ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠲᠦᠷᠦᠭᠦᠦ ᠭᠠᠷᠠᠭ᠎ᠲᠤ ᠭᠠᠳᠠᠭᠰᠢ ᠭᠠᠷᠤᠭᠰᠠᠨ ᠬᠥᠮᠥᠨ᠎ᠦ ᠲᠣᠭ᠎ᠠ 14 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠪᠠ
2026-02-11 09:11:01
ᠵᠣᠬᠢᠶᠠᠭ᠍ᠴᠢ᠄
ᠰᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠶᠧ ᠬᠤᠤ ᠮᠢᠩ ᠸᠠᠩ ᠢᠦᠢ ᠬᠤᠤ
ᠣᠩᠱᠢᠭ᠍ᠰᠠᠨ ᠣᠳᠠᠭ᠎ᠠ᠄
★★★☆☆

2026 ᠣᠨ᠎ᠤ ᠴᠠᠭᠠᠨ ᠰᠠᠷ᠎ᠠ᠎ᠶᠢᠨ ᠵᠥᠭᠡᠭᠡᠪᠦᠷᠢ ᠡᠬᠢᠯᠡᠭᠡᠳ ᠨᠢᠭᠡᠨᠲᠡ ᠨᠢᠭᠡ ᠭᠠᠷᠠᠭ ᠪᠣᠯᠵᠠᠢ᠃ ᠰᠤᠷᠪᠤᠯᠵᠢᠯᠠᠭ᠍ᠴᠢ 9 ᠎ᠤ᠋ ᠡᠳᠦᠷ ᠵᠠᠮ ᠲᠡᠭᠡᠭᠡᠪᠦᠷᠢ᠎ᠶᠢᠨ ᠶᠠᠮᠤᠨ᠎ᠡᠴᠡ ᠣᠢᠯᠠᠭᠠᠭᠰᠠᠨ᠎ᠢᠶᠠᠷ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠲᠦᠷᠦᠭᠦᠦ ᠭᠠᠷᠠᠭ (2 ᠰᠠᠷ᠎ᠠ᠎ᠶᠢᠨ 2 ᠎ᠡᠴᠡ 8 ᠎ᠤ᠋ ᠡᠳᠦᠷ ᠪᠣᠯᠲᠠᠯ᠎ᠠ) ᠲᠤ᠌᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠨ ᠨᠠᠭᠠᠰᠢ ᠴᠠᠭᠠᠰᠢ ᠶᠠᠪᠤᠵᠤ ᠰᠠᠭᠤᠭᠰᠠᠨ ᠠᠶᠠᠨᠴᠢᠳ᠎ᠤᠨ ᠬᠡᠮᠵᠢᠶ᠎ᠡ 14 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠪᠠ᠃

ᠡᠭᠦᠨ᠎ᠳᠦ᠂ ᠵᠠᠰᠠᠮᠠᠯ ᠵᠠᠮ᠎ᠤᠨ ᠠᠶᠠᠨᠴᠢᠳ᠎ᠤᠨ ᠶᠠᠪᠤᠵᠤ ᠰᠠᠭᠤᠭᠰᠠᠨ ᠬᠡᠮᠵᠢᠶ᠎ᠡ 13 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 8600 ᠲᠦᠮᠡᠨ ᠬᠥᠮᠥᠨ ᠤᠳᠠᠭ᠎ᠠ᠎ᠶᠢ ᠳᠠᠪᠠᠵᠤ᠂ ᠤᠰᠤᠨ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 490 ᠲᠦᠮᠡᠨ ᠬᠥᠮᠥᠨ ᠤᠳᠠᠭ᠎ᠠ᠎ᠶᠢ ᠳᠠᠪᠠᠵᠤ᠂ ᠠᠷᠠᠳ᠎ᠤᠨ ᠠᠭᠠᠷ᠎ᠤᠨ ᠵᠦᠭᠡᠭᠡᠪᠦᠷᠢ᠎ᠶᠢᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 1600 ᠲᠦᠮᠡᠨ ᠬᠥᠮᠥᠨ ᠤᠳᠠᠭ᠎ᠠ᠎ᠶᠢ ᠳᠠᠪᠠᠪᠠ᠃

2 ᠰᠠᠷ᠎ᠠ᠎ᠶᠢᠨ 8 ᠎ᠤ᠋ ᠡᠳᠦᠷ (ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠲᠤᠯᠤᠳ᠋ᠤᠭᠠᠷ ᠡᠳᠦᠷ)᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠨ ᠨᠠᠭᠠᠰᠢ ᠴᠠᠭᠠᠰᠢ ᠶᠠᠪᠤᠵᠤ ᠰᠠᠭᠤᠭᠰᠠᠨ ᠠᠶᠠᠨᠴᠢᠳ᠎ᠤᠨ ᠬᠡᠮᠵᠢᠶ᠎ᠡ 22771.3 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 2.3% ᠎ᠪᠠᠷ ᠨᠡᠮᠡᠭᠳᠡᠪᠡ᠃

ᠪᠣᠳᠠᠲᠠᠢ ᠪᠡᠷ ᠦᠵᠡᠪᠡᠯ᠂ ᠵᠠᠰᠠᠮᠠᠯ ᠵᠠᠮ᠎ᠤᠨ ᠠᠶᠠᠨᠴᠢᠳ᠎ᠦᠨ ᠶᠠᠪᠤᠵᠤ ᠰᠠᠭᠤᠭᠰᠠᠨ ᠬᠡᠮᠵᠢᠶ᠎ᠡ 21117 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 2.5% ᠎ᠪᠠᠷ ᠨᠡᠮᠡᠭᠳᠡᠪᠡ᠃ ᠡᠭᠦᠨ᠎ᠳᠦ᠂ ᠲᠦᠷᠭᠡᠨ᠎ᠦ ᠵᠠᠰᠠᠮᠠᠯ ᠵᠠᠮ ᠵᠢᠴᠢ ᠡᠩ᠎ᠦᠨ ᠤᠯᠤᠰ᠎ᠤᠨ ᠪᠠ ᠮᠤᠵᠢ᠎ᠶᠢᠨ ᠵᠠᠰᠠᠮᠠᠯ ᠵᠠᠮ᠎ᠤᠨ ᠡᠵᠡᠩᠨᠡᠯᠲᠡ᠎ᠶᠢᠨ ᠪᠤᠰᠤ ᠵᠢᠵᠢᠭ ᠮᠠᠰᠢᠨ ᠲᠡᠷᠭᠡ ᠪᠡᠷ ᠶᠠᠪᠤᠵᠤ ᠰᠠᠭᠤᠭᠰᠠᠨ ᠠᠶᠠᠨᠴᠢᠳ᠎ᠤᠨ ᠬᠡᠮᠵᠢᠶ᠎ᠡ 17680 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 2.3% ᠪᠠᠷ ᠨᠡᠮᠡᠭᠳᠡᠪᠡ; ᠵᠠᠰᠠᠮᠠᠯ ᠵᠠᠮ᠎ᠤᠨ ᠡᠵᠡᠩᠨᠡᠯᠲᠡ᠎ᠶᠢᠨ ᠴᠢᠨᠠᠷᠲᠠᠢ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 3437 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 3.5% ᠎ᠪᠠᠷ ᠨᠡᠮᠡᠭᠳᠡᠪᠡ᠃

ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 1344.2 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 1.1% ᠎ᠪᠠᠷ ᠪᠠᠭᠤᠷᠠᠪᠠ᠃ ᠤᠰᠤᠨ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 75.3 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 10.4% ᠎ᠪᠠᠷ ᠨᠡᠮᠡᠭᠳᠡᠪᠡ; ᠠᠷᠠᠳ᠎ᠤᠨ ᠠᠭᠠᠷ᠎ᠤᠨ ᠵᠦᠭᠡᠭᠡᠪᠦᠷᠢ᠎ᠶᠢᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ 234.8 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 5.6% ᠎ᠪᠠᠷ ᠨᠡᠮᠡᠭᠳᠡᠪᠡ᠃

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号