ᠢᠨ ᠬᠠᠷᠢᠭᠤᠴᠠᠯᠭ᠎ᠠ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠡᠯ᠎ᠡ ᠲᠦᠷᠦᠯ᠎ᠦᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍᠂ ᠨᠠᠰᠤᠵᠢᠯ᠎ᠤᠨ ᠦᠢᠯᠡᠴᠢᠯᠡᠭᠡᠨ᠎ᠦ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ ᠎ᠢ ᠳᠡᠭᠡᠭ᠌ᠰᠢᠯᠡᠭᠦᠯᠵᠦ᠍᠂ ᠦᠷᠭᠦᠯᠵᠢᠯᠡᠨ ᠬᠥᠭ᠌ᠵᠢᠬᠦ᠌ ᠶ᠋ᠢ ᠠᠬᠢᠭᠤᠯᠵᠤ᠂ ᠨᠠᠰᠤᠲᠠᠢᠴᠤᠳ ᠎ᠤᠨ ᠥᠲᠡᠯᠦᠭᠡ ᠨᠠᠰᠤ ᠎ᠪᠠᠨ ᠵᠣᠯ ᠵᠢᠷᠭᠠᠯ ᠎ᠲᠠᠶ ᠥᠩᠭᠡᠷᠡᠭᠦᠯᠬᠦ᠌᠎ᠳᠦ ᠨᠡᠩ ᠰᠠᠢ᠌ᠨ ᠰᠠᠢᠬᠠᠨ ᠨᠥᠬᠥᠴᠡᠯ ᠪᠦᠷᠢᠯᠳᠦᠭᠦᠯᠬᠦ᠎ᠪᠡᠷ ᠴᠢᠷᠮᠠᠢᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠨᠠᠰᠤᠲᠠᠢᠴᠤᠳ᠎ᠤᠨ ᠨᠡᠢᠲᠡ᠎ᠶ᠋ᠢᠨ ᠪᠠᠢᠷᠢ᠎ᠳᠤ᠂ ᠰᠢ ᠵᠢᠨ ᠫᠢᠩ ᠨᠠᠰᠤᠲᠠᠢᠴᠤᠳ᠎ᠤᠨ ᠡᠷᠡᠭᠦᠯ ᠮᠡᠨᠳᠦ᠍᠎ᠶ᠋ᠢᠨ ᠪᠠᠢᠴᠠᠭᠠᠯᠲᠠ᠂ ᠡᠷᠡᠭᠦᠯᠵᠢᠯ᠎ᠦᠨ ᠪᠣᠯᠪᠠᠰᠤᠷᠠᠯ᠂ ᠡᠳᠦᠷ ᠲᠤᠲᠤᠮ᠎ᠤᠨ ᠠᠮᠢᠳᠤᠷᠠᠯ᠎ᠤᠨ ᠬᠠᠷᠠᠭᠠᠯᠵᠠᠯ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠶᠡᠬᠡ ᠲᠢᠩᠬᠢᠮ᠎ᠳᠦ᠂ ᠵᠠᠷᠢᠮ ᠨᠠᠰᠤᠲᠠᠨ ᠶᠠᠭ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠠ ᠪᠤᠶᠠᠨ ᠦᠰᠦᠭ ᠪᠢᠴᠢᠵᠦ᠍ ᠪᠠᠢᠯ᠎ᠠ᠂ ᠰᠢ ᠵᠢᠨ ᠫᠢᠩ ᠲᠡᠳᠡᠨ᠎ᠦ ᠳᠤᠮᠳᠠ ᠢᠷᠡᠵᠤ᠂ ᠲᠡᠳᠡᠨ᠎ᠦ ᠵᠣᠬᠢᠶᠠᠨ ᠪᠦᠲᠦᠭᠡᠯᠭᠡ᠎ᠶ᠋ᠢ ᠰᠣᠨᠢᠷᠬᠠᠵᠤ᠂ ᠲᠡᠳᠡᠨ᠎ᠢ ᠠᠬᠠᠰᠢᠷᠠᠵᠤ ᠪᠠᠢᠪᠠᠴᠤ ᠠᠯᠤᠰ᠎ᠤᠨ ᠬᠦᠰᠡᠯᠡᠩ᠎ᠲᠡᠶ᠂ ᠥᠲᠡᠯᠪᠡᠴᠤ ᠬᠢᠬᠦ᠌ ᠠᠵᠢᠯ᠎ᠲᠠᠶ ᠪᠠᠢᠭᠠᠷᠠᠢ ᠭᠡᠵᠦ᠍ ᠵᠣᠷᠢᠭ᠍ᠵᠢᠭᠤᠯᠵᠤ᠂ ᠲᠡᠳᠡᠨ᠎ᠦ ᠡᠷᠡᠭᠦᠯ ᠴᠢᠭᠢᠷᠠᠭ ᠤᠷᠳᠤ ᠨᠠᠰᠤᠯᠠᠵᠤ᠂ ᠴᠠᠭᠠᠨ ᠰᠠᠷ᠎ᠠ᠎ᠳᠠᠭᠠᠨ ᠪᠠᠶᠠᠷ ᠬᠦᠷ ᠲᠠᠢ ᠪᠠᠢᠬᠤ᠎ᠶ᠋ᠢ ᠬᠦᠰᠡᠨ ᠵᠥᠩᠨᠡᠪᠡ᠃

ᠳ᠋ᠦᠩ ᠴᠧᠩ ᠲᠣᠭᠣᠷᠢᠭ᠎ᠤᠨ ᠯᠦᠩ ᠹᠦ᠋ ᠰᠧ ᠵᠡᠭᠡᠯᠢ ᠲᠣᠭᠣᠷᠢᠭ ᠨᠢ ᠳᠦᠷᠢ ᠲᠥᠷᠬᠦ᠌᠎ᠶ᠋ᠢ ᠬᠠᠮᠠᠭᠠᠯᠠᠬᠤ ᠪᠠ ᠱᠢᠨᠡᠳᠭᠡᠨ ᠥᠭᠡᠷᠡᠴᠢᠯᠡᠬᠦ᠌ ᠪᠡᠷ ᠳᠠᠮᠵᠢᠨ᠂ ᠣᠯᠠᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠶᠠᠪᠠᠭᠠᠨ ᠵᠡᠭᠡᠯᠢ ᠲᠣᠭᠣᠷᠢᠭ ᠪᠣᠯᠪᠠ᠃ ᠰᠢ ᠵᠢᠨ ᠫᠢᠩ ᠵᠡᠭᠡᠯᠢ ᠭᠤᠳᠤᠮᠵᠢ᠎ᠶ᠋ᠢᠨ ᠳᠦᠷᠰᠦ ᠪᠠᠢᠳᠠᠯ᠎ᠢ ᠪᠠᠢᠴᠠᠭᠠᠨ ᠦᠵᠡᠵᠦ᠍᠂ ᠬᠤᠳᠠ᠎ᠶ᠋ᠢᠨ ᠱᠢᠨᠡᠴᠢᠯᠡᠯᠲᠡ᠎ᠶ᠋ᠢᠨ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠪᠠ᠃ ᠲᠡᠷᠡ ᠳ᠋ᠤᠤ ᠱᠢᠶᠠᠩ ᠼᠦᠨ ᠪᠣᠭᠣᠷᠰᠣᠭ᠎ᠤᠨ ᠳᠡᠯᠭᠡᠭᠦᠷ᠎ᠲᠦ ᠬᠦᠷᠴᠦ᠍᠂ ᠪᠣᠭᠣᠷᠰᠣᠭ᠎ᠤᠨ ᠲᠦᠷᠦᠯ ᠵᠦᠢᠯ ᠪᠣᠯᠤᠨ ᠣᠨᠴᠠᠯᠢᠭ᠎ᠢ ᠣᠢᠯᠠᠭᠠᠵᠤ᠂ ᠪᠣᠭᠣᠷᠰᠣᠭ ᠎ᠤᠨ ᠲᠤᠬᠠᠢ᠎ᠶ᠋ᠢᠨ ᠲᠠᠯᠠᠪᠠᠢ᠎ᠶ᠋ᠢᠨ ᠦᠢᠯᠡᠳᠭᠡᠯ᠎ᠢ ᠰᠣᠨᠢᠷᠬᠠᠵᠤ᠂ ᠡᠨᠡ ᠬᠦ᠌ ᠪᠡᠭᠡᠵᠢᠩ ᠎ᠦᠨ ᠬᠠᠭᠤᠴᠢᠨ ᠲᠦᠷᠦᠯ ᠲᠡᠮᠳᠡᠭ ᠎ᠢ ᠰᠠᠢᠲᠤᠷ ᠤᠯᠠᠮᠵᠢᠯᠠᠨ ᠬᠥᠭ᠌ᠵᠢᠭᠦᠯᠬᠦ᠌᠎ᠶ᠋ᠢ ᠳᠡᠯᠭᠡᠭᠦᠷ᠎ᠦᠨ ᠡᠵᠡᠨ᠎ᠳᠤ ᠬᠦᠰᠡᠪᠡ᠃

ᠪᠢᠯᠢᠭ᠎ᠦᠨ ᠤᠯᠠᠷᠢᠯ᠎ᠤᠨ ᠪᠠᠭ᠎ᠠ ᠴᠠᠭᠠᠨ ᠰᠠᠷ᠎ᠠ ᠲᠤᠬᠢᠶᠠᠵᠤ᠂ ᠯᠦᠩ ᠹᠦ᠋ ᠲᠣᠮᠣ ᠠᠰᠠᠷ᠎ᠤᠨ ᠡᠮᠦᠨ᠎ᠡ᠂ ᠴᠠᠭᠠᠨ ᠰᠠᠷ᠎ᠠ᠎ᠶ᠋ᠢᠨ ᠴᠤᠬᠯᠠᠭ᠎ᠠ ᠮᠠᠢᠮᠠᠢ ᠶᠡᠬᠡ ᠬᠡᠮᠵᠢᠶᠡᠨ᠎ᠦ ᠬᠣᠲᠠ᠎ᠶ᠋ᠢᠨ ᠠᠷᠠᠳ ᠪᠣᠯᠤᠨ ᠵᠢᠭᠤᠯᠴᠢᠯᠠᠬᠰᠡᠳ᠎ᠢ ᠲᠠᠲᠠᠵᠠᠶ᠃ ᠰᠢ ᠵᠢᠨ ᠫᠢᠩ ᠴᠠᠭᠠᠨ ᠰᠠᠷ᠎ᠠ᠎ᠶ᠋ᠢᠨ ᠡᠯ᠎ᠡ ᠵᠦᠢᠯ᠎ᠦᠨ ᠪᠠᠷᠠᠭᠠᠨ᠎ᠤ ᠳᠡᠯᠭᠡᠭᠦᠷ᠎ᠢ ᠪᠠᠢᠴᠠᠭᠠᠨ ᠦᠵᠡᠵᠦ᠍᠂ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ᠎ᠲᠡᠶ ᠳᠣᠲᠣᠨᠣ ᠶᠠᠷᠢᠯᠴᠠᠪᠠ᠃ ᠲᠡᠷᠡ ᠤᠯᠠᠨ᠎ᠳᠤ ᠪᠠᠭ᠎ᠠ᠎ᠶ᠋ᠢᠨ ᠦᠶ᠎ᠡ᠎ᠳᠡᠭᠡᠨ ᠯᠦᠡᠭ ᠹᠦ᠋ ᠰᠧ ᠳ᠋ᠤ ᠤᠯᠠᠨ ᠤᠳᠠᠭ᠎ᠠ ᠣᠴᠢᠭ᠍ᠰᠠᠨ ᠪᠠᠢᠳᠠᠯ᠎ᠢᠶᠠᠨ ᠪᠠᠶᠠᠷ ᠬᠦᠷ᠎ᠲᠡᠶ ᠶᠠᠷᠢᠵᠤ᠂ ᠪᠠᠰᠠ ᠬᠡᠳᠦᠨ ᠬᠤᠪᠢ ᠤᠨᠴᠠᠯᠢᠭ᠍ᠳᠤ ᠢᠳᠡᠭᠡᠨ ᠪᠠ ᠰᠣᠶᠣᠯ᠎ᠤᠨ ᠪᠦᠳᠦᠭᠡᠯᠴᠢ ᠦᠢᠯᠡᠳᠭᠦᠨ ᠬᠤᠳᠠᠯᠳᠤᠨ ᠠᠪᠤᠪᠠ᠃

ᠵᠡᠭᠡᠯᠢ ᠳᠡᠭᠡᠷ᠎ᠡ᠂ ᠵᠢᠩ ᠰᠢ᠎ᠶ᠋ᠢᠨ ᠲᠠᠢᠪᠤᠩ ᠬᠡᠩᠭᠡᠷᠭᠡ᠎ᠶ᠋ᠢᠨ ᠲᠣᠭ᠍ᠯᠠᠯᠲᠠ ᠬᠦᠷ ᠬᠦᠭᠵᠢᠶᠠᠨ ᠵᠢᠡᠷ ᠪᠢᠯᠬᠠᠨ᠎ᠠ᠃ ᠶᠡᠷᠦᠩᠬᠡᠢ ᠱᠦᠵᠢ ᠢᠷᠡᠭ᠌ᠰᠡᠨ᠎ᠢ ᠦᠵᠡᠭᠡᠳ᠂ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ ᠬᠠᠯᠠᠭᠤᠨ᠎ᠢᠶᠠᠷ ᠮᠡᠨᠳᠦᠴᠢᠯᠡᠪᠡ᠃ ᠰᠢ ᠵᠢᠨ ᠫᠢᠩ ᠪᠡᠭᠡᠵᠢᠩ ᠬᠤᠳᠠ᠎ᠶ᠋ᠢᠨ ᠠᠷᠠᠳ ᠲᠦᠮᠡᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠱᠢᠨ᠎ᠡ᠎ᠵᠢᠯ ᠤ᠋ᠨ ᠮᠡᠨᠳᠦᠴᠢᠯᠠᠯ ᠬᠦᠷᠭᠡᠵᠡᠢ᠃ ᠲᠡᠷᠡ᠂ ᠡᠨᠡ ᠡᠳᠦᠷ ᠪᠣᠯ ᠤᠮᠠᠷᠠᠲᠤ ᠣᠷᠣᠨ᠎ᠤ 《ᠪᠠᠭ᠎ᠠ ᠴᠠᠭᠠᠨ ᠰᠠᠷ᠎ᠠ》 ᠪᠣᠯᠤᠨ᠎ᠠ᠂ ᠪᠢ ᠲᠤᠰᠭᠠᠢᠯᠠᠨ ᠤᠯᠠᠨ᠎ᠲᠠᠶ ᠬᠠᠮᠲᠤ 《ᠪᠠᠭ᠎ᠠ ᠴᠠᠭᠠᠨ ᠰᠠᠷ᠎ᠠ ᠵᠢᠨ ᠪᠠᠶᠠᠷ᠎ᠢ ᠤᠭ᠍ᠲᠤᠵᠤ ᠪᠠᠢᠨ᠎ᠠ》ᠭᠡᠵᠦ᠍ ᠬᠡᠯᠡᠪᠡ᠃ ᠡᠨᠳᠡ ᠬᠥᠷ ᠬᠥᠭ᠌ᠵᠢᠶᠡᠨ᠎ᠲᠡᠶ᠂ ᠪᠠᠶᠠᠷ ᠬᠥᠷ᠎ᠲᠡᠶ᠂ ᠱᠢᠨ᠎ᠡ ᠵᠢᠯ᠎ᠦᠨ ᠦᠨᠦᠷ ᠠᠮᠲᠠ ᠮᠠᠰᠢ ᠥᠳᠭᠡᠨ᠂ ᠱᠢᠨ᠎ᠡ ᠵᠢᠯ᠎ᠦᠨ ᠪᠠᠷᠠᠭ᠎ᠠ ᠭᠦᠶ᠋ᠴᠡᠳ ᠪᠠᠢᠬᠤ᠎ᠶ᠋ᠢ ᠦᠵᠡᠭᠡᠳ ᠮᠠᠰᠢ ᠪᠠᠶᠠᠷᠯᠠᠵᠤ ᠪᠠᠢᠨ᠎ᠠ᠃ ᠱᠢᠨᠡᠯᠡᠬᠦ᠌ ᠨᠢ ᠠᠷᠠᠳ ᠤᠯᠠᠨ᠎ᠳᠤ ᠠᠪᠴᠤ᠌ ᠬᠡᠯᠡᠪᠡᠯ ᠶᠡᠬᠡ ᠶᠠᠪᠤᠳᠠᠯ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠶᠤᠯᠭᠦᠢ ᠦᠢᠯᠡᠳᠪᠦᠷᠢᠯᠡᠯ᠎ᠢ ᠦᠨᠡᠨ ᠬᠦ᠌ ᠰᠠᠢᠲᠤᠷ ᠠᠳᠭᠤᠵᠤ᠂ ᠥᠷᠭᠡᠨ ᠤᠯᠠᠨ ᠠᠷᠠᠳ ᠲᠦᠮᠡᠨ᠎ᠦ ᠪᠠᠶᠠᠷ ᠬᠦᠷ᠎ᠲᠡᠶ᠎ᠱᠢᠨᠡᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠤ ᠬᠡᠯᠡᠪᠡ᠃

ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠰᠢ ᠵᠢᠨ ᠫᠢᠩ ᠪᠡᠭᠡᠵᠢᠩ ᠬᠤᠳᠠ᠎ᠶ᠋ᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠡᠭᠡᠵᠢᠩ ᠎ᠦᠨ ᠡᠯ᠎ᠡ ᠵᠦᠢᠯ᠎ᠦᠨ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠨᠤᠲᠠᠯᠠᠪᠠ᠃

ᠰᠢ ᠵᠢᠨ ᠫᠢᠩ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠪᠡᠭᠡᠵᠢᠩ᠎ᠦᠨ ᠬᠢᠨ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠭ᠍ᠰᠠᠨ ᠬᠤᠳᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠠᠷᠢᠯᠢᠭ ᠤᠨᠤᠪᠴᠢᠳᠠᠢ ᠪᠣᠳᠠᠲᠠᠢ᠎ᠶ᠋ᠢ ᠡᠷᠬᠢᠮᠯᠡᠨ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ ᠎ᠶ᠋ᠢ ᠤᠷᠢᠳ ᠎ᠢᠶᠠᠷ ᠦᠨᠳᠦᠰᠦᠨ᠎ᠳᠡᠭᠡᠨ ᠪᠡᠶᠡᠯᠡᠭᠦᠯᠬᠦ᠌ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ ᠎ᠶ᠋ᠢ ᠦᠨᠡᠨ ᠬᠦ᠌ ᠪᠠᠲᠤᠯᠠᠵᠤ᠂ ᠪᠦᠬᠦ᠌ ᠤᠯᠤᠰ᠎ᠲᠤ ᠵᠢᠱ᠌ᠢᠢ᠎ᠡ ᠦᠵᠡᠭᠦᠯᠬᠦ᠌ ᠦᠢᠯᠡᠳᠦᠯ᠎ᠢᠶᠡᠨ ᠪᠠᠳᠠᠷᠠᠭᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠪᠡᠭᠡᠵᠢᠩ ᠨᠢ ᠬᠤᠳᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠳᠦ ᠰᠠᠭᠤᠷᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠤᠳᠤᠷᠢᠳᠤᠮᠵᠢ᠎ᠶ᠋ᠢ ᠤᠯᠠᠮ ᠪᠠᠲᠤ ᠪᠤᠢ ᠪᠣᠯᠭᠠᠵᠤ᠂ ᠨᠡᠮᠡᠭ᠌ᠳᠡᠯ᠎ᠲᠡᠶ ᠬᠠᠰᠤᠭ᠍ᠳᠠᠯ᠎ᠲᠠᠶ᠂ ᠪᠠᠲᠤᠯᠠᠭ᠎ᠠ᠎ᠲᠠᠶ ᠳᠠᠷᠤᠯᠲᠠ᠎ᠲᠠᠶ ᠪᠠᠢᠬᠤ ᠳᠤᠮᠳᠠ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠣᠯᠤᠨ ᠲᠤᠭ᠎ᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠠᠬᠢᠭᠤᠯᠬᠤ ᠬᠡᠷᠡᠭ᠌ᠲᠡᠢ᠃ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠲᠠᠷᠬᠠᠭᠠᠨ ᠵᠣᠬᠢᠴᠠᠭᠤᠯᠬᠤ ᠡᠨᠡ ᠬᠦ᠌ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠭ᠍ᠰᠠᠨ ᠬᠥᠭ᠌ᠵᠢᠯᠲᠡ᠎ᠶ᠋ᠢ ᠠᠬᠢᠭᠤᠯᠬᠤ《ᠵᠢᠯᠤᠭᠤ》᠎ᠶ᠋ᠢ ᠠᠳᠭᠤᠵᠤ᠂ ᠨᠡᠮᠡᠭ᠌ᠳᠡᠯ᠎ᠢ ᠬᠢᠵᠠᠭᠠᠷᠯᠠᠬᠤ ᠪᠠ ᠨᠦᠭᠡᠴᠡ᠎ᠶ᠋ᠢ ᠲᠠᠷᠬᠠᠭᠠᠬᠤ᠎ᠶ᠋ᠢ ᠤᠶᠠᠯᠳᠤᠭᠤᠯᠬᠤ᠂ ᠬᠣᠶᠠᠷ ᠲᠠᠯ᠎ᠠ᠎ᠶ᠋ᠢ ᠠᠳᠭᠤᠬᠤ᠎ᠶ᠋ᠢ ᠪᠠᠷᠢᠮᠲᠠᠯᠠᠨ᠂ ᠲᠠᠷᠬᠠᠭᠠᠨ ᠵᠣᠬᠢᠴᠠᠭᠤᠯᠬᠤ ᠪᠠ ᠳᠡᠭᠡᠭ᠌ᠰᠢᠯᠡᠭᠦᠯᠬᠦ᠌᠎ᠶ᠋ᠢ ᠣᠷᠭᠠᠨᠢᠭ᠎ᠢᠶᠠᠷ ᠨᠢᠭᠡᠳᠭᠡᠵᠦ᠍᠂ ᠬᠠᠷᠢᠯᠴᠠᠨ ᠠᠬᠢᠭᠤᠯᠬᠤ᠎ᠶ᠋ᠢ ᠪᠡᠶᠡᠯᠡᠭᠦᠯᠬᠦ ᠬᠡᠷᠡᠭᠲᠡᠢ᠃ ᠪᠡᠭᠡᠵᠢᠩ(ᠪᠡᠭᠡᠵᠢᠩ ᠲᠢᠶᠠᠨᠵᠢᠨ ᠾᠧᠪᠧᠢ)᠎ᠤ᠋ᠨ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠦᠷᠢᠶ᠎ᠡ ᠬᠡᠪᠴᠢᠶ᠎ᠡ᠎ᠪᠡᠨ ᠥᠷᠭᠡᠳᠭᠡᠬᠦ᠌ ᠠᠵᠠ ᠲᠣᠬᠢᠶᠠᠯ ᠢ᠋ ᠡᠵᠡᠮᠳᠡᠨ᠂ ᠲᠢᠶᠠᠨᠵᠢᠨ᠂ ᠾᠧᠪᠧᠢ᠎ᠯᠦᠭᠡ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠪᠡᠭᠡᠵᠢᠩ ᠲᠢᠶᠠᠨᠵᠢᠨ ᠾᠧᠪᠧᠢ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠴᠢᠩᠭᠠᠳᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠶᠡᠬᠡ᠎ᠪᠡᠷ ᠬᠥᠭ᠌ᠵᠢᠭᠦᠯᠬᠦ ᠬᠡᠷᠡᠭᠲᠡᠢ᠃ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠢ ᠰᠠᠢᠲᠤᠷ ᠬᠡᠷᠡᠭ᠌ᠯᠡᠵᠦ᠍᠂ ᠰᠣᠶᠣᠯ ᠬᠤᠳᠠᠯᠳᠤᠭ᠎ᠠ ᠵᠢᠭᠤᠯᠴᠢᠯᠠᠯ ᠪᠡᠶ᠎ᠡ᠎ᠶ᠋ᠢᠨ ᠲᠠᠮᠢᠷ ᠦᠵᠡᠰᠭᠦᠯᠡᠩ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭᠲᠡᠢ᠃ ᠶᠡᠬᠡ ᠬᠤᠲᠠ ᠨᠢ ᠶᠡᠬᠡ ᠬᠤᠲᠠ᠎ᠶ᠋ᠢᠨ ᠲᠡᠭᠦᠷᠭᠡ᠎ᠶᠢ ᠲᠠᠢᠴᠢᠯᠠᠬᠤ᠂ ᠶᠡᠬᠡ ᠬᠤᠲᠠ᠎ᠶ᠋ᠢᠨ ᠲᠡᠭᠦᠷᠭᠡ᠎ᠨᠢ ᠶᠡᠬᠡ ᠬᠤᠳᠠ ᠳ᠋ᠦ ᠦᠢᠯᠡᠴᠢᠯᠡᠬᠦ ᠎ᠶ᠋ᠢ ᠪᠠᠷᠢᠮᠲᠠᠯᠠᠵᠤ᠂ ᠬᠤᠲᠠ ᠬᠥᠳᠡᠭᠡ᠎ᠶ᠋ᠢ ᠨᠢᠭᠡ ᠴᠤᠭ᠍ᠴᠠᠵᠢᠭᠤᠯᠬᠤ ᠲᠥᠯᠥᠪᠵᠢᠭᠦᠯᠭᠡ᠎ᠶ᠋ᠢ ᠴᠢᠩᠭᠠᠳᠭᠠᠵᠤ᠂ ᠬᠤᠲᠠ ᠬᠥᠳᠡᠭᠡ᠎ᠶ᠋ᠢ ᠬᠣᠯᠪᠣᠯᠳᠤᠭᠤᠯᠤᠨ ᠬᠥᠭ᠌ᠵᠢᠭᠦᠯᠬᠦ᠌᠂ ᠠᠭᠤᠰᠤᠯᠴᠠᠭᠤᠯᠤᠨ ᠬᠥᠭ᠌ᠵᠢᠭᠦᠯᠬᠦ᠌᠂ ᠵᠣᠬᠢᠴᠠᠩᠭᠤᠢ ᠬᠥᠭ᠌ᠵᠢᠭᠦᠯᠬᠦ᠌᠎ᠶ᠋ᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠪᠠᠢᠭᠤᠯᠤᠯ᠎ᠦᠨ ᠬᠡᠯᠪᠡᠷᠢ᠎ᠶ᠋ᠢᠨ ᠨᠡᠭᠡᠭᠡᠯᠳᠡ᠎ᠶ᠋ᠢ ᠥᠷᠭᠡᠳᠭᠡᠨ᠂ ᠪᠦᠬᠦ᠌ ᠤᠯᠤᠰ᠎ᠲᠤ ᠲᠡᠷᠡ ᠬᠡᠪ᠎ᠢᠶᠡᠷ ᠨᠢ ᠳᠡᠯᠭᠡᠷᠡᠭᠦᠯᠵᠦ᠍ ᠪᠣᠯᠬᠤ ᠲᠤᠷᠱᠢᠯᠭ᠎ᠠ᠎ᠶ᠋ᠢ ᠴᠢᠷᠮᠠᠢᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠪᠡᠭᠡᠵᠢᠩ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠡᠶ᠎ᠡ ᠵᠣᠬᠢᠴᠠᠩᠭᠤᠢ ᠤᠷᠤᠰᠢᠨ ᠰᠠᠭᠤᠷᠢᠰᠢᠬᠤ᠎ᠳᠤ ᠲᠣᠬᠢᠷᠡᠮᠵᠢᠳᠡᠢ ᠨᠡᠢᠰᠯᠡᠯ᠎ᠢ ᠪᠠᠢᠭᠤᠯᠬᠤ᠎ᠳᠤ ᠡᠷᠬᠡᠪᠰᠢ ᠬᠠᠮᠤᠭ᠎ᠤᠨ ᠰᠠᠢᠬᠠᠨ ᠭᠠᠵᠠᠷ᠎ᠤᠨ ᠪᠠᠷᠢᠮᠵᠢᠶ᠎ᠠ᠎ᠪᠠᠷ ᠬᠤᠳᠠ᠎ᠶ᠋ᠢᠨ ᠵᠠᠰᠠᠯᠲᠠ᠎ᠶ᠋ᠢ ᠠᠬᠢᠭᠤᠯᠬᠤ ᠬᠡᠷᠡᠭ᠌ᠲᠡᠢ᠃ ᠬᠤᠳᠠ ᠬᠥᠳᠡᠭᠡ᠎ᠶ᠋ᠢᠨ ᠦᠨᠳᠦᠰᠦᠨ ᠱᠠᠲᠤᠨ᠎ᠤ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠳᠠ᠎ᠶ᠋ᠢᠨ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠠᠷᠠᠳ ᠲᠦᠮᠡᠨ᠎ᠦ ᠬᠣᠲᠠ᠎ᠶ᠋ᠢᠨ ᠣᠢᠯᠠᠭᠠᠭᠳᠠᠬᠤᠨ᠎ᠢ ᠪᠠᠷᠢᠮᠲᠠᠯᠠᠨ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠬᠦᠴᠦᠯᠡᠨ ᠪᠦᠷᠢᠨᠱᠢᠭᠦᠯᠵᠦ᠍᠂《ᠵᠠᠷᠭᠤ᠎ᠶ᠋ᠢ ᠬᠦᠯᠢᠶᠡᠨ ᠠᠪᠤᠪᠠᠯ ᠳᠠᠷᠤᠢᠬᠠᠨ ᠭᠦᠢᠴᠡᠳᠭᠡᠬᠦ᠌》 ᠵᠡᠷᠭᠡ ᠲᠣᠭ᠍ᠲᠠᠴᠠ᠎ᠶ᠋ᠢ ᠰᠠᠢᠲᠤᠷ ᠬᠡᠷᠡᠭ᠌ᠯᠡᠨ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠢ ᠯᠠᠪᠳᠠᠭᠤᠨ ᠪᠠᠲᠤᠲᠠᠶ ᠱᠢᠶ᠋ᠳᠪᠦᠷᠢᠯᠡᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠥᠷᠥᠰᠥ᠍ ᠱᠢᠷᠣᠢ᠎ᠶ᠋ᠢᠨ ᠣᠷᠴᠢᠨ ᠲᠤᠭᠤᠷᠢᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠡᠬᠢᠵᠢᠭᠦᠯᠵᠦ᠍᠂ ᠱᠢᠨ᠎ᠡ ᠪᠣᠬᠢᠷ ᠪᠣᠳᠠᠰ᠎ᠢ ᠵᠠᠰᠠᠬᠤ ᠪᠠ ᠠᠮᠢᠳᠤᠷᠠᠯ᠎ᠤᠨ ᠬᠣᠭ ᠨᠣᠪᠰᠢ᠎ᠶ᠋ᠢ ᠲᠦᠷᠦᠯ ᠬᠤᠪᠢᠶᠠᠨ ᠱᠢᠢᠳᠪᠦᠷᠢᠯᠡᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠤᠷᠤᠰᠢᠨ ᠰᠠᠭᠤᠷᠢᠰᠢᠬᠤ ᠳ᠋ᠦ ᠲᠤᠬᠢᠷᠠᠮᠵᠢᠳᠠᠢ ᠭᠡᠷ ᠣᠷᠣᠨ᠎ᠢ ᠪᠠᠢᠭᠤᠯᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶ᠋ᠢ ᠴᠢᠩᠭᠠᠳᠭᠠᠵᠤ᠂ ᠬᠣᠲᠠ᠎ᠶ᠋ᠢᠨ ᠵᠠᠰᠠᠯᠲᠠ᠎ᠶ᠋ᠢ ᠨᠠᠩ ᠥᠨᠳᠥᠷ ᠪᠦᠲᠦᠮᠵᠢᠲᠡᠶ᠂ ᠨᠠᠷᠢᠯᠢᠭ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠡᠷᠬᠡᠪᠰᠢ ᠨᠡᠩ ᠥᠨᠳᠥᠷ ᠪᠠᠷᠢᠮᠵᠢᠶ᠎ᠠ ᠪᠣᠯᠤᠨ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠣᠪᠣᠢᠮ᠎ᠠ ᠰᠠᠢᠲᠤᠷ ᠠᠳᠭᠤᠵᠤ᠂ ᠱᠢᠯᠭᠠᠷᠠᠭ᠍ᠰᠠᠨ ᠤᠯᠤᠰ ᠲᠥᠷᠥ᠎ᠶ᠋ᠢᠨ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠬᠥᠮᠦᠨ ᠰᠣᠩᠭᠣᠵᠦ ᠬᠦᠮᠤᠨ ᠬᠡᠷᠡᠭ᠌ᠯᠡᠬᠦ᠌ ᠪᠣᠭᠣᠮᠲᠠ᠎ᠶ᠋ᠢ ᠴᠢᠩᠭ᠎ᠠ ᠠᠳᠭᠤᠵᠤ᠂ ᠡᠯ᠎ᠡ ᠱᠠᠲᠤᠨ᠎ᠤ ᠤᠳᠤᠷᠢᠳᠭᠤ ᠪᠠᠭ᠎ᠲᠤ ᠱᠢᠯᠢᠳᠡᠭ᠎ᠢ ᠨᠢ ᠰᠣᠩᠭᠣᠨ ᠴᠢᠳᠠᠯ ᠲᠠᠢ ᠵᠢ ᠨᠢ ᠲᠣᠬᠢᠷᠠᠭᠤᠯᠬᠤ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ᠎ᠢ ᠴᠢᠩᠭᠠᠳᠭᠠᠵᠤ᠂ ᠺᠠᠳ᠋ᠷ ᠎ᠤᠨ ᠡᠩᠨᠡᠭᠡᠨ᠎ᠦ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠴᠢᠳᠠᠪᠤᠷᠢ ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃ ᠨᠠᠮ᠎ᠤᠨ ᠭᠡᠱᠢᠭᠦᠨ ᠺᠠᠳ᠋ᠷᠴᠤᠳ᠎ᠢ ᠬᠦᠳᠦᠯᠦᠨ ᠵᠢᠯᠣᠭᠣᠳᠴᠤ᠌  ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠴᠢᠳᠠᠬᠤ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ ᠬᠡᠷᠡᠭᠲᠡᠢ᠃ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ ᠎ᠢ ᠡᠰᠡᠷᠭᠦᠴᠡᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠠ ᠨᠥᠬᠥᠴᠡᠯ᠎ᠢ ᠬᠦᠴᠦᠯᠡᠨ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠢᠷᠮᠠᠢᠨ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠪᠠᠷ᠎ᠠ ᠪᠤᠯᠵᠤ ᠱᠢᠨᠵᠢᠯᠡᠨ ᠪᠠᠢᠴᠠᠭᠠᠪᠠ᠃

ᠾᠧ ᠯᠢ ᠹᠸᠩ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠤᠯᠵᠤ ᠱᠢᠨᠵᠢᠯᠡᠨ ᠪᠠᠢᠴᠠᠭᠠᠪᠠ᠃ 


ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号