ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠤᠨ 2026 ᠣᠨ᠎ᠤ ᠠᠩᠬᠠᠳᠤᠭᠠᠷ ᠤᠳᠠᠭ᠎ᠠ᠎ᠶᠢᠨ ᠪᠥᠬᠥᠳᠡ (ᠥᠷᠭᠡᠳᠬᠡᠭᠰᠡᠨ) ᠬᠤᠷᠠᠯ ᠬᠤᠷᠠᠯᠳᠤᠪᠠ
2026-02-11 09:34:44
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠱᠢ ᠭᠤᠸᠠᠩ ᠬᠤᠢ ᠶᠠᠷᠢᠶ᠎ᠠ ᠲᠠᠯᠪᠢᠵᠤ   ᠵᠧᠩ ᠭᠤᠸᠠᠩ ᠵᠤᠤ ᠬᠤᠷᠠᠯ᠎ᠢ ᠡᠷᠭᠢᠯᠡᠪᠡ


2 ᠰᠠᠷ᠎ᠠ᠎ᠶᠢᠨ 9᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠤᠨ 2026 ᠣᠨ᠎ᠤ ᠠᠩᠬᠠᠳᠤᠭᠠᠷ ᠤᠳᠠᠭ᠎ᠠ᠎ᠶᠢᠨ ᠪᠦᠬᠦᠳᠠ (ᠥᠷᠭᠡᠳᠬᠡᠭᠰᠡᠨ) ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠤᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠳᠠᠷᠤᠭ᠎ᠠ ᠵᠧᠩ ᠭᠤᠸᠠᠩ ᠵᠤᠤ ᠬᠤᠷᠠᠯ᠎ᠢ ᠡᠷᠭᠢᠯᠡᠪᠡ᠃

ᠬᠤᠷᠠᠯ᠎ᠡᠴᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠵᠠᠬᠢᠳᠠᠯ ᠰᠣᠷᠪᠤᠯᠵᠢᠯᠠᠯ᠎ᠤᠨ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠤᠨ᠂ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠤᠯᠢᠵᠢᠯᠳᠠ ᠪᠠᠷ ᠭᠣᠣᠯ ᠰᠢᠵᠢᠮ ᠪᠣᠯᠭᠠᠬᠤ᠎ᠶᠢ ᠬᠦᠴᠦᠯᠡᠨ ᠠᠬᠢᠭᠤᠯᠵᠤ᠂ ᠳᠦᠷᠢᠮ ᠲᠣᠭᠲᠠᠴᠠ ᠪᠠ ᠵᠢᠷᠤᠮᠵᠢᠭᠰᠠᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ 《ᠳᠥᠷᠪᠡᠨ ᠬᠢᠪᠡᠰᠤ ᠵᠤᠬᠢᠬᠤ ᠠᠵᠢᠯ ᠢ᠋ ᠦᠯᠦ ᠬᠢᠬᠦ》 ᠠᠰᠠᠭᠤᠳᠠᠯ᠎ᠢ ᠬᠦᠴᠦᠲᠡᠢ ᠵᠠᠯᠠᠷᠠᠭᠤᠯᠤᠨ ᠵᠠᠰᠠᠵᠤ᠂ ᠬᠠᠤᠯᠢ᠎ᠪᠠᠷ ᠵᠠᠰᠠᠬᠤ 《ᠵᠠᠮ ᠱᠤᠭᠤᠮ᠎ᠤᠨ ᠵᠢᠷᠤᠭ》 ᠢ᠋ ᠰᠠᠢᠲᠤᠷ ᠬᠡᠷᠡᠭᠯᠡᠬᠦ ᠵᠢ ᠨᠠᠢᠲᠠᠪᠤᠷᠢᠵᠢᠭᠤᠯᠵᠦ᠂ ᠵᠠᠬᠢᠳᠠᠯ ᠰᠣᠷᠪᠤᠯᠵᠢᠯᠠᠯ᠎ᠤᠨ ᠡᠮᠬᠢ ᠵᠢᠷᠤᠮ᠎ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ 《ᠶᠡᠬᠡ ᠪᠡᠷ ᠰᠤᠷᠪᠤᠯᠵᠢᠯᠠᠬᠤ᠂ ᠶᠡᠬᠡ ᠪᠡᠷ ᠵᠢᠭ᠍ᠰᠠᠭᠠᠨ ᠪᠠᠢᠴᠠᠭᠠᠬᠤ᠂ ᠶᠡᠬᠡ ᠪᠡᠷ ᠨᠠᠮᠳᠠᠭᠤᠯᠬᠤ》 ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠵᠥᠷᠢᠴᠡᠯ᠎ᠢ ᠨᠠᠮᠳᠠᠭᠤᠯᠬᠤ ᠪᠣᠭᠣᠮᠲᠠ ᠰᠢᠪᠲᠤᠯᠬᠤ ᠪᠠ ᠵᠠᠬᠢᠳᠠᠯ ᠰᠣᠷᠪᠤᠯᠵᠢᠯᠠᠯ᠎ᠤᠨ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠨᠠᠩ ᠰᠠᠢᠲᠤᠷ ᠬᠠᠮᠠᠭᠠᠯᠠᠵᠤ᠂ ᠨᠡᠢᠭᠡᠮ᠎ᠦᠨ ᠡᠶ᠎ᠡ ᠵᠣᠬᠢᠴᠠᠯ᠎ᠲᠠᠢ ᠲᠣᠭᠲᠠᠭᠤᠨ ᠪᠠᠢᠳᠠᠯ᠎ᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠬᠤᠷᠠᠯ ᠨᠢ ᠸᠢᠳᠢᠤ᠋᠎ᠶᠢᠨ ᠬᠡᠯᠪᠡᠷᠢ᠎ᠪᠡᠷ ᠡᠯ᠎ᠡ ᠠᠢᠮᠠᠭ ᠬᠤᠳᠠ ᠬᠦᠷᠲᠡᠯ᠎ᠡ ᠬᠤᠷᠠᠯᠳᠤᠭᠤᠯᠵᠦ᠂ 2 ᠠᠢᠮᠠᠭ ᠬᠤᠳᠠ᠂ 2 ᠲᠢᠩᠬᠢᠮ ᠲᠣᠪᠴᠢᠶ᠎ᠠ ᠵᠢᠨ ᠬᠢᠨ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号