— 2025 ᠣᠨ ᠤ᠋ ᠪᠦᠬᠦ ᠣᠷᠣᠨ ᠤ᠋ ᠠᠬᠠᠮᠠᠳ ᠺᠠᠳ᠋ᠷᠴᠤᠳ ᠤ᠋ᠨ ᠠᠵᠢᠯ ᠰᠢᠨ᠎ᠡ ᠦᠷ᠎ᠡ ᠪᠦᠲᠦᠮᠵᠢ ᠣᠯᠪᠠ
ᠠᠬᠠᠮᠠᠳ ᠺᠠᠳ᠋ᠷ ᠪᠣᠯ ᠨᠠᠮ ᠤ᠋ᠨ ᠲᠥᠷᠥ ᠪᠠᠷᠢᠵᠤ ᠤᠯᠤᠰ ᠵᠢᠠᠨ ᠮᠠᠨᠳᠤᠭᠤᠯᠬᠤ ᠴᠢᠬᠤᠯᠠ ᠡᠬᠢ ᠪᠠᠶᠠᠯᠢᠭ ᠪᠤᠯᠤᠨ᠎ᠠ᠂ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠠᠭᠤᠤ ᠶᠡᠬᠡ ᠦᠢᠯᠡᠰ ᠢ᠋ ᠠᠬᠢᠭᠤᠯᠬᠤ ᠴᠢᠬᠤᠯᠠ ᠬᠦᠴᠦᠨ ᠪᠤᠯᠬᠤ ᠶᠤᠮ ᠃
2025 ᠣᠨ ᠳ᠋ᠤ᠌ ᠪᠦᠬᠦ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠩ ᠰᠡᠳᠬᠢᠯ ᠤ᠋ᠨ ᠨᠠᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠠᠷ ᠭᠣᠣᠯ ᠰᠢᠵᠢᠮ ᠪᠣᠯᠭᠠᠵᠤ᠂ ᠠᠵᠢᠯ ᠡᠴᠡ ᠪᠠᠨ ᠳᠠᠷᠬᠠᠯᠠᠭᠳᠠᠭᠰᠠᠨ ᠪᠠ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠨᠠᠮ ᠤ᠋ᠨ ᠪᠠᠢᠭᠤᠯᠤᠯᠲᠠ᠂ ᠦᠢᠯᠡᠳᠦᠯ ᠢ᠋ ᠪᠠᠳᠠᠷᠠᠭᠤᠯᠬᠤ᠂ ᠦᠢᠯᠡᠴᠢᠯᠡᠭᠡ ᠬᠠᠮᠢᠶᠠᠷᠤᠯᠲᠠ ᠪᠠ ᠰᠠᠯᠠᠭ᠎ᠠ ᠮᠥᠴᠢᠷ ᠤ᠋ᠨ ᠲᠤᠰ ᠪᠡᠶ᠎ᠡ ᠵᠢᠨ ᠪᠠᠢᠭᠤᠯᠤᠯᠲᠠ ᠳ᠋ᠤ᠌ ᠠᠩᠬᠠᠷᠤᠯ ᠵᠢᠠᠨ ᠬᠠᠨᠳᠤᠭᠤᠯᠤᠨ᠂ ᠪᠣᠳᠠᠲᠤ ᠠᠵᠢᠯᠯᠠᠭ᠎ᠠ ᠪᠠᠷ ᠵᠢᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠠᠢ᠃
ᠨᠠᠮ ᠤ᠋ᠨ ᠪᠠᠢᠭᠤᠯᠤᠯᠲᠠ ᠪᠠᠷ ᠬᠦᠳᠦᠯᠦᠨ ᠳᠠᠭᠠᠭᠤᠯᠵᠤ ᠨᠠᠰᠤᠲᠠᠢᠴᠤᠳ ᠤ᠋ᠨ ᠤᠭ ᠰᠠᠨᠠᠭ᠎ᠠ ᠨᠠᠡᠭ ᠪᠠᠳᠤ ᠴᠢᠡᠭᠭ᠎ᠠ ᠪᠤᠯᠪᠠ
ᠰᠠᠭᠤᠷᠢ ᠵᠢ ᠪᠡᠬᠢᠵᠢᠭᠦᠯᠪᠡᠯ ᠰᠠᠶᠢ ᠯᠠᠪᠳᠠᠭᠤᠨ ᠲᠣᠭᠲᠠᠭᠤᠨ ᠬᠣᠯᠠ ᠠᠶᠠᠯᠠᠵᠤ ᠴᠢᠳᠠᠨ᠎ᠠ᠃ ᠪᠦᠬᠦ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠵᠤ᠂ ᠤᠯᠤᠰ ᠲᠥᠷᠥ ᠵᠢᠨ ᠰᠦᠭ ᠰᠦᠨᠡᠰᠦ ᠵᠢ ᠪᠠᠲᠤ ᠱᠤᠭᠤᠵᠠᠢ᠃ ᠡᠯ᠎ᠡ ᠱᠠᠲᠤᠨ ᠤ᠋ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠦᠵᠢ᠂ ᠭᠡᠰᠢᠭᠦᠨ ᠪᠠ ᠨᠠᠮ ᠤ᠋ᠨ ᠭᠡᠰᠢᠭᠦᠨ ᠢ᠋ ᠪᠣᠯᠪᠠᠰᠤᠷᠠᠭᠤᠯᠬᠤ ᠡᠭᠡᠯᠵᠢᠯᠡᠨ ᠪᠣᠯᠪᠠᠰᠤᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠪᠦᠬᠦ ᠣᠷᠣᠨ ᠳ᠋ᠤ᠌ ᠨᠡᠢᠲᠡ 1876 ᠲᠠᠯᠠᠪᠤᠷ ᠤᠳᠠᠭ᠎ᠠ᠂ 6.7 ᠲᠦᠮᠡ ᠭᠠᠷᠤᠢ ᠬᠥᠮᠦᠨ ᠤᠳᠠᠭᠠᠳᠤ ᠪᠣᠯᠪᠠᠰᠤᠷᠠᠯ ᠬᠦᠷᠲᠡᠭᠡᠪᠡ; 24.08 ᠲᠦᠮᠡᠨ ᠠᠬᠠᠮᠠᠳ ᠨᠥᠬᠦᠷ ᠢ᠋ ᠵᠣᠬᠢᠶᠠᠨ ᠪᠠᠢᠭᠤᠯᠤᠨ ᠲᠥᠪ ᠤ᠋ᠨ ᠵᠣᠬᠢᠶᠠᠨ ᠪᠠᠢᠭᠤᠯᠬᠤ ᠬᠡᠯᠲᠡᠰ ᠤ᠋ᠨ 《ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠠᠵᠢᠯ》 ᠤ᠋ᠨ ᠵᠢᠷᠬᠢᠶ᠎ᠠ ᠵᠢᠨ ᠣᠯᠠᠨ ᠨᠡᠢᠲᠡ ᠵᠢᠨ ᠳᠠᠪᠴᠠᠩ ᠢ᠋ ᠰᠠᠢᠲᠤᠷ ᠬᠡᠷᠡᠭᠯᠡᠬᠦᠯᠵᠤ᠂ ᠪᠦᠬᠦ ᠤᠯᠤᠰ ᠤ᠋ᠨ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠮᠡᠳᠡᠭᠦᠯᠦᠯᠲᠡ ᠵᠢᠨ ᠬᠤᠷᠠᠯ ᠢ᠋ 5 ᠤᠳᠠᠭ᠎ᠠ᠂ 15 ᠲᠦᠮᠡ ᠭᠠᠷᠤᠢ ᠬᠥᠮᠦᠨ ᠤᠳᠠᠭ᠎ᠠ ᠬᠦᠯᠢᠶᠡᠨ ᠠᠪᠴᠤ ᠦᠵᠡᠵᠦ᠂ ᠪᠦᠬᠦ ᠣᠷᠣᠨ ᠤ᠋ 32.8 ᠲᠦᠮᠡ ᠭᠠᠷᠤᠢ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷ ᠨᠠᠮ ᠤ᠋ᠨ ᠭᠡᠰᠢᠭᠦᠨ ᠳ᠋ᠤ ᠲᠥᠪ ᠤ᠋ᠨ ᠨᠠᠢ᠍ᠮᠠᠨ ᠲᠣᠭᠲᠠᠭᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠬᠥᠮᠦᠵᠢᠯ ᠢ᠋ ᠥᠷᠨᠢᠭᠦᠯᠦᠨ᠂ ᠨᠠᠮ ᠤ᠋ᠨ ᠰᠢᠨ᠎ᠡ ᠡᠭᠦᠳᠦᠭᠰᠡᠨ ᠣᠨᠣᠯ ᠢ᠋ ᠲᠠᠷᠢᠬᠢᠨ ᠳ᠋ᠤᠨᠢ ᠬᠠᠳᠠᠡᠭᠰᠢᠭᠤᠯᠪᠠ᠃ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ᠋ ᠭᠦᠨᠵᠡᠭᠡᠢ ᠥᠷᠨᠢᠭᠦᠯᠵᠦ᠂ ᠠᠬᠠᠮᠠᠳ ᠨᠥᠬᠥᠳ ᠢ᠋ ᠵᠣᠬᠢᠶᠠᠨ ᠪᠠᠢᠭᠤᠯᠤᠨ᠂ ᠦᠨᠳᠦᠰᠦᠲᠡᠨ ᠤ᠋ ᠪᠦᠯᠬᠦᠮᠳᠡᠯ ᠤ᠋ᠨ ᠦᠯᠢᠭᠡᠷ ᠢ᠋ ᠰᠠᠢᠲᠤᠷ ᠶᠠᠷᠢᠭᠤᠯᠵᠤ᠂ ᠨᠠᠮ ᠤ᠋ᠨ ᠠᠴᠢ ᠳ᠋ᠦ᠍ ᠲᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠵᠢᠠᠨ ᠳᠠᠭᠠᠨ ᠤᠷᠤᠭᠰᠢᠯᠠᠬᠤ ᠵᠢ ᠠᠬᠠᠮᠠᠳ ᠨᠥᠬᠥᠳ ᠤ᠋ᠨ ᠤᠬᠠᠮᠰᠠᠷᠲᠤ ᠠᠵᠢᠯᠯᠠᠭ᠎ᠠ ᠪᠤᠯᠭᠠᠵᠠᠢ᠃
ᠵᠣᠬᠢᠶᠠᠨ ᠪᠠᠢᠭᠤᠯᠤᠯᠲᠠ ᠵᠢᠨ ᠰᠠᠭᠤᠷᠢ ᠵᠢ ᠬᠦᠴᠦᠷᠭᠡᠭᠵᠢᠭᠦᠯᠵᠤ ᠂ ᠳᠠᠢᠴᠢᠨ ᠪᠡᠬᠢᠯᠡᠯᠲᠡ ᠵᠢ ᠪᠠᠬᠢᠵᠢᠬᠦᠯᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠬᠠᠮᠠᠳ ᠺᠠᠳ᠋ᠷᠴᠤᠳ ᠤ᠋ᠨ ᠲᠣᠪᠴᠢᠶ᠎ᠠ 《ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠨᠠᠮ ᠤ᠋ᠨ ᠵᠣᠬᠢᠶᠠᠨ ᠪᠠᠢᠭᠤᠯᠤᠯᠲᠠ ᠵᠢᠨ ᠴᠣᠭᠴᠠᠯᠠᠯᠲᠠ ᠵᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ》 ᠶ᠋ᠢ ᠭᠦᠨᠵᠡᠭᠡᠢ ᠦᠷᠨᠢᠬᠦᠯᠵᠤ᠂ 5 ᠲᠠᠯ᠎ᠠ ᠪᠠᠷ 16 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠵᠣᠬᠢᠶᠠᠨ ᠪᠠᠢᠭᠤᠯᠤᠯᠲᠠ ᠵᠢᠨ ᠲᠣᠬᠢᠷᠠᠭᠤᠯᠤᠯᠲᠠ ᠵᠢ ᠵᠢᠷᠤᠮᠵᠢᠭᠤᠯᠤᠨ᠂ ᠵᠣᠬᠢᠶᠠᠨ ᠪᠠᠢᠭᠤᠯᠤᠯᠲᠠ ᠵᠢᠨ ᠠᠮᠢᠳᠤᠷᠠᠯ ᠢ᠋ ᠰᠠᠢᠳᠤᠷ ᠵᠣᠬᠢᠶᠠᠨ ᠪᠠᠢᠭᠤᠯᠵᠤ᠂ ᠨᠠᠮ ᠤ᠋ᠨ ᠪᠠᠢᠭᠤᠯᠤᠯᠲᠠ ᠵᠢᠨ ᠵᠠᠭᠪᠤᠷ ᠢ᠋ ᠰᠢᠨᠠᠴᠢᠯᠠᠵᠤ᠂ ᠪᠦᠬᠦ ᠣᠷᠣᠨ ᠳ᠋ᠸ᠋ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠨᠠᠮ ᠤ᠋ᠨ ᠡᠭᠦᠷᠢ 294 ᠰᠢᠨ᠎ᠠ ᠪᠠᠷ ᠨᠡᠮᠡᠵᠦ᠂ ᠨᠠᠮ ᠤ᠋ᠨ ᠵᠣᠬᠢᠶᠠᠨ ᠪᠠᠢᠭᠤᠯᠤᠯᠲᠠ ᠵᠢ 135 ᠵᠢᠷᠤᠮᠵᠢᠭᠤᠯᠵᠤ ᠦᠭᠡᠷᠡᠴᠢᠯᠡᠨ ᠰᠠᠢᠵᠢᠷᠠᠭᠤᠯᠪᠠ᠃ 4 ᠠᠢᠮᠠᠭ ᠬᠣᠲᠠ ᠵᠢᠨ 13 ᠵᠡᠭᠡᠯᠢ ᠭᠤᠳᠤᠮᠵᠢ ᠵᠢᠨ ᠨᠡᠢᠭᠡᠮ ᠲᠣᠭᠣᠷᠢᠭ ᠤ᠋ᠨ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠨᠠᠮ ᠤ᠋ᠨ ᠪᠠᠢᠭᠤᠯᠤᠯᠲᠠ ᠵᠢ ᠬᠣᠲᠠ ᠵᠢᠨ ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠳ᠋ᠤ᠌ ᠠᠭᠤᠰᠤᠯᠴᠠᠭᠰᠠᠨ ᠲᠤᠷᠰᠢᠯᠲᠠ ᠦᠷ᠎ᠡ ᠪᠦᠳᠦᠮᠵᠢ ᠤᠯᠵᠤ᠂ ᠪᠦᠬᠦ ᠣᠷᠣᠨ ᠤ᠋ 68 《ᠵᠢᠷᠭᠤᠭᠠᠨ ᠰᠠᠢᠨ》 ᠪᠠᠷᠢᠮᠵᠢᠶ᠎ᠠ ᠪᠦᠬᠦᠢ 《ᠦᠳᠡᠯᠦᠭᠡ ᠪᠤᠭᠤᠷᠤᠯᠴᠤᠳ ᠤ᠋ᠨ ᠬᠣᠰᠢᠭᠤᠴᠢ》 ᠨᠠᠮ ᠤ᠋ᠨ ᠡᠭᠦᠷ ᠤ᠋ᠨ ᠵᠢᠱ᠌ᠢᠶ᠎ᠡ ᠦᠵᠡᠭᠦᠯᠬᠦ ᠦᠢᠯᠡᠳᠦᠯ ᠢ᠋ ᠲᠠᠰᠤᠷᠠᠯᠲᠠ ᠦᠭᠡᠢ ᠴᠢᠩᠭᠠᠳᠬᠠᠵᠤ᠂ ᠠᠬᠠᠮᠠᠳ ᠨᠥᠬᠥᠳ ᠢ᠋ ᠪᠦᠯᠬᠦᠮᠳᠡᠭᠦᠯᠦᠨ ᠨᠢᠭᠲᠠᠷᠠᠭᠤᠯᠬᠤ ᠪᠠᠲᠤ ᠪᠡᠬᠢ ᠳᠠᠢᠴᠢᠨ ᠪᠡᠬᠢᠯᠡᠯᠲᠡ ᠪᠣᠯᠤᠭᠰᠠᠨ ᠪᠠᠢᠨ᠎ᠠ᠃
ᠦᠳᠡᠯᠦᠭᠡ ᠪᠤᠭᠤᠷᠤᠯᠴᠤᠳᠤᠨ ᠦᠢᠯᠡᠳᠤᠯᠢ᠋ ᠪᠠᠳᠠᠷᠠᠭᠤᠯᠵᠤ ᠵᠢᠳᠬᠦᠯ ᠴᠢᠷᠮᠠᠢᠯᠭ᠎ᠠ ᠭᠠᠷᠭᠠᠪᠠ
ᠪᠦᠬᠦ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ ᠶᠡᠷᠦᠩᠬᠡᠢ ᠱᠦᠵᠢ ᠱ᠋ᠢ ᠵᠢᠨ ᠫᠢᠩ ᠪᠣᠯᠤᠨ ᠨᠠᠮ ᠤ᠋ᠨ ᠲᠥᠪ ᠬᠣᠷᠢᠶ᠎ᠠ ᠡᠴᠡ ᠥᠪᠥᠷ ᠮᠣᠩᠭᠣᠯ ᠳ᠋ᠤ᠌ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢᠨ ᠲᠣᠭᠣᠷᠢᠨ ᠳ᠋ᠤ᠌ ᠠᠬᠠᠮᠠᠳ ᠨᠥᠬᠥᠳ ᠤ᠋ᠨ ᠦᠢᠯᠡᠳᠦᠯ ᠵᠢᠡᠨ ᠪᠠᠳᠠᠷᠠᠭᠤᠯᠬᠤ ᠳᠠᠪᠴᠠᠩ ᠢ᠋ ᠪᠠᠢᠭᠤᠯᠬᠤ ᠳ᠋ᠤ᠌ ᠰᠢᠰᠲ᠋ᠧᠮ ᠲᠠᠢ ᠲᠦᠯᠦᠪᠵᠢᠭᠦᠯᠭᠡ ᠬᠢᠵᠤ ᠨᠥᠬᠥᠴᠡᠯ ᠪᠦᠷᠢᠯᠳᠦᠭᠦᠯᠵᠠᠢ᠃ 3 ᠲᠦᠮᠡ ᠰᠢᠬᠠᠮ ᠠᠬᠠᠮᠠᠳ ᠨᠥᠬᠥᠳ ᠢ᠋ ᠵᠣᠬᠢᠶᠠᠨ ᠪᠠᠢᠭᠤᠯᠤᠨ 《ᠬᠠᠷᠢᠭᠤ ᠵᠠᠬᠢᠳᠠᠯ ᠤ᠋ᠨ ᠵᠣᠷᠢᠭ ᠰᠠᠨᠠᠭ᠎ᠠ ᠵᠢ ᠰᠤᠷᠤᠯᠴᠠᠬᠤ·ᠥᠭᠡᠷᠡᠴᠢᠯᠡᠯᠲᠡ ᠬᠥᠭᠵᠢᠯᠲᠡ ᠵᠢ ᠲᠤᠰᠠᠯᠠᠬᠤᠢ》 ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠂ ᠬᠦᠨᠳᠤ ᠨᠠᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠵᠢ ᠬᠠᠷᠢᠭᠤᠯᠤᠨ ᠤᠷᠤᠭᠰᠢᠯᠠᠨ ᠳᠡᠮᠡᠴᠡᠪᠡ; ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠠᠵᠢᠯ ᠳ᠋ᠤ᠌ ᠬᠦᠴᠦᠨ ᠨᠡᠮᠡᠷᠢᠯᠡᠬᠦ ᠵᠢᠨ ᠳᠤᠭᠤᠷᠢᠨ ᠳ᠋ᠤ 556 ᠲᠠᠯᠠᠪᠤᠷ ᠤᠳᠠᠭ᠎ᠠ ᠵᠢᠨ ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠬᠢᠵᠤ᠂ 1.15 ᠲᠦᠮᠡ ᠭᠠᠷᠤᠢ ᠬᠥᠮᠦᠨ ᠤᠳᠠᠭ᠎ᠠ ᠣᠷᠣᠯᠴᠠᠵᠤ᠂ 1928 ᠵᠤᠷᠪᠤᠰ ᠰᠠᠨᠠᠯ ᠰᠠᠨᠠᠭᠤᠯᠭ᠎ᠠ ᠳᠤᠷᠠᠳᠴᠤ᠂ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠨᠠᠰᠤᠳᠠᠢᠴᠤᠳ ᠤ᠋ᠨ ᠬᠦᠴᠦᠨ ᠢ᠋ ᠨᠢᠭᠲᠠᠷᠠᠭᠤᠯᠪᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ ᠤ᠋ ᠨᠠᠰᠤ ᠠᠬᠢᠭᠰᠠᠨ ᠴᠢᠳᠠᠪᠤᠷᠢᠲᠠᠨ ᠤ᠋ ᠬᠥᠮᠥᠷᠭᠡ ᠵᠢ ᠪᠠᠢᠭᠤᠯᠤᠨ ᠰᠠᠢᠲᠤᠷ ᠬᠡᠷᠡᠭᠯᠡᠵᠦ᠂ ᠨᠠᠰᠤ ᠠᠬᠢᠭᠰᠠᠨ ᠴᠢᠳᠠᠪᠤᠷᠢᠲᠠᠨ ᠤ᠋ ᠡᠩᠨᠡᠭᠡ ᠵᠢ 809 ᠪᠠᠢᠭᠤᠯᠵᠤ᠂ 1.46 ᠲᠦᠮᠡ ᠭᠠᠷᠤᠢ ᠨᠠᠰᠤ ᠠᠬᠢᠭᠰᠠᠨ ᠴᠢᠳᠠᠪᠤᠷᠢᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠦᠪᠦᠷ ᠮᠤᠩᠭᠤᠯ ᠵᠢᠡᠨ ᠮᠠᠨᠳᠤᠭᠤᠯᠬᠤ ᠵᠡᠷᠭᠡ ᠬᠦᠷᠢᠶᠡᠨ ᠳ᠋ᠦ᠍ ᠦᠷᠭᠦᠯᠵᠢᠯᠡᠨ ᠦᠢᠯᠡᠳᠤᠯᠵᠢᠡᠨ ᠪᠠᠳᠠᠷᠠᠭᠤᠯᠪᠠ᠃
ᠦᠨᠳᠦᠰᠤᠨ ᠱᠠᠲᠤᠨ ᠤ᠋ ᠵᠠᠰᠠᠯᠲᠠ ᠵᠢᠨ ᠨᠢᠭᠡᠳᠦᠭᠡᠷ ᠹᠷᠣᠨᠲ ᠲᠦ᠍ 《ᠦᠳᠡᠯᠦᠭᠡ ᠪᠤᠭᠤᠷᠤᠯᠴᠤᠳ ᠤ᠋ᠨ ᠬᠦᠴᠦᠨ》 ᠨᠢ ᠡᠶ᠎ᠠ ᠨᠠᠢᠷᠠᠮᠳᠠᠭᠤ ᠳᠤᠭᠳᠠᠭᠤᠨ ᠤ᠋ 《ᠵᠤᠬᠢᠴᠠᠭᠤᠯᠤᠭᠴᠢ》 ᠪᠣᠯᠪᠠ ᠃ 4000 ᠰᠢᠬᠠᠮ ᠨᠠᠰᠤ ᠠᠬᠢᠭᠰᠠᠨ ᠬᠠᠤᠯᠢ ᠵᠢᠨ ᠴᠢᠳᠠᠪᠤᠷᠢᠲᠠᠨ ᠡᠶᠡᠳᠡᠭᠦᠯᠬᠦ ᠠᠵᠢᠯ ᠤ᠋ᠨ ᠹᠷᠣᠨᠲ ᠲᠤ᠌ ᠭᠠᠪᠰᠢᠭᠠᠢᠯᠠᠵᠤ᠂ ᠪᠥᠬᠥ ᠵᠢᠯ ᠳ᠋ᠦ᠍ ᠵᠥᠷᠢᠴᠡᠯ ᠵᠠᠭᠤᠷᠠᠯᠳᠤᠭᠠᠨ ᠢ᠋ 1.83 ᠲᠦᠮᠡ ᠭᠠᠷᠤᠢ ᠡᠶᠡᠳᠡᠭᠦᠯᠦᠨ ᠰᠢᠢᠳᠪᠦᠷᠢᠯᠡᠭᠰᠡᠨ ᠪᠠᠢᠨ᠎ᠠ᠃ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠬᠦᠳᠡᠯᠭᠡᠭᠡᠨᠤ ᠲᠥᠪ᠂ ᠨᠠᠰᠤᠲᠠᠢᠴᠤᠳ ᠤ᠋ᠨ ᠶᠡᠬᠡ ᠰᠤᠷᠭᠠᠭᠤᠯᠢ᠂ ᠨᠠᠰᠤᠲᠠᠢᠴᠤᠳ ᠤ᠋ᠨ ᠨᠡᠢᠭᠡᠮ ᠤ᠋ᠨ ᠵᠣᠬᠢᠶᠠᠨ ᠪᠠᠢᠭᠤᠯᠤᠯᠲᠠ ᠳ᠋ᠤ᠌ ᠲᠦᠰᠢᠭᠯᠡᠨ᠂ 《ᠲᠤᠰᠬᠠᠢ ᠮᠡᠷᠭᠡᠵᠢᠯᠲᠡᠨ ᠤ᠋ ᠳᠤᠭᠤᠢᠯᠠᠩ》᠂ 《ᠦᠢᠯᠡᠴᠢᠯᠡᠭᠡᠨ ᠤ᠋ ᠠᠩᠭᠢ》᠂ 《ᠤᠬᠠᠭᠤᠯᠤᠨ ᠲᠠᠢᠯᠪᠤᠷᠢᠯᠠᠬᠤ ᠪᠦᠯᠬᠦᠮ》 ᠵᠡᠷᠭᠡ ᠣᠯᠠᠨ ᠶᠠᠩᠵᠤᠴᠢᠯᠠᠭᠰᠠᠨ ᠲᠠᠪᠴᠠᠩ ᠢ᠋ ᠢᠳᠡᠪᠬᠢᠲᠡᠢ ᠪᠠᠢᠭᠤᠯᠵᠤ᠂ ᠠᠬᠠᠮᠠᠳ ᠨᠥᠬᠥᠳ ᠢ᠋ ᠬᠥᠲᠥᠯᠦᠨ ᠵᠢᠯᠣᠭᠣᠳᠴᠤ ᠰᠦᠯᠵᠢᠶ᠎ᠡ ᠵᠢᠨ ᠣᠷᠣᠨ ᠵᠠᠢ ᠵᠢ ᠴᠡᠪᠡᠷᠰᠢᠭᠦᠯᠬᠦ᠂ ᠦᠨᠳᠦᠰᠦᠲᠡᠨ ᠤ᠋ ᠪᠦᠯᠬᠦᠮᠳᠡᠯ ᠢ᠋ ᠤᠬᠠᠭᠤᠯᠤᠨ ᠲᠠᠢᠯᠪᠤᠷᠢᠯᠠᠬᠤ᠂ ᠬᠣᠢᠴᠢ ᠦᠶ᠎ᠡ ᠵᠢᠨ ᠬᠢᠨᠢ ᠬᠠᠯᠠᠮᠵᠢᠯᠠᠬᠤ ᠵᠡᠷᠭᠡ ᠲᠠᠯ᠎ᠠ ᠪᠠᠷ ᠢᠳᠡᠪᠬᠢ ᠦᠢᠯᠡᠳᠦᠯ ᠢ᠋ ᠨᠢ ᠪᠠᠳᠠᠷᠠᠭᠤᠯᠵᠠᠢ᠃ ᠤᠷᠮᠠᠰᠢᠭᠤᠯᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠪᠦᠬᠦ ᠣᠷᠣᠨ ᠤ᠋ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠲᠡᠷᠢᠭᠦᠨ ᠤ᠋ ᠬᠠᠮᠲᠤ ᠨᠢᠭᠡᠴᠢ ᠪᠣᠯᠤᠨ ᠲᠡᠷᠢᠭᠦᠨ ᠤ᠋ ᠬᠤᠪᠢ ᠬᠥᠮᠦᠨ ᠢ᠋ ᠰᠢᠯᠭᠠᠷᠠᠭᠤᠯᠤᠨ ᠰᠠᠢᠰᠢᠶᠠᠨ ᠬᠦᠬᠢᠭᠦᠯᠵᠤ᠂ ᠦᠳᠡᠯᠦᠭᠡ ᠪᠤᠭᠤᠷᠤᠯᠴᠤᠳᠤᠨ ᠵᠢᠳᠭᠦᠯ ᠴᠢᠷᠮᠠᠢᠯᠭ᠎ᠠ ᠭᠠᠷᠭᠠᠬᠤ ᠵᠢ ᠵᠣᠷᠢᠭᠵᠢᠭᠤᠯᠵᠤ ᠨᠡᠢᠭᠡᠮ ᠳᠠᠶᠠᠭᠠᠷ ᠵᠢᠡᠨ ᠬᠦᠨᠳᠦᠳᠭᠡᠨ ᠳᠡᠮᠵᠢᠭᠦ ᠠᠭᠤᠷ ᠠᠮᠢᠰᠬᠤᠯ ᠢ᠋ ᠨᠠᠡᠭ ᠦᠳᠭᠡᠷᠡᠬᠦᠯᠪᠠ ᠃
ᠣᠨᠤᠴᠠᠲᠠᠢ ᠦᠶ᠋ᠯᠡᠴᠢᠯᠡᠵᠦ ᠦᠳᠡᠯᠦᠭᠡ ᠪᠤᠭᠤᠷᠤᠯᠴᠤᠳ ᠤ᠋ᠨ ᠪᠤᠶᠠᠨ ᠵᠢᠷᠭᠠᠯ ᠢ᠋ ᠤᠯᠠᠮ ᠨᠡᠮᠡᠭᠳᠡᠭᠦᠯᠪᠡ
《ᠦᠳᠡᠯᠦᠭᠡ ᠪᠤᠭᠤᠷᠤᠯᠴᠤᠳ ᠢ᠋ ᠬᠠᠯᠠᠮᠵᠢᠯᠠᠬᠤ ᠠᠵᠢᠯᠯᠠᠭ᠎ᠠ》 ᠪᠡᠷ ᠭᠠᠷᠳᠠᠴᠠ ᠪᠣᠯᠭᠠᠵᠤ᠂ ᠪᠦᠬᠦ᠌ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ 《ᠨᠢᠭᠡ ᠬᠥᠮᠦᠨ ᠳ᠋ᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ》 ᠤᠨᠤᠴᠠᠲᠠᠢ ᠦᠢᠯᠡᠴᠢᠯᠡᠬᠦ᠌ ᠵᠢ ᠦᠷᠭᠦᠯᠵᠢᠯᠡᠨ ᠭᠦᠨᠵᠡᠭᠡᠢᠷᠡᠭᠦᠯᠵᠦ᠍᠂ 2057 ᠠᠬᠠᠮᠠᠳ ᠨᠥᠬᠦᠷ ᠲᠦ᠍ 694 ᠵᠦᠢᠯ ᠤ᠋ᠨ ᠦᠢᠯᠡᠴᠢᠯᠡᠭᠡᠨ ᠤ᠋ ᠠᠷᠭ᠎ᠠ ᠬᠡᠮᠵᠢᠶ᠎ᠠ ᠲᠣᠭ᠍ᠲᠠᠭᠠᠵᠤ᠂ 3800 ᠭᠠᠷᠤᠢ ᠪᠣᠳᠠᠲᠠᠢ ᠬᠦᠴᠢᠷᠳᠡᠯ ᠢ᠋ ᠱᠢᠢᠳᠪᠦᠷᠢᠯᠡᠪᠡ᠃ ᠪᠠᠢᠩᠭᠤᠵᠢᠭ᠍ᠰᠠᠨ ᠡᠷᠬᠢᠨ ᠦᠵᠡᠵᠦ᠍ ᠲᠣᠬᠣᠨᠢᠭᠤᠯᠬᠤ ᠲᠦᠷᠢᠮ ᠢ᠋ ᠨᠠᠢᠳᠠᠪᠤᠷᠢᠵᠢᠭᠤᠯᠬᠤ ᠵᠢ ᠪᠠᠷᠢᠮᠲᠠᠯᠠᠵᠤ᠂ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷᠠᠬᠠᠮᠠᠳ ᠨᠥᠬᠥᠳ ᠢ᠋ ᠨᠡᠢ᠌ᠳᠡ 3.5 ᠲᠦᠮᠡ ᠭᠠᠷᠤᠢ ᠬᠥᠮᠦᠨ ᠤᠳᠠᠭ᠎ᠠ ᠰᠤᠷᠪᠤᠯᠵᠢᠯᠠᠵᠤ᠂ 2200 ᠭᠠᠷᠤᠢ ᠡᠯ᠎ᠡ ᠲᠦᠷᠦᠯ ᠤ᠋ᠨ ᠠᠰᠠᠭᠤᠳᠠᠯ ᠢ᠋ ᠵᠣᠬᠢᠴᠠᠭᠤᠯᠤᠨ ᠱᠢᠢᠳᠪᠦᠷᠢᠯᠡᠪᠡ᠃ ᠳᠡᠭᠡᠷ᠎ᠠ ᠲᠤᠤᠷ᠎ᠠ ᠱᠠᠳᠤ ᠬᠣᠯᠪᠣᠭᠠᠯᠠᠨ ᠬᠥᠳᠡᠯᠦᠯᠴᠡᠭ᠌ᠰᠡᠨ ᠣᠨᠴᠠᠭᠠᠢ ᠬᠦᠴᠢᠷᠳᠡᠯ ᠢ᠋ ᠬᠠᠪᠰᠤᠷᠤᠨ ᠲᠡᠳᠬᠦᠬᠦ᠌ ᠲᠣᠭ᠍ᠲᠠᠴᠠ ᠵᠢ ᠪᠦᠷᠢᠨᠱᠢᠬᠦᠯᠵᠤ᠂ ᠬᠦᠨᠳᠦ ᠡᠪᠡᠳᠴᠢᠨ ᠳ᠋ᠤ ᠨᠡᠷᠪᠡᠭ᠌ᠳᠡᠭ᠌ᠰᠡᠨ᠂ ᠣᠨᠴᠠᠭᠠᠢ ᠬᠦᠴᠢᠷᠳᠡᠯ ᠲᠠᠢ 2950 ᠠᠬᠠᠮᠠᠳ ᠨᠥᠬᠥᠷ ᠤ᠋ᠨ ᠬᠦᠴᠢᠷᠳᠡᠯ ᠢ᠋ ᠨᠢ ᠱᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯ ᠲᠠᠢ ᠬᠠᠮᠲᠤᠷᠠᠨ 《ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠰᠡᠳᠭᠢᠴᠡ ᠶ᠋ᠢᠨ ᠡᠷᠡᠭᠦᠯ ᠮᠡᠨᠳᠦ᠍ ᠵᠢ ᠬᠠᠯᠠᠮᠵᠢᠯᠠᠨ ᠬᠠᠢᠷᠠᠯᠠᠬᠤ ᠠᠵᠢᠯ ᠢ᠋ ᠰᠠᠢᠲᠤᠷ ᠬᠢᠬᠦ᠌ ᠲᠤᠬᠠᠶ ᠠᠷᠭ᠎ᠠ ᠬᠡᠮᠵᠢᠶᠡᠨᠦᠭᠦᠳ》 ᠢ᠋ ᠲᠣᠭ᠍ᠲᠠᠭᠠᠵᠤ᠂ ᠠᠬᠠᠮᠠᠳ ᠨᠥᠬᠥᠳ ᠲᠦ᠍ ᠥᠲᠡᠯᠦᠭᠡ ᠨᠠᠰᠤᠨ ᠤ᠋ ᠪᠤᠶᠠᠨ ᠵᠢᠷᠭᠠᠯ ᠢ᠋ ᠡᠳ᠋ᠯᠡᠭᠦᠯᠪᠡ᠃ ᠦᠳᠡᠯᠦᠭᠡ ᠪᠤᠭᠤᠷᠤᠯᠴᠤᠳ ᠲᠦ᠍ ᠲᠤᠰᠠᠯᠠᠬᠤ ᠦᠶ᠋ᠯᠡᠴᠢᠯᠡᠭᠡᠨ ᠤ᠋ ᠲᠥᠷᠥ ᠶ᠋ᠢᠨ ᠪᠣᠳᠣᠯᠭ᠎ᠠ ᠶ᠋ᠢᠨ ᠤᠬᠠᠭᠤᠯᠤᠨ ᠲᠠᠨᠢᠯᠴᠠᠭᠤᠯᠬᠤ᠂ ᠡᠷᠡᠭᠦᠯ ᠮᠡᠨᠳᠦ᠍ ᠶ᠋ᠢᠨ ᠠᠯᠪᠠᠨ ᠵᠢᠷᠤᠮ ᠤ᠋ᠨ ᠡᠮᠴᠢᠯᠡᠭᠡ ᠵᠡᠷᠭᠡ ᠲᠣᠮᠣ ᠬᠡᠯᠪᠡᠷᠢ ᠶ᠋ᠢᠨ ᠭᠤᠤᠯ ᠰᠡᠳᠦᠪᠲᠦ ᠠᠵᠢᠯᠯᠠᠭ᠎ᠠ ᠵᠢ ᠦᠷᠨᠢᠬᠦᠯᠵᠤ᠂ ᠴᠢᠨᠠᠷ ᠰᠠᠢᠲᠠᠶ ᠨᠠᠰᠤᠵᠢᠯ ᠤ᠋ᠨ ᠦᠶ᠋ᠯᠡᠴᠢᠯᠡᠭᠡᠨ ᠤ᠋ ᠡᠬᠢ ᠪᠠᠶᠠᠯᠢᠭ ᠢ᠋ ᠨᠡᠢᠳᠡᠮ ᠬᠦᠷᠲᠡᠭᠡᠵᠦ᠍ ᠬᠠᠮᠲᠤ ᠪᠠᠷ ᠬᠦᠷᠲᠡᠬᠦ᠌ ᠵᠢ ᠠᠬᠢᠭᠤᠯᠪᠠ᠃ ᠺᠠᠳ᠋ᠷ ᠤ᠋ᠨ ᠢᠷᠠᠭᠤ ᠠᠯᠳᠠᠷᠲᠠᠶ ᠪᠡᠷ ᠠᠵᠢᠯ ᠡᠴᠡ ᠪᠠᠨ ᠠᠮᠠᠷᠠᠬᠤ ᠲᠦᠷᠢᠮ ᠤ᠋ᠨ ᠨᠠᠢᠳᠠᠪᠤᠷᠢᠵᠢᠭᠤᠯᠤᠯᠲᠠ ᠵᠢ ᠦᠷᠭᠦᠯᠵᠢᠯᠡᠨ ᠠᠬᠢᠭᠤᠯᠵᠤ᠂ 4300 ᠭᠠᠷᠤᠶ ᠠᠵᠢᠯ ᠡᠴᠡ ᠪᠠᠨ ᠠᠮᠠᠷᠠᠭ᠍ᠰᠠᠨ ᠺᠠᠳ᠋ᠷ ᠲᠦ᠍ ᠢᠷᠠᠭᠤ ᠠᠯᠳᠠᠷᠲᠠᠶ ᠪᠡᠷ ᠠᠵᠢᠯ ᠡᠴᠡ ᠪᠠᠨ ᠠᠮᠠᠷᠠᠬᠰᠠᠨ ᠶᠣᠰᠣᠯᠠᠯ ᠢ᠋ 1400 ᠭᠠᠷᠤᠶ ᠤᠳᠠᠭ᠎ᠠ ᠡᠷᠭᠢᠯᠡᠵᠦ᠍᠂ ᠬᠦᠴᠦᠲᠡᠶ ᠠᠷᠭ᠎ᠠ ᠬᠡᠮᠵᠢᠶ᠎ᠡ ᠠᠪᠴᠤ᠌ ᠺᠠᠳ᠋ᠷ ᠤ᠋ᠨ ᠠᠵᠢᠯ ᠡᠴᠡ ᠪᠠᠨ ᠠᠮᠠᠷᠠᠬᠤ ᠳ᠋ᠤ ᠵᠣᠯᠭᠠᠭᠤᠯᠬᠤ ᠦᠶ᠋ᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃
ᠪᠦᠬᠦ᠌ ᠣᠷᠣᠨ ᠳ᠋ᠤ 《ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ ᠪᠠᠨ ᠠᠮᠠᠷᠠᠭᠰᠠᠨ ᠺᠠᠳ᠋ᠷᠴᠤᠳ ᠤ᠋ᠨ ᠰᠤᠷᠤᠯᠴᠠᠯᠭ᠎ᠠ ᠠᠵᠢᠯᠯᠠᠭ᠎ᠠ ᠶ᠋ᠢᠨ ᠵᠢᠭ᠍ᠰᠠᠭᠠᠯ ᠤ᠋ᠨ ᠭᠠᠵᠠᠷ ᠤ᠋ᠨ ᠪᠠᠢᠭᠤᠯᠤᠯᠲᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ》 ᠵᠢ ᠭᠦᠨᠵᠡᠭᠡᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠨᠠᠰᠤᠲᠠᠢᠴᠤᠳ ᠤ᠋ᠨ ᠶᠡᠬᠡ ᠰᠤᠷᠭᠠᠭᠤᠯᠢ᠂ ᠠᠬᠠᠮᠠᠳ ᠺᠠᠳ᠋ᠷᠴᠤᠳᠤᠨ ᠬᠦᠳᠡᠯᠭᠡᠭᠡᠨ ᠤ ᠲᠥᠪ ᠢ᠋ ᠪᠦᠬᠦᠨ ᠢ᠋ ᠬᠠᠮᠤᠷᠬᠤ ᠵᠢ ᠪᠡᠶᠡᠯᠡᠭᠦᠯᠵᠦ᠍᠂ ᠪᠦᠬᠦ᠌ ᠣᠷᠣᠨ ᠤ᠋ ᠨᠠᠰᠤᠲᠠᠢᠴᠤᠳ ᠤ᠋ᠨ ᠶᠡᠬᠡ ᠰᠤᠷᠭᠠᠭᠤᠯᠢ ᠶ᠋ᠢᠨ ᠰᠤᠷᠭᠠᠭᠤᠯᠢ ᠳ᠋ᠤ ᠪᠠᠢᠭ᠎ᠠ ᠬᠥᠮᠦᠨ ᠤ᠋ ᠲᠣᠭ᠎ᠠ 8.24 ᠲᠦᠮᠡ ᠳ᠋ᠤ ᠬᠦᠷᠴᠦ᠍᠂ ᠠᠬᠠᠮᠠᠳ ᠺᠠᠳ᠋ᠷᠴᠤᠳ ᠤ᠋ᠨ ᠬᠦᠳᠡᠯᠭᠡᠭᠡᠨᠤ ᠲᠥᠪ ᠤ᠋ᠨ ᠡᠳᠦᠷ ᠲᠤᠮᠳᠠᠴᠢ ᠶ᠋ᠢᠨ ᠠᠵᠢᠯᠯᠠᠭ᠎ᠠ ᠶ᠋ᠢᠨ ᠬᠦᠮᠦᠨ ᠤᠳᠠᠭ᠎ᠠ 4.66 ᠲᠦᠮᠡ ᠳ᠋ᠤ ᠬᠦᠷᠪᠡ᠃ ᠰᠤᠷᠤᠯᠴᠠᠯᠭ᠎ᠠ ᠠᠵᠢᠯᠯᠠᠭ᠎ᠠ ᠶ᠋ᠢᠨ ᠡᠬᠢ ᠪᠠᠶᠠᠯᠢᠭ ᠢ᠋ ᠦᠨᠳᠦᠰᠦᠨ ᠱᠠᠲᠤ ᠲᠡᠢᠰᠢ ᠤᠷᠲᠤᠳᠭᠠᠬᠤ ᠵᠢ ᠢᠳᠡᠪᠬᠢᠲᠡᠶ ᠠᠬᠢᠭᠤᠯᠵᠤ᠂ ᠵᠡᠭᠡᠯᠢ ᠭᠤᠳᠤᠮᠵᠢ ᠨᠡᠢᠭᠡᠮ ᠲᠣᠭᠣᠷᠢᠭ ᠲᠦ᠍ ᠨᠠᠰᠤᠲᠠᠢᠴᠤᠳ ᠤ᠋ᠨ ᠶᠡᠬᠡ ᠰᠤᠷᠭᠠᠭᠤᠯᠢ ᠶ᠋ᠢᠨ ᠬᠤᠪᠢᠶᠠᠷᠢ ᠰᠤᠷᠭᠠᠭᠤᠯᠢ (ᠵᠢᠭᠠᠨ ᠰᠤᠷᠭᠠᠬᠤ ᠴᠡᠭ)ᠶᠢ 610᠂ ᠠᠵᠢᠯᠯᠠᠭᠠᠨ ᠤ᠋ ᠲᠠᠰᠤᠭ (ᠥᠷᠲᠡᠭᠡ) ᠢ᠋ 1642 ᠭᠠᠷᠭᠠᠵᠤ᠂ ᠠᠯᠤᠰ ᠬᠢᠵᠠᠭᠠᠷ ᠭᠠᠵᠠᠷ ᠣᠷᠣᠨ ᠳ᠋ᠤ ᠦᠳᠡᠯᠦᠭᠡ ᠪᠤᠭᠤᠷᠤᠯᠴᠤᠳ ᠤ᠋ᠨ ᠠᠯᠤᠰ ᠡᠴᠡ ᠵᠢᠭᠠᠨ ᠰᠤᠷᠭᠠᠬᠤ ᠵᠢ ᠬᠦᠯᠢᠶᠡᠨ ᠠᠪᠬᠤ ᠴᠡᠭ ᠢ᠋ 129 ᠲᠣᠬᠢᠷᠠᠭᠤᠯᠵᠤ᠂ ᠰᠤᠷᠤᠯᠴᠠᠬᠤ ᠪᠠ ᠠᠵᠢᠯᠯᠠᠬᠤᠳᠤ ᠨᠠᠡᠭ ᠲᠦᠬᠦᠮ ᠦᠵᠡᠬᠦᠯᠪᠠ᠃ ᠪᠥᠬᠥ᠌ ᠣᠷᠣᠨ ᠤ᠋ ᠡᠯ᠎ᠡ ᠱᠠᠲᠤᠨ ᠤ᠋ ᠨᠠᠰᠤᠲᠠᠢᠴᠤᠳ ᠤ᠋ᠨ ᠶᠡᠬᠡ ᠰᠤᠷᠭᠠᠭᠤᠯᠢ ᠶ᠋ᠢᠨ ᠰᠤᠷᠤᠯᠭᠠᠳᠠᠳ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠤ᠋ᠨ 《ᠰᠤᠷᠭᠠᠭᠤᠯᠢ ᠡᠬᠢᠯᠡᠭ᠌ᠰᠡᠨ ᠠᠩᠬᠠᠨ ᠤ᠋ ᠬᠢᠴᠢᠶᠡᠯ》 ᠢ᠋ ᠬᠠᠮᠲᠤ ᠪᠠᠷ ᠤᠷᠤᠵᠤ᠂ ᠨᠡᠢᠲᠡ 3 ᠲᠦᠮᠡ ᠭᠠᠷᠤᠶ ᠬᠥᠮᠦᠨ ᠤᠳᠠᠭ᠎ᠠ ᠵᠢ ᠬᠠᠮᠤᠷᠴᠤ᠌᠂ 50 ᠭᠠᠷᠤᠶ ᠲᠦᠮᠡᠨ ᠬᠥᠮᠦᠨ ᠤᠳᠠᠭ᠎ᠠ ᠰᠦᠯᠵᠢᠶᠡᠨ ᠳᠡᠭᠡᠷ᠎ᠡ ᠬᠦᠯᠢᠶᠡᠨ ᠠᠪᠴᠤ ᠦᠵᠡᠵᠤ᠂ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠤ᠋ᠨ ᠡᠬᠢ ᠪᠠᠶᠠᠯᠢᠭ ᠢ᠋ ᠬᠠᠮᠲᠤ ᠪᠠᠷ ᠬᠦᠷᠲᠡᠬᠦ ᠵᠢ ᠠᠬᠢᠭᠤᠯᠪᠠ᠃ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷᠴᠢᠬᠤᠯᠠ ᠵᠠᠩᠭᠢᠯᠠᠭ᠎ᠠ ᠶ᠋ᠢᠨ ᠴᠠᠭ ᠤ᠋ᠨ ᠲᠣᠭᠣᠷᠢᠨ ᠳ᠋ᠤ ᠤᠷᠠᠨ ᠰᠠᠢᠬᠠᠨ ᠤ᠋ ᠲᠣᠭ᠍ᠯᠠᠯᠲᠠ᠂ ᠤᠷᠠᠨ ᠪᠢᠴᠢᠯᠭᠡ ᠤᠷᠠᠨ ᠵᠢᠷᠤᠭ ᠤ᠋ᠨ ᠦᠵᠡᠰᠭᠦᠯᠡᠩ᠂ ᠪᠡᠶ᠎ᠡ ᠶ᠋ᠢᠨ ᠲᠠᠮᠢᠷ ᠤ᠋ᠨ ᠤᠷᠤᠯᠳᠤᠭᠠᠨ ᠵᠡᠷᠭᠡ ᠠᠵᠢᠯᠯᠠᠭ᠎ᠠ ᠵᠢ 4200 ᠭᠠᠷᠤᠢ ᠤᠳᠠᠭ᠎ᠠ ᠵᠣᠬᠢᠶᠠᠨ ᠪᠠᠢᠭᠤᠯᠵᠤ᠂ 82 ᠲᠦᠮᠡ ᠭᠠᠷᠤᠢ ᠠᠬᠠᠮᠠᠳ ᠨᠥᠬᠦᠷ ᠲᠦ᠍ ᠠᠱᠢᠭ ᠬᠦᠷᠲᠡᠭᠡᠪᠡ᠃ ᠡᠯ᠎ᠡ ᠱᠠᠲᠤᠨ ᠤ᠋ ᠨᠠᠰᠤᠲᠠᠢᠴᠤᠳ ᠤ᠋ᠨ ᠶᠡᠬᠡ ᠰᠤᠷᠭᠠᠭᠤᠯᠢ ᠳ᠋ᠤ ᠲᠦᠱᠢᠭ᠌ᠯᠡᠨ ᠨᠠᠰᠤᠲᠠᠢᠴᠤᠳ ᠤ᠋ᠨ ᠬᠡᠷᠡᠭ᠌ᠯᠡᠭᠡ ᠵᠢᠨ ᠬᠥᠮᠦᠵᠢᠯ ᠤ᠋ᠨ ᠰᠠᠭᠤᠷᠢᠨ ᠢ᠋ ᠪᠠᠢᠭᠤᠯᠵᠤ᠂ ᠬᠡᠷᠡᠭ᠌ᠯᠡᠭᠡ ᠶ᠋ᠢᠨ ᠬᠥᠮᠦᠵᠢᠯ ᠤ᠋ᠨ ᠤᠬᠠᠭᠤᠯᠭ᠎ᠠ ᠶ᠋ᠢᠨ ᠠᠵᠢᠯᠯᠠᠭ᠎ᠠ ᠵᠢ 100 ᠭᠠᠷᠤᠶ ᠤᠳᠠᠭ᠎ᠠ ᠪᠠᠢᠩᠭᠤᠵᠢᠭᠤᠯᠤᠨ ᠥᠷᠨᠢᠭᠦᠯᠵᠦ᠍᠂ ᠱᠢᠨᠵᠢᠯᠡᠬᠦ᠌ ᠤᠬᠠᠭᠠᠨᠴᠢ ᠪᠥᠭᠡᠳ ᠣᠶᠤᠨᠴᠢ ᠬᠡᠷᠡᠭ᠌ᠯᠡᠭᠡ ᠵᠢ ᠬᠥᠲᠥᠯᠥᠨ ᠵᠢᠯᠣᠭᠣᠳᠴᠤ᠌᠂ ᠦᠳᠡᠯᠦᠭᠡ ᠪᠤᠭᠤᠷᠤᠯᠴᠤᠳ ᠤ᠋ᠨ ᠠᠵᠤ ᠠᠬᠤᠶ ᠶ᠋ᠢᠨ ᠬᠥᠭ᠌ᠵᠢᠯᠲᠡ ᠳ᠋ᠤ ᠬᠦᠴᠦᠨ ᠨᠡᠮᠡᠷᠢᠯᠡᠪᠡ᠃
ᠡᠷᠡᠮᠡᠬᠡᠢᠯᠡᠨ ᠲᠡᠮᠡᠴᠡᠵᠦ᠍ ᠠᠵᠢᠯ ᠤ᠋ᠨ ᠡᠩᠨᠡᠭᠡ ᠨᠡᠩ ᠠᠮᠢᠵᠢᠷᠠᠯ ᠤ᠋ᠨ ᠬᠦᠴᠦᠨ ᠲᠠᠢ ᠪᠣᠯᠪᠠ
ᠪᠦᠬᠦ᠌ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ ᠨᠠᠮ ᠤ᠋ᠨ ᠱᠢᠨ᠎ᠡ ᠡᠭᠦᠳᠦᠭᠰᠡᠨ ᠤᠨᠤᠯ ᠢ᠋ᠶ᠋ᠡᠷ ᠬᠦᠴᠤᠨᠵᠢᠡᠨ ᠨᠢᠬᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠠᠬᠠᠮᠠᠳ ᠺᠠᠳ᠋ᠷᠴᠤᠳ ᠤ᠋ᠨ ᠠᠵᠢᠯ ᠤ᠋ᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠱᠢᠯᠠᠭᠤᠯᠬᠤ ᠪᠡᠷ ᠵᠢᠯᠣᠭᠣᠳᠤᠮᠵᠢ ᠪᠣᠯᠭᠠᠵᠤ᠂ ᠠᠬᠠᠮᠠᠳ ᠺᠠᠳ᠋ᠷᠴᠤᠳ ᠤ᠋ᠨ ᠠᠵᠢᠯᠲᠠᠳ ᠤ᠋ᠨ ᠰᠢ ᠵᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠡᠷᠡᠰ ᠪᠠᠲᠤ ᠱᠢᠲᠦᠭ᠌ᠴᠢ ᠪᠠ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠣᠯᠬᠤ ᠵᠢ ᠠᠬᠢᠭᠤᠯᠪᠠ᠃ ᠠᠩᠬᠠᠳᠤᠭᠠᠷ ᠬᠤᠭᠤᠴᠠᠭᠠᠨ ᠤ᠋ ᠪᠦᠬᠦ᠌ ᠣᠷᠣᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠲᠥᠷᠥ ᠶ᠋ᠢᠨ ᠪᠣᠳᠣᠯᠭ᠎ᠠ ᠲᠤᠬᠠᠢᠯᠠᠭ᠍ᠰᠠᠨ ᠠᠵᠢᠯ ᠤ᠋ᠨ ᠮᠡᠳᠡᠯᠭᠡ ᠶ᠋ᠢᠨ ᠤᠷᠤᠯᠳᠤᠭᠠᠨ ᠢ᠋ ᠡᠷᠬᠢᠯᠡᠵᠦ᠍᠂ 4800 ᠭᠠᠷᠤᠶ ᠬᠥᠮᠦᠨ ᠤᠳᠠᠭ᠎ᠠ ᠣᠷᠣᠯᠴᠠᠵᠤ᠂ 《ᠠᠳᠠᠯᠢᠳᠭᠠᠬᠤ ᠰᠤᠷᠤᠯᠴᠠᠬᠤ ᠭᠦᠢᠴᠡᠬᠦ᠌ ᠳᠠᠪᠠᠬᠤ》 ᠥᠷᠨᠢᠯᠲᠡ ᠭᠠᠷᠭᠠᠪᠠ; ᠪᠥᠬᠥ᠌ ᠣᠷᠣᠨ ᠤ᠋ ᠠᠬᠠᠮᠠᠳ ᠺᠠᠳ᠋ᠷᠴᠤᠳ ᠤ᠋ᠨ ᠠᠵᠢᠯᠲᠠᠨ ᠤ᠋ ᠲᠤᠰᠭᠠᠢᠵᠢᠭ᠍ᠰᠠᠨ ᠴᠢᠳᠠᠪᠤᠷᠢ ᠬᠡᠪ ᠪᠤᠯᠪᠠᠰᠤᠷᠠᠯ ᠢ᠋ ᠳᠡᠭᠡᠭ᠌ᠰᠢᠯᠡᠭᠦᠯᠬᠦ᠌ ᠠᠩᠭᠢ ᠡᠷᠭᠢᠯᠡᠵᠦ᠍᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠤᠷ ᠢ᠋ ᠤᠶᠠᠯᠳᠤᠭᠤᠯᠬᠤ ᠠᠷᠭ᠎ᠠ ᠬᠡᠯᠪᠡᠷᠢ ᠪᠡᠷ ᠪᠥᠬᠥ᠌ ᠣᠷᠣᠨ ᠤ᠋ ᠠᠬᠠᠮᠠᠳ ᠺᠠᠳ᠋ᠷᠴᠤᠳ ᠤ᠋ᠨ ᠠᠵᠢᠯᠲᠠᠨ ᠤ᠋ ᠪᠣᠯᠪᠠᠰᠤᠷᠠᠯ ᠤ᠋ᠨ ᠠᠩᠭᠢ ᠵᠢ ᠡᠷᠭᠢᠯᠡᠵᠦ᠍᠂ ᠨᠡᠢᠲᠡ 2300 ᠭᠠᠷᠤᠶ ᠬᠥᠮᠦᠨ ᠤᠳᠠᠭ᠎ᠠ ᠪᠣᠯᠪᠠᠰᠤᠷᠠᠯ ᠳ᠋ᠤ ᠣᠷᠣᠯᠴᠠᠵᠤ᠂ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ ᠢ᠋ ᠵᠢᠱ᠌ᠢᠶ᠎ᠡ ᠦᠵᠡᠭᠦᠯᠦᠨ ᠳᠠᠢᠴᠢᠯᠠᠵᠤ 152 ᠤᠳᠠᠭ᠎ᠠ ᠪᠣᠯᠪᠠᠰᠤᠷᠠᠯ ᠡᠷᠭᠢᠯᠡᠵᠦ᠍᠂ 4100 ᠭᠠᠷᠤᠶ ᠬᠥᠮᠦᠨ ᠤᠳᠠᠭ᠎ᠠ ᠪᠣᠯᠪᠠᠰᠤᠷᠠᠯ ᠳ᠋ᠤ ᠣᠷᠣᠯᠴᠠᠪᠠ᠃
ᠰᠤᠷᠲᠠᠯ ᠤ᠋ᠨ ᠪᠠᠢᠭᠤᠯᠤᠯᠲᠠ ᠵᠢ ᠤᠳᠠᠭᠠᠨ ᠳᠠᠭᠠᠭᠠᠮᠠᠭᠠᠢ ᠬᠢᠵᠦ᠍᠂ ᠪᠣᠳᠠᠲᠠᠢ ᠠᠵᠢᠯᠯᠠᠬᠤ ᠤᠳᠤᠷᠢᠳᠤᠮᠵᠢ ᠵᠢ ᠨᠡᠩ ᠢᠯᠡ ᠲᠣᠳᠣ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠵᠢᠨ ᠠᠬᠠᠮᠠᠳ ᠺᠠᠳ᠋ᠷᠴᠤᠳ ᠤ᠋ᠨ ᠲᠣᠪᠴᠢᠶᠠᠵᠢᠨ ᠤᠳᠤᠷᠢᠳᠭᠤ ᠪᠠᠭ ᠲᠦᠷᠦᠭᠦᠯᠡᠨ ᠲᠤᠰᠬᠠᠢ ᠰᠡᠳᠦᠪ ᠤ᠋ᠨ ᠪᠠᠢᠴᠠᠭᠠᠨ ᠰᠤᠳᠤᠯᠤᠯᠲᠠ ᠬᠢᠵᠦ᠍᠂ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ 70 ᠵᠦᠢᠯ ᠤ᠋ᠨ ᠰᠡᠳᠦᠪ ᠢ᠋ ᠭᠤᠶᠤᠴᠢᠯᠠᠨ ᠮᠡᠳᠡᠭᠦᠯᠵᠦ᠍᠂ ᠴᠢᠨᠠᠷ ᠰᠠᠢᠲᠠᠢ ᠪᠠᠢᠴᠠᠭᠠᠨ ᠰᠤᠳᠤᠯᠤᠯᠲᠠ ᠪᠡᠷ ᠠᠵᠢᠯ ᠤ᠋ᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠪᠡ᠃ ᠪᠦᠬᠦ᠌ ᠣᠷᠣᠨ ᠤ᠋ 50 ᠠᠬᠠᠮᠠᠳ ᠺᠠᠳ᠋ᠷᠴᠤᠳ ᠤ᠋ᠨ ᠠᠵᠢᠯ ᠤ᠋ᠨ ᠲᠡᠷᠢᠭᠦᠨ ᠤ᠋ ᠬᠠᠮᠲᠤ ᠨᠢᠭᠡᠴᠢ ᠪᠣᠯᠤᠨ 107 ᠲᠡᠷᠢᠭᠦᠨ ᠤ᠋ ᠬᠤᠪᠢ ᠬᠥᠮᠦᠨ ᠢ᠋ ᠱᠢᠯᠭᠠᠷᠠᠭᠤᠯᠤᠨ ᠬᠥᠬᠢᠭᠦᠯᠦᠨ ᠰᠠᠢᠱᠢᠶᠠᠵᠤ᠂ ᠠᠬᠠᠮᠠᠳ ᠺᠠᠳ᠋ᠷᠴᠤᠳ ᠤ᠋ᠨ ᠠᠵᠢᠯ ᠬᠢᠵᠦ᠍ ᠦᠢᠯᠡᠰ ᠪᠤᠰᠭᠠᠬᠤ᠂ ᠬᠤᠪᠢ ᠨᠡᠮᠡᠷᠢ ᠦᠵᠡᠭᠦᠯᠬᠦ᠌ ᠣᠷᠭᠢᠯᠤᠮ᠎ᠠ ᠬᠠᠯᠠᠭᠤᠨ ᠰᠡᠳᠭᠢᠯᠭᠡ ᠵᠢ ᠪᠦᠲᠦᠮᠵᠢᠲᠡᠢ ᠬᠥᠭ᠌ᠵᠢᠭᠡᠪᠡ᠃
ᠬᠠᠪᠤᠷ ᠤ᠋ᠨ ᠤᠷᠢ ᠤᠷᠤᠵᠦ ᠬᠦᠭᠵᠢᠯᠲᠡ ᠵᠢ ᠡᠷᠢᠯᠬᠢᠯᠡᠵᠦ᠂ ᠴᠠᠭ ᠢ᠋ ᠠᠮᠵᠢᠨ ᠵᠠᠮ ᠨᠡᠭᠡᠭᠡᠵᠦ ᠰᠢᠯᠢᠳᠡᠭ ᠠᠮᠵᠢᠯᠲᠠ ᠳ᠋ᠤ ᠬᠦᠷᠦᠨ᠎ᠠ᠃ ᠪᠥᠬᠥ᠌ ᠣᠷᠣᠨ ᠤ᠋ ᠡᠯ᠎ᠡ ᠱᠠᠲᠤᠨ ᠤ᠋ ᠠᠬᠠᠮᠠᠳ ᠺᠠᠳ᠋ᠷᠴᠤᠳ ᠤ᠋ᠨ ᠠᠵᠢᠯ ᠤ᠋ᠨ ᠰᠠᠯᠠᠭ᠎ᠠ ᠮᠥᠴᠢᠷ ᠶᠡᠷᠦᠩᠬᠡᠶ ᠱᠦᠵᠢ ᠰᠢ ᠵᠢᠨ ᠫᠢᠩ ᠤ᠋ᠨ ᠠᠬᠠᠮᠠᠳ ᠺᠠᠳ᠋ᠷᠴᠤᠳ ᠤ᠋ᠨ ᠠᠵᠢᠯ ᠤ᠋ᠨ ᠲᠤᠬᠠᠶ ᠴᠢᠬᠤᠯᠠ ᠥᠭᠦᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠵᠢᠨ 《1571》 ᠠᠵᠢᠯ ᠤ᠋ᠨ ᠪᠠᠢᠷᠢᠯᠠᠭᠤᠯᠤᠯᠲᠠ ᠶᠣᠰᠣᠭᠠᠷ᠂ ᠠᠬᠠᠮᠠᠳ ᠺᠠᠳ᠋ᠷᠴᠤᠳ ᠤ᠋ᠨ ᠠᠵᠢᠯ ᠢ᠋ ᠨᠠᠩ ᠨᠠᠷᠢᠨ ᠬᠢᠨᠠᠮᠠᠭᠠᠢ ᠰᠠᠢᠲᠤᠷ ᠬᠢᠵᠦ᠍᠂ ᠳᠤᠮᠳᠠᠳᠤ ᠤᠯᠤᠰ ᠤ᠋ᠨ ᠮᠠᠶ᠍ᠢᠭ ᠤ᠋ᠨ ᠤᠳᠤᠬᠢᠴᠢᠯᠠᠯᠲᠠ ᠶ᠋ᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌ ᠳ᠋ᠤ ᠱᠢᠨ᠎ᠡ ᠬᠤᠪᠢ ᠨᠡᠮᠡᠷᠢ ᠦᠵᠡᠭᠦᠯᠦᠨ᠎ᠡ᠃