— ᠮᠠᠨ᠎ᠤ ᠤᠯᠤᠰ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠦ ᠱᠢᠨ᠎ᠡ ᠵᠢᠷᠤᠭ ᠲᠥᠰᠦᠪ ᠢ᠋ ᠲᠦᠷᠭᠡᠨ ᠵᠢᠷᠤᠭ᠍ᠯᠠᠵᠤ ᠪᠠᠢᠨ᠎ᠠ
ᠲᠣᠮᠣ ᠤᠯᠤᠰ᠎ᠤᠨ ᠰᠤᠲᠤᠨ ᠲᠣᠨᠣᠭ᠍ᠯᠠᠯ ᠪᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠥᠪᠯᠡᠷᠡᠩᠭᠦᠶ ᠢᠯᠡᠷᠡᠯ ᠪᠠ ᠴᠢᠩᠭ᠎ᠠ ᠢᠯᠡᠷᠭᠡᠢ ᠲᠡᠮᠳᠡᠭ ᠮᠥᠨ᠃
ᠶᠡᠷᠦᠩᠬᠡᠢ ᠱᠦᠵᠢ ᠰᠢ ᠵᠢᠨ ᠫᠢᠩ᠂ ᠵᠢᠩᠬᠢᠨᠢ ᠲᠤᠮᠤ ᠤᠯᠤᠰ᠎ᠤᠨ ᠰᠤᠲᠤᠨ ᠲᠣᠨᠣᠭ᠍ᠯᠠᠯ᠎ᠢ ᠡᠷᠬᠡᠪᠰᠢ ᠥᠪᠡᠷ᠎ᠦᠨ ᠭᠠᠷ᠎ᠲᠠᠭᠠᠨ ᠡᠵᠡᠮᠳᠡᠬᠦ ᠬᠡᠷᠡᠭ᠌ᠲᠡᠢ ᠭᠡᠵᠦ ᠴᠢᠬᠤᠯᠠᠴᠢᠯᠠᠪᠠ᠃
ᠵᠢᠦ ᠵᠠᠩ᠂ ᠲᠢᠶᠠᠨ ᠸᠸᠨ᠂ ᠴᠠᠩ ᠧ ᠵᠡᠷᠭᠡ ᠴᠢᠬᠤᠯᠠ ᠶᠡᠬᠡ ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ ᠲᠦᠷᠭᠡᠨ ᠴᠣᠯᠭᠣᠷᠠᠨ ᠭᠠᠷᠴᠤ᠌᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠪᠣᠯᠤᠨ ᠠᠵᠤ ᠦᠢᠯᠡᠰ ᠭᠦᠨᠵᠡᠭᠡᠢ ᠠᠭᠤᠰᠤᠯᠴᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠥᠷᠨᠢᠭᠦᠨ ᠬᠥᠭ᠌ᠵᠢᠨ᠎ᠡ ᠁ ᠶᠠᠭ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠡᠬᠢᠯᠡᠭᠦᠯᠬᠦ᠌ ᠴᠢᠬᠤᠯᠠ ᠴᠠᠭ ᠬᠤᠭᠤᠴᠠᠭᠠᠨ᠎ᠳᠤ ᠲᠣᠬᠢᠶᠠᠯᠳᠤᠵᠤ᠂ ᠱᠢᠨᠡᠲᠡᠢᠰᠢ ᠤᠷᠤᠭᠰᠢᠯᠠᠵᠤ᠂ ᠠᠮᠢᠵᠢᠷᠠᠯ᠎ᠤᠨ ᠬᠦᠴᠦᠨ ᠤᠷᠬᠢᠯ᠎ᠤᠨ ᠪᠠᠳᠠᠷᠠᠵᠤ᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠷᠢᠶᠡᠨ᠎ᠳᠤ ᠢᠯᠠᠯᠲᠠ᠎ᠶ᠋ᠢᠨ ᠮᠡᠳᠡᠭᠡ ᠵᠠᠯᠭᠠᠭ᠎ᠠ᠎ᠪᠠᠷ ᠤᠯᠠᠮᠵᠢᠯᠠᠭ᠍ᠳᠠᠵᠤ᠂ ᠲᠤᠮᠤ ᠤᠯᠤᠰ᠎ᠤᠨ ᠰᠤᠲᠤᠨ ᠲᠣᠨᠣᠭ᠍ᠯᠠᠯ ᠨᠢ ᠱᠢᠨ᠎ᠡ᠎ᠶ᠋ᠢ ᠡᠭᠦᠳᠬᠦ᠌ ᠢᠳᠡ ᠬᠦᠴᠦᠨ᠎ᠢ ᠢᠯᠡᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠰᠦᠷ ᠳᠠᠯᠠᠢᠴᠠᠲᠠᠢ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠦ ᠱᠢᠨ᠎ᠡ ᠵᠢᠷᠤᠭ ᠲᠥᠰᠦᠪ ᠢ᠋ ᠲᠦᠷᠭᠡᠨ ᠵᠢᠷᠤᠭ᠍ᠯᠠᠵᠤ ᠪᠠᠢᠨ᠎ᠠ᠃
ᠰᠤᠲᠤᠨ ᠲᠣᠨᠣᠭ᠍ᠯᠠᠯ ᠦᠷᠢᠰᠦᠯᠳᠦᠨ ᠬᠦᠭᠵᠢᠵᠦ ᠵᠠᠩᠬᠢᠯᠠᠭ᠎ᠠ ᠵᠢᠨ ᠱᠢᠪᠲᠤᠯᠤᠯᠲᠠ ᠬᠢᠵᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ᠎ᠶ᠋ᠢ ᠴᠣᠭ᠍ᠴᠠᠯᠠᠪᠠ
ᠬᠠᠪᠤᠷ᠎ᠤᠨ ᠠᠭᠤᠷ ᠣᠷᠣᠵᠤ᠂ ᠱᠠᠩᠬᠠᠢ ᠵᠢᠨ ᠯᠢᠨᠭᠠᠩ ᠭᠠᠷᠠᠮ᠎ᠳᠤ ᠪᠠᠢᠷᠢᠯᠠᠵᠤ ᠪᠠᠢᠭ᠎ᠠ ᠳᠤᠮᠳᠠᠳᠤ ᠤᠯᠤᠰ᠎ᠤᠨ ᠬᠠᠮᠲᠤᠷᠠᠭ᠍ᠰᠠᠨ ᠱᠢᠲᠠᠮᠠᠬᠠᠢ ᠬᠡᠢ᠎ᠶ᠋ᠢᠨ ᠲᠦᠷᠪᠢᠨᠦ ᠮᠡᠷᠭᠡᠵᠢᠯ᠎ᠤᠨ ᠬᠢᠵᠠᠭᠠᠷᠲᠤ ᠺᠤᠮᠫᠠᠨᠢ ᠵᠢᠨ ᠦᠢᠯᠡᠳᠪᠦᠷᠢ᠎ᠶ᠋ᠢᠨ ᠲᠠᠰᠤᠭ᠎ᠲᠤ᠂ ᠮᠥᠩᠭᠥᠨ ᠴᠠᠭᠠᠨ ᠦᠩᠭᠡ ᠲᠠᠢ᠂ ᠰᠦᠷ ᠳᠠᠯᠠᠢᠴᠠᠲᠠᠢ 300 ᠮᠸᠭ᠎ᠠ ᠸᠠᠲ᠎ᠤᠨ ᠲᠡᠰ᠎ᠤᠨ F ᠲᠡᠰ᠎ᠤᠨ ᠬᠦᠨᠳᠦ ᠬᠡᠯᠪᠡᠷᠢ ᠵᠢᠨ ᠱᠢᠲᠠᠮᠠᠬᠠᠢ ᠬᠡᠢ᠎ᠶ᠋ᠢᠨ ᠲᠦᠷᠪᠢᠨᠦ ᠠᠩᠬᠠᠳᠠᠭ᠍ᠴᠢ ᠦᠯᠢᠭᠡᠷ ᠮᠠᠱᠢᠨ ᠨᠠᠮ ᠵᠢᠮ ᠰᠦᠨᠳᠡᠷᠯᠡᠵᠦ᠍᠂ 《ᠲᠤᠮᠤ ᠤᠯᠤᠰ᠎ᠤᠨ ᠰᠤᠲᠤᠨ ᠲᠣᠨᠣᠭ᠍ᠯᠠᠯ》 ᠤ᠋ᠨ ᠰᠦᠷ ᠵᠢᠪᠬᠤᠭ᠎ᠠ᠎ᠶ᠋ᠢ ᠢᠯᠡᠷᠡᠭᠦᠯᠦᠨ᠎ᠡ᠃
《300 ᠮᠸᠭ᠎ᠠ ᠸᠠᠲ ᠲᠠᠰ᠎ᠤᠨ F ᠲᠠᠰ᠎ᠤᠨ ᠬᠦᠨᠳᠦ ᠬᠡᠯᠪᠡᠷᠢ᠎ᠶ᠋ᠢᠨ ᠱᠢᠲᠠᠮᠠᠬᠠᠶ ᠬᠡᠶ᠎ᠶ᠋ᠢᠨ ᠲᠦᠷᠪᠢᠨ ᠪᠣᠯ ᠮᠠᠨ᠎ᠤ ᠤᠯᠤᠰ᠎ᠤᠨ ᠠᠩᠬᠠᠳᠠᠭᠴᠢ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠬᠠᠮᠤᠭ᠎ᠤᠨ ᠶᠡᠬᠡ ᠴᠢᠳᠠᠮᠵᠢ᠎ᠲᠠᠶ᠂ ᠬᠠᠮᠤᠭ᠎ᠤᠨ ᠥᠨᠳᠥᠷ ᠮᠡᠷᠭᠡᠵᠢᠯ᠎ᠦᠨ ᠲᠠᠰ᠎ᠤᠨ ᠬᠦᠨᠳᠦ ᠬᠡᠯᠪᠡᠷᠢ᠎ᠶ᠋ᠢᠨ ᠱᠢᠲᠠᠮᠠᠬᠠᠶ ᠬᠡᠶ᠎ᠶ᠋ᠢᠨ ᠮᠠᠱᠢᠨ ᠪᠣᠯᠤᠨ᠎ᠠ᠂ 5 ᠶᠡᠬᠡ ᠱᠢᠰᠲ᠋ᠧᠮ᠂ 5 ᠲᠦᠮᠡ ᠭᠠᠷᠤᠶ ᠨᠠᠷᠢᠯᠢᠭ ᠰᠡᠯᠪᠢᠭ ᠲᠣᠨᠣᠭ᠎ᠢᠶᠠᠷ ᠪᠦᠷᠢᠯᠳᠦᠵᠦ᠍᠂ 8 ᠵᠢᠯ ᠡᠳᠦᠷ ᠰᠥᠨᠢ ᠥᠬᠡᠶ ᠪᠣᠭᠣᠮᠲᠠ ᠱᠢᠪᠲᠤᠯᠬᠤ᠎ᠪᠠᠷ ᠳᠡᠮᠵᠢᠨ᠂ 19 ᠮᠤᠵᠢ ᠬᠣᠲᠠ᠎ᠶ᠋ᠢᠨ 200 ᠭᠠᠷᠤᠶ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠵᠠᠢ》ᠭᠡᠵᠦ᠍ ᠳᠤᠮᠳᠠᠳᠤ ᠤᠯᠤᠰ᠎ᠤᠨ ᠬᠠᠮᠲᠤᠷᠠᠭ᠍ᠰᠠᠨ ᠬᠦᠨᠳᠦ ᠬᠡᠯᠪᠡᠷᠢ᠎ᠶ᠋ᠢᠨ ᠱᠢᠲᠠᠮᠠᠬᠠᠶ ᠬᠡᠶ᠎ᠶ᠋ᠢᠨ ᠲᠦᠷᠪᠢᠨᠦ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠵᠦ᠍ ᠵᠢᠷᠤᠵᠤ ᠲᠥᠯᠥᠪᠯᠡᠬᠦ᠌ ᠠᠵᠢᠯ ᠦᠶ᠋ᠯᠡᠰ᠎ᠦᠨ ᠬᠡᠯᠲᠡᠰ᠎ᠦᠨ ᠶᠡᠷᠦᠩᠬᠡᠶ ᠳᠠᠭᠠᠭᠠᠮᠠᠯ ᠯᠢᠦᠶ ᠱᠢᠤᠸᠠᠨ ᠬᠡᠯᠡᠪᠡ᠃
ᠤᠷᠤᠮ ᠨᠢᠭᠡ ᠪᠦᠷᠢ ᠨᠢ ᠴᠥᠮ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ᠌ ᠪᠠᠲᠤ ᠪᠠᠷᠢᠮᠲᠠᠯᠠᠯ᠎ᠢ ᠰᠡᠢᠯᠵᠦ᠍᠂ ᠰᠡᠯᠪᠢᠭ ᠲᠤᠨᠤᠭ ᠨᠢᠭᠡ ᠪᠦᠷᠢ ᠨᠢ ᠴᠥᠮ ᠬᠠᠮᠵᠢᠯᠴᠠᠨ ᠱᠢᠨ᠎ᠡ᠎ᠶ᠋ᠢ ᠡᠭᠦᠳᠬᠦ᠌ ᠬᠦᠴᠦᠨ᠎ᠢ ᠨᠢᠭ᠍ᠲᠠᠷᠠᠭᠤᠯᠵᠤ ᠪᠠᠢᠳᠠᠭ᠃
ᠯᠢᠦᠶ ᠱᠢᠤᠸᠠᠨ᠂ ᠪᠦᠯᠬᠦᠮ᠎ᠤᠨ ᠬᠢᠨ ᠵᠥᠪ ᠴᠢᠭ᠌ᠯᠡᠯ᠎ᠢᠶᠡᠷ ᠵᠢᠷᠤᠵᠤ ᠲᠥᠯᠥᠪᠯᠡᠬᠦ᠌᠎ᠳᠦ ᠰᠠᠭᠤᠷᠢᠯᠠᠭ᠍ᠰᠠᠨ ᠦᠶ᠋ᠯᠡᠳᠬᠦ᠌ ᠪᠥᠬᠥ᠌ ᠶᠠᠪᠤᠴᠠ᠎ᠶ᠋ᠢ ᠪᠦᠷᠢᠨ ᠪᠦᠲᠦᠨ᠎ᠢᠶᠡᠷ ᠦᠩᠭᠡᠷᠡᠭᠡᠵᠦ᠂ 300 ᠮᠸᠭ᠎ᠠ ᠸᠠᠲ᠎ᠤᠨ ᠠᠩᠬᠠᠳᠠᠭ᠍ᠴᠢ ᠥᠯᠢᠭᠡᠷ ᠮᠠᠱᠢᠨ᠎ᠨᠢ ᠤᠷᠢᠳ ᠬᠣᠵᠢᠳ ᠲᠥᠬᠥᠮ ᠡᠷᠭᠢᠯᠲᠡ᠎ᠶ᠋ᠢᠨ ᠴᠢᠳᠠᠮᠵᠢ᠎ᠶ᠋ᠢᠨ ᠲᠤᠷᠱᠢᠯᠲᠠ᠂ 168 ᠴᠠᠭ᠎ᠤᠨ ᠳᠦᠭᠦᠷᠡᠩ ᠠᠴᠢᠶ᠎ᠠ ᠲᠠᠢ ᠪᠡᠷ ᠲᠤᠷᠱᠢᠨ ᠠᠵᠢᠯᠯᠠᠭᠤᠯᠬᠤ ᠵᠡᠷᠭᠡ ᠪᠦᠬᠦᠯᠢ ᠮᠠᠱᠢᠨ᠎ᠤ ᠲᠤᠷᠱᠢᠯᠲᠠ᠎ᠶ᠋ᠢᠨ ᠬᠥᠲᠥᠯᠪᠦᠷᠢ᠎ᠶ᠋ᠢᠨ ᠪᠥᠬᠥ᠌ ᠶᠠᠪᠤᠴᠠ ᠵᠢ ᠤᠷᠤᠭ᠍ᠰᠢᠲᠠᠶ ᠥᠩᠭᠡᠷᠡᠭᠡᠵᠦ᠍᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠴᠤᠬᠤᠯᠠᠪᠤᠷᠢᠯᠠᠭ᠍ᠰᠠᠨ ᠬᠢᠨᠠᠨ ᠱᠢᠯᠭᠠᠬᠤ ᠭᠦᠶ᠋ᠴᠡᠳᠭᠡᠯ ᠲᠣᠭ᠎ᠠ ᠵᠢᠨ ᠪᠠᠷᠢᠮᠵᠢᠶ᠎ᠠ᠎ᠳᠤ ᠪᠥᠬᠥ᠌ ᠲᠠᠯ᠎ᠠ᠎ᠪᠠᠷ ᠬᠥᠷᠴᠠᠢ ᠭᠡᠵᠦ ᠲᠠᠨᠢᠯᠴᠠᠭᠤᠯᠪᠠ᠃
ᠣᠳᠣᠬᠠᠨ᠎ᠳᠤ᠂ ᠠᠩᠬᠠᠳᠠᠭ᠍ᠴᠢ ᠥᠯᠢᠭᠡᠷ ᠮᠠᠱᠢᠨ᠎ᠤ ᠲᠤᠤᠷ ᠲᠤ᠌ ᠨᠡᠢᠯᠡᠭᠦᠯᠦᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠢᠲᠡ 1.96 ᠳ᠋ᠦᠩᠱᠢᠭᠤᠷ ᠺᠢᠯᠦᠸᠠᠲ ᠴᠠᠭᠲᠤᠯᠵᠤ᠂ ᠲᠡᠭᠦᠨ᠎ᠦ ᠦᠨᠡᠨ ᠪᠣᠳᠠᠲᠠᠶ ᠴᠠᠬᠢᠯᠭᠠᠨ ᠲᠤᠤᠷ᠎ᠤᠨ ᠣᠷᠴᠢᠨ ᠨᠥᠬᠥᠴᠡᠯ ᠳᠤᠤᠷᠠᠬᠢ ᠲᠣᠭ᠍ᠲᠠᠪᠤᠷᠢᠲᠤ ᠴᠢᠨᠠᠷ᠎ᠢ ᠭᠦᠶ᠋ᠴᠡᠳ ᠱᠢᠯᠭᠠᠨ ᠪᠠᠲᠤᠯᠠᠪᠠ᠂ ᠲᠡᠭᠦᠨ᠎ᠦ ᠠᠮᠵᠢᠯᠲᠠ ᠨᠢ ᠮᠠᠨ᠎ᠤ ᠤᠯᠤᠰ᠎ᠤᠨ ᠡᠨᠡ ᠬᠦ᠌ ᠬᠦᠷᠢᠶᠡᠨ᠎ᠳᠦ 《ᠳᠠᠭᠠᠨ ᠰᠤᠷᠤᠯᠴᠠᠵᠤ》 ᠪᠠᠢᠭ᠍ᠰᠠᠨ᠎ᠡᠴᠡ᠎ᠪᠠᠨ 《ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠬᠦ᠌》 ᠪᠤᠯᠤᠭᠰᠠᠨ ᠱᠢᠨ᠎ᠡ ᠳᠠᠪᠠᠯᠲᠠ᠎ᠶ᠋ᠢ ᠪᠡᠶᠡᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠃
ᠲᠡᠰ ᠲᠡᠪᠰᠢᠭᠦᠯᠬᠦ᠎ᠶ᠋ᠢ ᠲᠦᠷᠭᠡᠳᠭᠡᠵᠦ᠍᠂ ᠤᠯᠠᠨ ᠲᠠᠯ᠎ᠠ᠎ᠪᠠᠷ ᠠᠮᠵᠢᠯᠲᠠ ᠤᠯᠵᠤ᠂ ᠡᠯ᠎ᠡ ᠲᠦᠷᠦᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠬᠤᠢᠨ᠎ᠠ ᠬᠤᠢᠨ᠎ᠠ ᠡᠴᠡ ᠪᠡᠨ ᠴᠣᠯᠭᠣᠷᠠᠨ ᠭᠠᠷᠴᠤ᠌᠂ ᠪᠦᠬᠦ᠌ ᠲᠠᠯ᠎ᠠ᠎ᠶ᠋ᠢᠨ ᠱᠢᠨ᠎ᠡ᠎ᠶ᠋ᠢ ᠡᠭᠦᠳᠬᠦ᠌ ᠵᠢᠭ᠍ᠰᠠᠭᠠᠯ᠎ᠢ ᠪᠦᠷᠢᠯᠳᠦᠭᠦᠯᠪᠡ᠃
ᠰᠠᠨᠰᠠᠷ ᠤᠭᠲᠠᠷᠭᠤᠢ ᠪᠡᠷ ᠰᠢᠨᠵᠢᠭᠦᠢ — 2025 ᠣᠨ᠎ᠳᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠲᠣᠭ᠎ᠠ 92 ᠤᠳᠠᠭ᠎ᠠ ᠬᠦᠷᠴᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠲᠢᠶᠠᠨ ᠸᠸᠨ ᠬᠣᠶᠠᠳᠤᠭᠠᠷ 《ᠣᠲᠣᠨ ᠭᠠᠷᠠᠭ》 ᠤ᠋ᠨ ᠠᠶᠠᠯᠠᠯ᠎ᠢᠶᠠᠨ ᠡᠬᠢᠯᠡᠭᠦᠯᠵᠦ᠍᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ᠎ᠬᠢᠨ ᠬᠡᠪᠴᠢᠶ᠎ᠡ᠎ᠵᠢ᠎ᠲᠤ ᠬᠥᠭ᠌ᠵᠢᠯᠲᠡ ᠪᠡᠨ ᠵᠡᠷᠭᠡ ᠪᠡᠷ ᠪᠡᠶᠡᠯᠡᠭᠦᠯᠪᠡ; ᠳᠤᠮᠳᠠᠳᠤ ᠤᠯᠤᠰ᠎ᠤᠨ ᠰᠠᠨᠰᠠᠷ᠎ᠤᠨ ᠦᠷᠲᠡᠭᠡ ᠨᠢᠭᠡᠨᠲᠡ ᠲᠣᠭᠣᠷᠢᠯᠲᠠ᠎ᠶ᠋ᠢᠨ ᠵᠠᠮ᠎ᠳᠤ ᠱᠢᠨᠵᠢᠯᠡᠬᠦ᠌ ᠤᠬᠠᠭᠠᠨ ᠪᠣᠯᠤᠨ ᠬᠡᠷᠡᠭ᠌ᠯᠡᠭᠡᠨ᠎ᠦ 265 ᠲᠦᠷᠦᠯ ᠵᠦᠢᠯ᠎ᠢ ᠪᠠᠢᠷᠢᠯᠠᠭᠤᠯᠤᠨ ᠬᠡᠷᠡᠭ᠌ᠵᠢᠭᠦᠯᠵᠦ᠍᠂ ᠬᠥᠮᠦᠨ ᠲᠥᠷᠥᠯᠬᠢᠲᠡᠨ᠎ᠦ ᠰᠠᠨᠰᠠᠷ ᠣᠷᠴᠢᠯᠠᠩ᠎ᠢ ᠬᠠᠢᠨ ᠰᠦᠪᠡᠭ᠌ᠴᠢᠯᠡᠬᠦ᠌᠎ᠳᠦ ᠬᠣᠪᠣᠷ ᠨᠠᠨᠳᠢᠨ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠪᠠ᠃
ᠭᠦᠨ ᠳᠠᠯᠠᠢ ᠪᠡᠷ ᠰᠦᠪᠡᠭᠴᠢᠯᠡᠭᠦᠢ — 《ᠲᠡᠮᠡᠴᠡᠭ᠌ᠴᠢ》 ᠨᠡᠷᠡᠮᠵᠢᠲᠦ ᠨᠢ ᠳᠡᠯᠡᠬᠡᠢ᠎ᠶ᠋ᠢᠨ ᠠᠩᠬᠠᠳᠠᠭ᠍ᠴᠢ ᠤᠮᠠᠷᠠᠲᠤ ᠲᠤᠢᠯ᠎ᠤᠨ ᠨᠢᠭ᠍ᠲᠠ ᠮᠥᠰᠥᠨ ᠣᠷᠣᠨ᠎ᠳᠤ ᠵᠠᠯᠭᠠᠭ᠎ᠠ᠎ᠪᠠᠷ ᠬᠥᠮᠦᠨ ᠰᠠᠭᠤᠯᠭᠠᠭ᠍ᠰᠠᠨ ᠭᠦᠨ ᠱᠤᠩᠪᠠᠯᠲᠠᠶ᠋ᠢ ᠪᠡᠶᠡᠯᠡᠭᠦᠯᠵᠦ᠍᠂ ᠮᠠᠨ᠎ᠤ ᠤᠯᠤᠰ᠎ᠤᠨ ᠬᠥᠮᠦᠨ ᠰᠠᠭᠤᠯᠭᠠᠭ᠍ᠰᠠᠨ ᠭᠦᠨ ᠱᠤᠩᠪᠠᠯᠲᠠᠶ᠋ᠢᠨ ᠴᠢᠳᠠᠪᠤᠷᠢ ᠨᠢ 《ᠪᠦᠬᠦ᠌ ᠳᠠᠯᠠᠢ᠎ᠶ᠋ᠢᠨ ᠬᠠᠮᠤᠭ᠎ᠤᠨ ᠭᠦᠨ ᠤᠷᠤᠨ》 ᠡᠴᠡ 《ᠪᠦᠬᠦ᠌ ᠳᠠᠯᠠᠢ᠎ᠶ᠋ᠢᠨ ᠣᠷᠣᠨ》 ᠬᠦᠷᠲᠡᠯᠡᠬᠢ ᠴᠢᠬᠤᠯᠠ ᠶᠡᠬᠡ ᠳᠠᠪᠠᠯᠲᠠ᠎ᠶ᠋ᠢ ᠪᠡᠶᠡᠯᠡᠭᠦᠯᠵᠦ᠍᠂ ᠬᠥᠮᠦᠨ ᠲᠥᠷᠥᠯᠬᠢᠲᠡᠨ᠎ᠦ ᠬᠥᠮᠦᠨ ᠰᠠᠭᠤᠯᠭᠠᠭ᠍ᠰᠠᠨ ᠭᠦᠨ ᠱᠤᠩᠪᠠᠯᠲᠠ ᠪᠠ ᠤᠮᠠᠷᠠᠲᠤ ᠲᠤᠢᠯ᠎ᠤᠨ ᠭᠦᠨ ᠳᠠᠯᠠᠢ᠎ᠶ᠋ᠢᠨ ᠬᠠᠢᠨ ᠰᠦᠪᠡᠭ᠌ᠴᠢᠯᠡᠯᠲᠡ᠎ᠶ᠋ᠢᠨ ᠬᠦᠰᠢᠶ᠎ᠡ ᠳᠡᠮᠳᠡᠭ᠎ᠢ ᠡᠭᠦᠳᠴᠡᠢ᠃
ᠬᠤᠰᠢᠭᠤᠷᠠᠯ ᠮᠡᠷᠭᠡᠵᠢᠯ ᠡᠴᠡ ᠬᠠᠷᠠᠬᠤᠢ — 《ᠳᠤᠮᠳᠠᠳᠤ ᠤᠯᠤᠰ᠎ᠤᠨ ᠲᠩᠷᠢ᠎ᠶ᠋ᠢᠨ ᠨᠢᠳᠦ》᠂ ᠵᠢᠶᠠᠩᠮᠸᠨᠤ ᠨᠸᠦᠲ᠋ᠷᠢᠨᠤ᠋ ᠲᠤᠷᠱᠢᠯᠲᠠ ᠵᠡᠷᠭᠡ ᠲᠥᠬᠥᠭᠡᠷᠦᠮᠵᠢ ᠲᠠᠰᠤᠷᠠᠯᠲᠠ ᠥᠬᠡᠶ ᠬᠦᠴᠦᠯᠡᠵᠦ᠍᠂ ᠪᠠᠢᠭᠠᠯᠢ᠎ᠶ᠋ᠢᠨ ᠨᠢᠭᠤᠴᠠ᠎ᠶ᠋ᠢ ᠦᠷᠭᠦᠯᠵᠢᠯᠡᠨ ᠳᠡᠢᠯᠵᠦ᠍᠂ ᠮᠠᠨ᠎ᠤ ᠤᠯᠤᠰ᠎ᠤᠨ ᠰᠠᠭᠤᠷᠢ ᠰᠤᠳᠤᠯᠭᠠᠨ᠎ᠤ ᠴᠢᠩᠭ᠎ᠠ ᠬᠠᠲᠠᠭᠤ ᠪᠤᠲᠠᠲᠤ ᠬᠦᠴᠦᠨ᠎ᠢ ᠢᠯᠡᠷᠡᠭᠦᠯᠪᠡ᠃
ᠥᠭᠡᠷᠡᠴᠢᠯᠡᠯᠲᠡ ᠬᠢᠵᠦ ᠡᠨᠧᠷᠬᠢ ᠤᠯᠭᠤᠵᠤ ᠲᠠᠷᠤᠭᠠᠰᠤ ᠵᠢ ᠬᠦᠩᠭᠡᠷᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍ ᠱᠢᠨ᠎ᠡ᠎ᠶ᠋ᠢ ᠡᠭᠦᠳᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠪᠠ
ᠭᠦᠢᠵᠧᠦ᠍᠎ᠶ᠋ᠢᠨ ᠫᠢᠩᠲ᠋ᠠᠩ ᠳ᠋ᠤ᠂ ᠠᠭᠤᠯᠠᠰ᠎ᠢᠶᠠᠷ ᠬᠦᠷᠢᠶᠡᠯᠡᠭ᠌ᠳᠡᠭ᠌ᠰᠡᠨ᠂ 《ᠳᠤᠮᠳᠠᠳᠤ ᠤᠯᠤᠰ᠎ᠤᠨ ᠲᠩᠷᠢ᠎ᠶ᠋ᠢᠨ ᠨᠢᠳᠦ》FAST500 ᠮᠸᠲᠷ᠎ᠤᠨ ᠳ᠋ᠢᠶᠠᠮᠸᠲᠷᠤᠨ ᠷᠠᠳᠢᠣ᠋ ᠲᠤᠷᠠᠨ ᠨᠢ ᠶᠠᠭ ᠯᠠ ᠲᠩᠷᠢ᠎ᠶ᠋ᠢ ᠠᠵᠢᠭ᠍ᠯᠠᠬᠤ ᠲᠤᠮᠤ ᠨᠢᠳᠦ ᠮᠡᠲᠦ ᠬᠠᠷᠠᠭ᠍ᠳᠠᠨ᠎ᠠ᠃
ᠳᠣᠬᠢᠶ᠎ᠠ᠎ᠶ᠋ᠢ ᠵᠠᠳᠠᠯᠵᠤ᠂ ᠲᠣᠭ᠎ᠠ ᠪᠠᠷᠢᠮᠲᠠ᠎ᠶ᠋ᠢ ᠡᠵᠡᠮᠱᠢᠵᠦ᠂ ᠠᠯᠬᠤᠮ ᠪᠦᠷᠢ ᠨᠢ ᠴᠦᠮ ᠣᠷᠴᠢᠯᠠᠩ᠎ᠤᠨ ᠦᠯᠦ ᠮᠡᠳᠡᠬᠦᠢ ᠵᠢ ᠬᠠᠢᠨ ᠰᠦᠪᠡᠭ᠌ᠴᠢᠯᠡᠬᠦ᠌ ᠡᠭᠦᠷᠭᠡ ᠬᠠᠷᠢᠭᠤᠴᠠᠯᠭ᠎ᠠ᠎ᠶ᠋ᠢ ᠠᠴᠢᠶᠠᠯᠠᠵᠤ ᠪᠠᠢᠨ᠎ᠠ᠃
ᠣᠢᠷ᠎ᠠ᠎ᠳᠤ᠂ 《ᠳᠤᠮᠳᠠᠳᠤ ᠤᠯᠤᠰ᠎ᠤᠨ ᠲᠩᠷᠢ᠎ᠶ᠋ᠢᠨ ᠨᠢᠳᠦ》 ᠡᠴᠡ 《ᠬᠤᠤᠰ ᠣᠳᠣᠨ᠎ᠤ ᠡᠭᠦᠰᠦᠯ᠎ᠦᠨ ᠨᠢᠭᠤᠴᠠ》 ᠶ᠋ᠢ ᠠᠮᠵᠢᠯᠲᠠ᠎ᠲᠠᠶ ᠢᠯᠡᠷᠡᠭᠦᠯᠵᠦ᠍᠂ ᠬᠠᠮᠢᠶ᠎ᠠ ᠪᠥᠬᠥᠶ ᠦᠷ᠎ᠡ ᠪᠦᠲᠦᠭᠡᠯ᠎ᠢ ᠣᠯᠠᠨ ᠤᠯᠤᠰ᠎ᠤᠨ ᠡᠷᠳᠡᠮ ᠱᠢᠨᠵᠢᠯᠡᠭᠡᠨ᠎ᠦ ᠬᠤᠭᠤᠴᠠᠭᠠᠲᠤ ᠰᠡᠳᠬᠦᠯ 《ᠱᠢᠨᠵᠢᠯᠡᠬᠦ᠌ ᠤᠬᠠᠭᠠᠨ》 ᠲᠡᠭᠡᠷ᠎ᠡ ᠨᠡᠢᠲᠡᠯᠡᠵᠦ᠍᠂ ᠮᠠᠨ᠎ᠤ ᠤᠯᠤᠰ᠎ᠤᠨ ᠷᠠᠳᠢᠣ᠋ ᠣᠳᠣᠨ ᠣᠷᠣᠨ᠎ᠤ ᠬᠦᠷᠢᠶᠡᠨ᠎ᠳᠡᠬᠢ ᠲᠡᠷᠢᠭᠦᠨ᠎ᠦ ᠪᠠᠢᠷᠢ ᠰᠠᠭᠤᠷᠢ᠎ᠶ᠋ᠢ ᠢᠯᠡᠷᠡᠭᠦᠯᠪᠡ᠃
ᠤᠯᠤᠰ᠎ᠤᠨ ᠣᠳᠣᠨ ᠣᠷᠣᠨ᠎ᠤ ᠥᠷᠲᠡᠭᠡ᠎ᠶ᠋ᠢᠨ ᠳᠡᠳ᠋ ᠳᠠᠷᠤᠭ᠎ᠠ᠂ FAST ᠤ᠋ᠨ ᠠᠵᠢᠯᠯᠠᠭᠠᠨ ᠪᠠ ᠬᠥᠭ᠌ᠵᠢᠯᠲᠡ᠎ᠶ᠋ᠢᠨ ᠲᠥᠪ᠎ᠦᠨ ᠡᠷᠬᠢᠯᠡᠭ᠌ᠴᠢ ᠪᠥᠭᠡᠳ ᠶᠡᠷᠦᠩᠬᠡᠶ ᠢᠨᠵᠧᠨᠧᠷ ᠵᠢᠶᠠᠩ ᠫᠸᠩ᠂ 《ᠳᠤᠮᠳᠠᠳᠤ ᠤᠯᠤᠰ᠎ᠤᠨ ᠲᠡᠭᠷᠢ᠎ᠵᠢᠨ ᠨᠢᠳᠤ》 ᠦᠷᠭᠦᠯᠵᠢᠯᠡᠨ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠵᠤ ᠴᠢᠳᠠᠭ᠍ᠰᠠᠨ ᠨᠢ ᠤᠯᠤᠰ᠎ᠤᠨ ᠣᠷᠳᠣ ᠬᠤᠭᠤᠴᠠᠭᠠᠨ᠎ᠤ ᠲᠣᠭ᠍ᠲᠠᠪᠤᠷᠢᠲᠠᠶ ᠣᠷᠣᠭᠤᠯᠤᠯᠲᠠ ᠪᠠ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠎ᠡᠴᠡ ᠪᠣᠯᠤᠭ᠍ᠰᠠᠨ ᠮᠥᠷᠲᠡᠭᠡᠨ ᠪᠠᠰᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ 《ᠳᠠᠭᠠᠭᠠᠴᠢᠯᠠᠯᠲᠠ᠎ᠶ᠋ᠢᠨ ᠲᠦᠷᠢᠮ》 ᠵᠡᠷᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢᠨ ᠤᠨᠤᠴᠠᠲᠠᠢ ᠡᠨ᠋ᠸᠷᠬᠢ ᠤᠯᠭᠤᠭᠰᠠᠨ᠎ᠡᠴᠡ ᠪᠣᠯᠤᠭ᠍ᠰᠠᠨ ᠶᠤᠮ ᠭᠡᠵᠦ ᠢᠯᠡᠳᠭᠡᠪᠡ᠃
《ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠡᠵᠡᠨ ᠮᠡᠳᠡᠬᠦ᠌ ᠡᠷᠬᠡ ᠨᠠᠩ ᠶᠡᠬᠡ ᠪᠣᠯᠵᠠᠶ᠂ ᠣᠯᠠᠨ᠎ᠢᠶᠠᠷ᠎ᠢᠶᠠᠨ ᠨᠢᠭᠡ ᠰᠡᠳᠭᠢᠯ ᠨᠢᠭᠡ ᠵᠣᠷᠢᠭ᠎ᠢᠶᠠᠷ ᠡᠮᠦᠨ᠎ᠡ ᠹᠷᠣᠨᠲ᠎ᠲᠤ ᠭᠦᠨᠵᠡᠭᠡᠢᠷᠡᠨ ᠠᠵᠢᠯᠯᠠᠵᠤ᠂ 〈ᠡᠵᠡᠭᠦᠶ ᠣᠷᠣᠨ〉 ᠢ᠋ ᠵᠣᠷᠢᠭ᠍ᠲᠠᠶ᠎ᠪᠠᠷ ᠬᠠᠢᠨ ᠰᠦᠪᠡᠭ᠌ᠴᠢᠯᠡᠵᠦ᠍᠂ ᠤᠤᠭᠠᠯ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍ ᠳᠡᠢᠯᠬᠦ ᠪᠤᠯᠵᠠᠢ》 ᠭᠡᠵᠦ᠍ ᠵᠢᠶᠠᠩ ᠫᠸᠩ ᠬᠡᠯᠡᠪᠡ᠃
ᠣᠯᠠᠨ ᠡᠱᠢᠲᠦ ᠣᠷᠣᠭᠤᠯᠤᠯᠲᠠ᠎ᠶ᠋ᠢᠨ ᠲᠣᠭ᠍ᠲᠡᠴᠡ ᠦᠷᠭᠦᠯᠵᠢᠯᠡᠨ ᠪᠦᠷᠢᠨᠱᠢᠵᠥ᠍᠂ ᠰᠠᠭᠤᠷᠢ ᠰᠤᠳᠤᠯᠭᠠᠨ᠎ᠤ ᠤᠤᠭᠠᠯ ᠡᠭᠦᠳᠦᠯᠲᠡ᠎ᠶ᠋ᠢᠨ ᠤᠳᠤᠷᠢᠳᠤᠮᠵᠢ ᠲᠠᠰᠤᠷᠠᠯᠲᠠ ᠥᠬᠡᠶ ᠴᠢᠩᠭᠠᠷᠠᠵᠤ᠂ ᠬᠠᠮᠲᠤ᠎ᠶ᠋ᠢᠨ ᠲᠠᠨᠢᠯᠲᠠ᠎ᠶ᠋ᠢᠨ ᠪᠤᠰᠤ ᠲᠥᠷᠥᠯ ᠵᠦᠶ᠋ᠯ᠎ᠢ ᠵᠣᠭᠣᠰ᠎ᠢᠶᠠᠷ ᠲᠤᠰᠠᠯᠠᠬᠤ ᠲᠣᠭ᠍ᠲᠡᠴᠡ ᠠᠯᠬᠤᠮ ᠠᠯᠬᠤᠮ᠎ᠢᠶᠠᠷ ᠲᠡᠭᠦᠯᠳᠡᠷᠵᠢᠵᠦ᠍᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠲᠠᠰᠤᠷᠠᠯᠲᠠ ᠥᠬᠡᠶ ᠲᠥᠷᠥ᠎ᠶ᠋ᠢᠨ ᠪᠣᠳᠣᠯᠭ᠎ᠠ ᠪᠣᠯᠤᠨ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠮᠠᠨ᠎ᠤ ᠤᠯᠤᠰ᠎ᠤᠨ ᠠᠯᠬᠤᠮ ᠠᠯᠬᠤᠮ᠎ᠢᠶᠠᠷ ᠪᠥᠬᠥ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠬᠤᠯᠠ ᠭᠤᠯᠤᠮᠳᠠ ᠪᠣᠯᠬᠤ᠎ᠶ᠋ᠢ ᠠᠬᠢᠭᠤᠯᠪᠠ᠃
ᠪᠡᠭᠡᠵᠢᠩ᠎ᠳᠦ᠂ ᠬᠤᠸᠠᠢ ᠷᠸᠦ ᠱᠢᠨᠵᠢᠯᠡᠬᠦ᠌ ᠤᠬᠠᠭᠠᠨ᠎ᠤ ᠬᠤᠳᠠ᠎ᠳᠤ ᠨᠢᠭᠡᠨᠲᠡ 37 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠬᠥᠭᠡᠷᠦᠮᠵᠢ᠎ᠶ᠋ᠢᠨ ᠲᠠᠪᠴᠠᠩ᠎ᠤᠨ ᠲᠦᠷᠦᠯ ᠵᠦᠢᠯ᠎ᠢ ᠪᠠᠢᠷᠢᠯᠠᠭᠤᠯᠵᠤ᠂ ᠬᠠᠮᠤᠭ᠎ᠤᠨ ᠠᠩᠬᠠᠨ᠎ᠤ ᠲᠥᠯᠥᠪᠵᠢᠭᠦᠯᠭᠡᠡᠴᠡᠪᠡᠨ ᠠᠯᠬᠤᠮ ᠠᠯᠬᠤᠮ᠎ᠢᠶᠠᠷ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ᠎ᠶ᠋ᠢᠨ ᠨᠢᠭ᠍ᠲᠡᠴᠡᠪᠠᠷ ᠬᠠᠮᠤᠭ᠎ᠤᠨ ᠥᠨᠳᠥᠷ ᠭᠠᠵᠠᠷ ᠣᠷᠣᠨ᠎ᠤ ᠨᠢᠭᠡ ᠪᠤᠯᠵᠤ ᠬᠥᠭ᠌ᠵᠢᠪᠡ;
ᠱᠠᠩᠬᠠᠶ᠎ᠳᠤ᠂ ᠤᠭᠤᠷᠠᠭ᠎ᠤᠨ ᠲᠥᠬᠥᠭᠡᠷᠦᠮᠵᠢ ᠨᠢ ᠠᠮᠢ ᠨᠠᠰᠤᠨ᠎ᠤ ᠱᠢᠨᠵᠢᠯᠡᠬᠦ᠌ ᠤᠬᠠᠭᠠᠨ᠎ᠤ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠱᠠᠩᠬᠠᠶ᠎ᠶ᠋ᠢᠨ ᠬᠡᠷᠡᠯ ᠡᠭᠦᠰᠭᠡᠭ᠌ᠴᠢ ᠨᠢ 《ᠮᠢᠺᠷᠤᠮᠸᠲ᠋ᠷᠤᠨ ᠶᠢᠷᠲᠢᠨᠴᠦ᠍》 ᠵᠢ ᠭᠡᠷᠡᠯᠲᠦᠭᠦᠯᠵᠦ᠍᠂ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠪᠠᠢᠳᠠᠭ ᠹᠣᠲ᠋ᠣᠨ ᠲᠣᠨᠣᠭ᠍ᠯᠠᠯ᠎ᠤᠨ ᠴᠤᠭ᠍ᠯᠠᠷᠠᠯ᠎ᠢ ᠠᠩᠬ᠎ᠠ ᠠᠯᠬᠤᠮ ᠪᠦᠷᠢᠯᠳᠦᠭᠦᠯᠪᠡ;
ᠭᠤᠸᠠᠩᠳᠦ᠋ᠩ᠎ᠳᠦ᠂ ᠵᠢᠶᠠᠩ ᠮᠧᠨᠤ ᠨᠸᠦ᠋ᠲ᠋ᠷᠢᠨᠤ᠋ ᠲᠤᠷᠱᠢᠯᠲᠠ᠎ᠶ᠋ᠢᠨ ᠪᠦᠷᠢᠯᠳᠦᠬᠦᠨ ᠨᠢ 17 ᠤᠯᠤᠰ ᠪᠠ ᠭᠠᠵᠠᠷ ᠣᠷᠣᠨ᠂ 75 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ 700 ᠭᠠᠷᠤᠶ ᠰᠤᠳᠤᠯᠭᠠᠨ᠎ᠤ ᠠᠵᠢᠯᠲᠠᠨ᠎ᠢ ᠬᠠᠮᠤᠷᠴᠤ᠌᠂ ᠮᠠᠨ᠎ᠤ ᠤᠯᠤᠰ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠱᠢᠨ᠎ᠡ᠎ᠶ᠋ᠢ ᠡᠭᠦᠳᠬᠦ᠌ ᠣᠢᠯᠠᠭᠠᠭ᠍ᠳᠠᠬᠤᠨ᠎ᠢ ᠢᠯᠡᠷᠡᠭᠦᠯᠪᠡ ᠁
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠳᠭᠤᠴᠢᠬᠠᠪᠠᠯ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢ ᠨᠥᠯᠥᠭᠡᠯᠡᠬᠦ᠌ ᠵᠠᠩᠭᠢᠯᠠᠭ᠎ᠠ᠎ᠶ᠋ᠢ ᠠᠳᠭᠤᠴᠢᠬᠠᠨᠠ᠃ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠬᠦ᠌ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠣᠭ᠍ᠲᠡᠴᠡ᠎ᠶ᠋ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠬᠤ᠎ᠶ᠋ᠢ ᠠᠬᠢᠭᠤᠯᠤᠨ᠎ᠠ᠃
ᠵᠣᠷᠢᠭ ᠰᠠᠨᠠᠭ᠎ᠠ ᠵᠢ ᠦᠷᠭᠦᠯᠵᠢᠯᠡᠨ ᠵᠠᠯᠭᠠᠮᠵᠢᠯᠠᠵᠤ ᠰᠦᠪᠡᠭᠴᠢᠯᠡᠯᠲᠠ᠎ᠵᠢᠨ ᠵᠠᠮ᠎ᠢ ᠦᠶ᠎ᠡ ᠤᠯᠠᠮᠵᠢᠯᠠᠨ ᠦᠷᠭᠡᠳᠭᠡᠪᠡ
ᠰᠸᠴᠤᠸᠠᠨ᠎ᠤ ᠳ᠋ᠠᠪᠪᠠᠳᠤ᠂ ᠲᠡᠯᠡᠶ᠎ᠶ᠋ᠢᠨ ᠲᠦᠪᠱᠢᠨ᠎ᠡᠴᠡ ᠥᠨᠳᠥᠷ ᠡᠷᠭᠦᠭ᠌ᠳᠡᠭ᠌ᠰᠡᠨ ᠰᠠᠨᠰᠠᠷ᠎ᠤᠨ ᠱᠤᠭᠤᠮ᠎ᠢ ᠠᠵᠢᠭ᠍ᠯᠠᠨ ᠬᠡᠮᠵᠢᠬᠦ᠌ ᠥᠷᠲᠡᠭᠡ᠎ᠶ᠋ᠢᠨ 《ᠯᠠ ᠰᠦᠸᠸ》 ᠬᠠᠢᠭᠤᠷ ᠨᠢ ᠥᠨᠳᠥᠷᠯᠢᠭ ᠳᠡᠭᠡᠷ᠎ᠡ ᠦᠷᠭᠦᠯᠵᠢᠯᠡᠨ ᠳᠡᠯᠭᠡᠭ᠌ᠳᠡᠵᠦ᠍᠂ ᠶᠠᠭ ᠯᠠ 《ᠲᠩᠷᠢ᠎ᠶ᠋ᠢᠨ ᠲᠤᠤᠷ》 ᠱᠢᠭ᠋᠎ᠢᠶᠡᠷ ᠰᠠᠨᠰᠠᠷ᠎ᠤᠨ ᠱᠤᠭᠤᠮ᠎ᠤᠨ ᠤᠯᠠ ᠮᠥᠷ᠎ᠢ ᠡᠳᠦᠷ ᠰᠥᠨᠢ ᠠᠯᠭᠠᠰᠠᠯ ᠥᠬᠡᠶ ᠪᠡᠷ ᠲᠡᠮᠳᠡᠭᠯᠡᠨ᠎ᠡ᠃
ᠨᠠᠮᠢᠷᠠᠨ ᠮᠠᠨᠳᠤᠵᠤ ᠪᠠᠢᠭ᠎ᠠ ᠨᠠᠷᠠ᠎ᠶ᠋ᠢ ᠤᠭ᠍ᠲᠤᠨ᠂ ᠵᠠᠯᠠᠭᠤ ᠱᠢᠨᠵᠢᠯᠡᠬᠦ᠌ ᠤᠬᠠᠭᠠᠨ᠎ᠤ ᠰᠤᠳᠤᠯᠭᠠᠲᠠᠳ ᠲᠣᠨᠣᠭ ᠲᠥᠬᠥᠭᠡᠷᠦᠮᠵᠢ᠎ᠪᠡᠨ ᠡᠭᠦᠷ᠎ᠦᠨ ᠨᠠᠭᠠᠰᠢ ᠴᠠᠭᠠᠰᠢ ᠰᠦᠯᠵᠢᠯᠳᠦᠵᠦ᠍᠂ ᠬᠠᠢᠭᠤᠷ᠎ᠤᠨ ᠠᠵᠢᠯᠯᠠᠭᠠᠨ᠎ᠤ ᠪᠠᠢᠳᠠᠯ᠎ᠢ ᠨᠠᠷᠢᠨ ᠪᠠᠢᠴᠠᠭᠠᠨ᠎ᠠ᠃
ᠶᠠᠭ ᠡᠨᠡ ᠬᠦ᠌ ᠳᠤᠮᠳᠠᠴᠢ ᠨᠠᠰᠤ᠎ᠨᠢ 40 ᠬᠥᠷᠬᠥ᠌ ᠥᠬᠡᠶ ᠪᠦᠯᠬᠦᠮ ᠨᠡᠢᠲᠡ᠎ᠨᠢ ᠡᠷᠳᠡᠮ ᠱᠢᠨᠵᠢᠯᠡᠭᠡᠨ᠎ᠦ ᠡᠲᠡᠭᠡᠳᠦᠨᠬᠢᠨᠢ 70 ᠱᠢᠬᠠᠮ ᠵᠢᠯ ᠭᠠᠴᠢᠭ᠍ᠳᠠᠭᠤᠯᠵᠤ ᠪᠠᠢᠭ᠍ᠰᠠᠨ ᠣᠷᠴᠢᠯᠠᠩ᠎ᠤᠨ ᠱᠤᠭᠤᠮ᠎ᠤᠨ 《ᠡᠪᠦᠳᠦᠭ》 ᠪᠣᠯᠵᠣ ᠪᠦᠷᠢᠯᠳᠦᠭ᠌ᠰᠡᠨ ᠨᠢᠭᠤᠴᠠ᠎ᠶ᠋ᠢ ᠳᠡᠢᠯᠵᠦ᠍᠂ ᠬᠤᠯᠪᠤᠭᠳᠠᠯ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠨ᠎ᠳᠡᠬᠢ ᠴᠢᠬᠤᠯᠠ ᠶᠡᠬᠡ ᠱᠢᠪᠲᠤᠯᠤᠯᠲᠠ᠎ᠶ᠋ᠢ ᠪᠡᠶᠡᠯᠡᠭᠦᠯᠪᠡ᠃
《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠳᠤ ᠳᠥᠭᠥᠮ ᠳᠥᠲᠡ ᠠᠷᠭ᠎ᠠ ᠵᠠᠮ ᠭᠡᠵᠦ᠍ ᠪᠠᠢᠬᠤ ᠦᠭᠡᠢ᠂ ᠭᠠᠭ᠍ᠴᠠ ᠬᠦ᠌ 〈ᠠᠷᠪᠠᠨ ᠵᠢᠯ᠎ᠦᠨ ᠱᠢᠷᠭᠠᠭᠤ ᠴᠢᠷᠮᠠᠢᠯᠭ᠎ᠠ〉 ᠵᠢᠨ ᠲᠣᠭ᠍ᠲᠠᠯ ᠬᠦᠴᠦᠨ᠎ᠢ ᠪᠠᠲᠤ ᠰᠠᠬᠢᠵᠤ᠂ ᠵᠣᠷᠢᠭ᠍ᠲᠠᠢ᠎ᠪᠠᠷ ᠨᠣᠶᠠᠨ ᠤᠷᠬᠢᠯ᠎ᠳᠤ ᠠᠪᠠᠷᠢᠬᠤ ᠬᠠᠳᠠᠨ ᠵᠣᠷᠢᠭ᠎ᠢ ᠪᠠᠷᠢᠮᠲᠠᠯᠠᠪᠠᠯ ᠰᠠᠶ᠍ᠢ ᠮᠡᠷᠭᠡᠵᠢᠯ᠎ᠦᠨ ᠪᠣᠭᠣᠮᠢ᠎ᠶ᠋ᠢ ᠱᠢᠪᠲᠤᠯᠵᠤ᠂ ᠭᠣᠣᠯ ᠪᠣᠯᠬᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠴᠢᠳᠠᠨ᠎ᠠ》 ᠭᠡᠵᠦ 《ᠯᠠ ᠰᠦᠸᠸ》 ᠲᠥᠷᠥᠯ ᠵᠦᠶ᠋ᠯ᠎ᠤᠨ ᠠᠵᠢᠯᠯᠠᠭᠤᠯᠤᠨ ᠬᠠᠮᠠᠭᠠᠯᠠᠬᠤ ᠬᠠᠷᠢᠭᠤᠴᠠᠯᠭᠠᠲᠠᠨ ᠦ᠋ ᠴᠤᠤ ᠶᠦᠩ ᠬᠡᠯᠡᠪᠡ᠃
ᠥᠨᠳᠥᠷᠯᠢᠭ᠎ᠲᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠢ ᠥᠷᠨᠢᠭᠦᠯᠬᠦ᠌᠎ᠳᠦ᠂ ᠬᠦᠴᠢᠯᠲᠥ᠋ᠷᠥᠭ᠌ᠴᠢ ᠳᠤᠲᠠᠭ᠍ᠳᠠᠬᠤ᠂ ᠬᠠᠬᠢᠷ ᠬᠦᠢᠲᠡᠨ ᠵᠡᠷᠭᠡ ᠪᠠᠢᠭᠠᠯᠢ᠎ᠶ᠋ᠢᠨ ᠮᠠᠭᠤ ᠣᠷᠴᠢᠨ ᠨᠦᠬᠦᠴᠡᠯ᠎ᠢ ᠲᠡᠪᠴᠢᠬᠦ᠌ ᠬᠡᠷᠡᠭ᠌ᠲᠡᠶ ᠮᠥᠷᠲᠡᠭᠡᠨ ᠲᠥᠬᠥᠭᠡᠷᠦᠮᠵᠢ᠎ᠶ᠋ᠢᠨ ᠠᠵᠢᠯᠯᠠᠭ᠎ᠠ᠎ᠨᠢ ᠨᠥᠯᠥᠭᠡᠯᠡᠵᠦ᠍ ᠪᠠᠢᠭ᠎ᠠ ᠭᠡᠨᠡᠳᠲᠡ᠎ᠶ᠋ᠢᠨ ᠪᠠᠢᠳᠠᠯ ᠨᠢᠭᠡ ᠪᠦᠷᠢ᠎ᠶ᠋ᠢ ᠴᠠᠭ ᠲᠤᠬᠠᠶ᠎ᠳᠤᠨᠢ ᠱᠢᠶ᠋ᠳᠪᠦᠷᠢᠯᠡᠬᠦ᠌ ᠬᠡᠷᠡᠭ᠌ᠲᠡᠶ᠃ ᠠᠬᠠᠮᠠᠳ ᠨᠢᠭᠡ ᠦᠶ᠎ᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠲᠥᠪ ᠬᠢᠴᠢᠶᠡᠩᠭᠦᠢ ᠪᠣᠳᠠᠲᠠᠢ᠎ᠶ᠋ᠢ ᠡᠷᠬᠢᠮᠯᠡᠬᠦ᠌᠂ ᠡᠷᠡᠯᠬᠡᠭ᠌ᠯᠡᠨ ᠲᠡᠮᠡᠴᠡᠵᠦ᠍ ᠬᠤᠪᠢ ᠨᠡᠮᠡᠷᠢ ᠦᠵᠡᠭᠦᠯᠬᠦ᠌᠂ ᠪᠦᠯᠬᠦᠮᠳᠡᠨ ᠬᠠᠮᠵᠢᠯᠴᠠᠬᠤ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ ᠨᠢ ᠵᠠᠯᠠᠭᠤ ᠨᠢᠭᠡ ᠦᠶ᠎ᠡ᠎ᠶ᠋ᠢᠨ ᠬᠢᠨ᠎ᠦ ᠦᠷᠭᠦᠯᠵᠢᠯᠡᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ᠎ᠶ᠋ᠢ ᠵᠣᠷᠢᠭ᠍ᠵᠢᠭᠤᠯᠵᠠᠢ᠃
《ᠬᠣᠶᠠᠷ ᠪᠥᠮᠪᠥᠭᠡ ᠨᠢᠭᠡ ᠤᠳᠤᠨ》 ᠤ᠋ ᠵᠣᠷᠢᠭ ᠰᠠᠨᠠᠭ᠎ᠠ᠎ᠡᠴᠡ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ ᠬᠦᠷᠲᠡᠯ᠎ᠡ᠂ ᠦᠶ᠎ᠡ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠪᠣᠳᠠᠲᠠᠢ ᠠᠵᠢᠯ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠴᠡᠴᠡᠭ᠎ᠢ ᠤᠮᠳᠠᠯᠠᠭᠰᠠᠨ ᠪᠠᠢᠨ᠎ᠠ᠃
ᠣᠢᠷ᠎ᠠ᠎ᠶ᠋ᠢᠨ ᠵᠢᠯ᠎ᠦᠳ᠎ᠲᠦ᠂ ᠮᠠᠨ᠎ᠤ ᠤᠯᠤᠰ ᠴᠢᠳᠠᠪᠤᠷᠢᠲᠠᠨ ᠬᠥᠮᠦᠵᠢᠭᠦᠯᠬᠦ᠌ ᠪᠠ ᠦᠨᠡᠯᠡᠬᠦ᠌ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ 《ᠥᠭᠦᠯᠡᠯ᠎ᠢ ᠯᠡ ᠡᠷᠬᠢᠮᠯᠡᠬᠦ᠌᠂ ᠮᠡᠷᠭᠡᠵᠢᠯ᠎ᠦᠨ ᠴᠣᠯᠠ᠎ᠶ᠋ᠢ ᠯᠠ ᠡᠷᠬᠢᠮᠯᠡᠬᠦ᠌᠂ ᠰᠤᠷᠤᠯᠭ᠎ᠠ᠎ᠶ᠋ᠢᠨ ᠨᠠᠮᠲᠠᠷ᠎ᠢ ᠯᠠ ᠡᠷᠬᠢᠮᠯᠡᠬᠦ᠌᠂ ᠱᠠᠩᠨᠠᠯ᠎ᠤᠨ ᠵᠦᠶ᠋ᠯᠡᠰ᠎ᠢ ᠯᠡ ᠡᠷᠬᠢᠮᠯᠡᠬᠦ᠌》ᠵᠡᠷᠭᠡ 《ᠳᠥᠷᠪᠡ᠎ᠶ᠋ᠢ ᠯᠡ ᠡᠷᠬᠢᠮᠯᠡᠬᠦ᠌》 ᠦᠵᠡᠭ᠌ᠳᠡᠯ᠎ᠢ ᠠᠷᠢᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠷᠢᠮ᠎ᠦᠨ ᠭᠠᠪᠠ ᠭᠢᠨᠵᠢ᠎ᠶ᠋ᠢ ᠠᠷᠢᠯᠭᠠᠨ ᠥᠭ᠌ᠴᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠬᠦᠯᠢᠶᠡᠰᠦ᠎ᠶ᠋ᠢ ᠠᠯᠳᠠᠷᠠᠭᠠᠨ ᠳᠠᠷᠤᠭᠠᠰᠤ᠎ᠶ᠋ᠢ ᠬᠥᠩᠭᠡᠷᠡᠭᠦᠯᠵᠦ᠍᠂ ᠦᠯᠡᠮᠵᠢ ᠣᠯᠠᠨ ᠵᠠᠯᠠᠭᠤ ᠴᠢᠳᠠᠪᠤᠷᠢᠲᠠᠨ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠭᠦᠷᠭᠡ᠎ᠶ᠋ᠢᠨ ᠳᠤᠮᠳᠠ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠠᠪᠢᠶᠠᠰ ᠴᠢᠳᠠᠪᠤᠷᠢ᠎ᠪᠠᠨ ᠪᠦᠷᠢᠮᠦᠰᠦᠨ ᠢᠯᠡᠷᠡᠭᠦᠯᠪᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠭᠠᠷᠤᠭ᠎ᠠ᠎ᠳᠤ ᠰᠠᠭᠤᠷᠢᠯᠠᠵᠤ᠂ ᠥᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ ᠤᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠵᠦ᠍᠂ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠣᠣᠷ᠎ᠲᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠱᠢᠨᠵᠢᠯᠡᠬᠦ᠌ ᠤᠬᠠᠭᠠᠨᠲᠠᠳ᠎ᠤᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠨᠡᠩ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃
ᠡᠳᠦᠷ ᠢᠷᠡᠬᠦᠶ᠎ᠡ ᠲᠡᠭᠦᠯᠳᠡᠷᠵᠢᠵᠦ᠍ ᠪᠠᠢᠭ᠎ᠠ ᠱᠢᠰᠲ᠋ᠧᠮ᠎ᠳᠦ ᠲᠦᠱᠢᠭ᠌ᠯᠡᠨ᠂ ᠱᠢᠨᠲᠠᠷᠠᠰᠢ ᠦᠭᠡᠢ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠪᠠᠯ᠂ ᠮᠠᠨ᠎ᠤ ᠤᠯᠤᠰ ᠨᠡᠩ ᠤᠯᠠᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠢ ᠦᠷᠭᠦᠯᠵᠢᠯᠡᠨ ᠱᠢᠪᠲᠤᠯᠵᠤ᠂ ᠨᠡᠩ ᠤᠯᠠᠨ 《ᠲᠤᠮᠤ ᠤᠯᠤᠰ᠎ᠤᠨ ᠰᠤᠳᠤᠨ ᠲᠤᠨᠤᠭᠯᠠᠯ》 ᠢ᠋ ᠴᠣᠭ᠍ᠴᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠮᠠᠨ᠎ᠤ ᠤᠯᠤᠰ᠎ᠢᠶᠠᠨ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠬᠤ᠎ᠶ᠋ᠢ ᠲᠦᠷᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠵᠤ ᠴᠢᠳᠠᠬᠤ ᠨᠢ ᠯᠠᠪᠲᠠᠢ ᠶᠤᠮ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)