ᠰᠤᠷᠪᠤᠯᠵᠢᠯᠠᠭ᠍ᠴᠢ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠤᠢᠷ᠎ᠡ ᠵᠢᠨ ᠡᠳᠦᠷ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 2025 ᠣᠨ᠎ᠤ 1᠎ᠡᠴᠡ 11 ᠰᠠᠷ᠎ᠠ ᠪᠣᠯᠲᠠᠯ᠎ᠠ᠂ ᠪᠥᠬᠥ᠌ ᠤᠯᠤᠰ᠎ᠤᠨ ᠪᠠᠢᠴᠠᠭᠠᠬᠤ ᠪᠠᠢᠭᠤᠯᠭ᠎ᠠ ᠢᠳᠡᠭᠡᠨ᠎ᠦ ᠵᠦᠶ᠋ᠯ ᠡᠮ᠎ᠦᠨ ᠵᠦᠶ᠋ᠯ᠎ᠦᠨ ᠠᠮᠤᠷ ᠲᠦᠪᠱᠢᠨ᠎ᠦ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠢ ᠨᠡᠢᠲᠡ 24029 ᠬᠤᠪᠢ ᠬᠡᠷᠡᠭ ᠪᠣᠯᠭᠠᠨ ᠳᠡᠩᠰᠡᠯᠡᠵᠦ᠍ ᠱᠢᠶ᠋ᠳᠪᠦᠷᠢᠯᠡᠪᠡ᠃
2025 ᠣᠨ᠎ᠤ 1 ᠰᠠᠷ᠎ᠠ᠎ᠳᠤ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠡᠴᠡ 《ᠢᠳᠡᠭᠡᠨ᠎ᠦ ᠵᠦᠶ᠋ᠯ ᠡᠮ᠎ᠦᠨ ᠵᠦᠶ᠋ᠯ᠎ᠦᠨ ᠠᠮᠤᠷ ᠲᠦᠪᠱᠢᠨ᠎ᠦ ᠠᠶᠠᠯᠠᠯ》 ᠤ᠋ᠨ ᠪᠠᠢᠴᠠᠭᠠᠬᠤ ᠪᠠᠢᠭᠤᠯᠭ᠎ᠠ ᠵᠢᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠳᠤ ᠬᠢᠨᠠᠯᠲᠠ ᠲᠠᠯᠪᠢᠬᠤ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠪᠡ᠃ ᠪᠠᠢᠴᠠᠭᠠᠬᠤ ᠪᠠᠢᠭᠤᠯᠭ᠎ᠠ ᠡᠴᠡ ᠢᠳᠡᠭᠡᠨ᠎ᠦ ᠵᠦᠶ᠋ᠯ᠎ᠳᠦ ᠬᠠᠤᠯᠢ ᠪᠤᠰᠤ᠎ᠪᠠᠷ ᠨᠡᠮᠡᠯᠲᠡ ᠡᠳ᠋ ᠬᠢᠬᠦ᠌᠂ ᠢᠳᠡᠭᠡᠨ᠎ᠦ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠮᠤᠷ ᠲᠦᠪᠱᠢᠨ᠂ ᠤᠷᠢᠳᠴᠢᠯᠠᠨ ᠦᠶ᠋ᠯᠡᠳᠦᠭ᠌ᠰᠡᠨ ᠬᠤᠭᠤᠯᠠ᠎ᠶ᠋ᠢᠨ ᠠᠰᠠᠭᠤᠳᠠᠯ᠎ᠢ ᠴᠡᠭ᠌ᠴᠡᠯᠡᠨ ᠵᠠᠰᠠᠬᠤ᠂ ᠲᠣᠭ᠍ᠲᠠᠭᠠᠯ᠎ᠡᠴᠡ ᠵᠥᠷᠢᠴᠡᠨ ᠵᠣᠷ᠎ᠤᠨ ᠡᠮ ᠵᠢᠴᠢ ᠪᠣᠷᠣᠯᠠᠭᠤᠯᠬᠤ᠎ᠶ᠋ᠢ ᠴᠠᠭᠠᠵᠠᠯᠠᠬᠤ ᠡᠮ᠎ᠢ ᠪᠣᠷᠣᠯᠠᠭᠤᠯᠬᠤ ᠵᠡᠷᠭᠡ ᠲᠠᠯ᠎ᠠ᠎ᠳᠤ ᠠᠩᠬᠠᠷᠤᠯ᠎ᠢᠶᠡᠨ ᠲᠦᠪᠯᠡᠷᠡᠭᠦᠯᠵᠦ ᠭᠤᠤᠯᠳᠠᠯᠭ᠎ᠠ᠎ᠲᠠᠶ ᠬᠢᠨᠠᠯᠲᠠ ᠲᠠᠯᠪᠢᠪᠠ᠃
ᠡᠯ᠎ᠡ ᠭᠠᠵᠠᠷ᠎ᠤᠨ ᠪᠠᠢᠴᠠᠭᠠᠬᠤ ᠪᠠᠢᠭᠤᠯᠭ᠎ᠠ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠵᠢᠨ ᠬᠡᠷᠡᠭᠢᠰᠢᠢᠳᠪᠦᠷᠢᠯᠡᠬᠦ ᠪᠡᠷ ᠳᠠᠮᠵᠢᠭᠤᠯᠤᠨ᠂ ᠬᠠᠢᠨᠠᠨ᠎ᠤ ᠬᠡᠰᠡᠭ ᠳᠡᠯᠭᠡᠭᠦᠷ᠎ᠤᠨ ᠲᠣᠭ᠍ᠲᠠᠭᠠᠯ᠎ᠡᠴᠡ ᠵᠥᠷᠢᠴᠡᠨ ᠱᠢᠬᠢᠷᠯᠢᠭ ᠡᠳ᠋ ᠬᠡᠷᠡᠭ᠌ᠯᠡᠭ᠌ᠰᠡᠨ᠂ ᠱᠠᠨ ᠰᠢ᠎ᠶ᠋ᠢᠨ ᠣᠯᠠᠨ ᠭᠠᠵᠠᠷ᠎ᠤᠨ ᠴᠢᠪᠠᠭ᠎ᠠ᠎ᠶ᠋ᠢᠨ ᠲᠡᠯᠭᠡᠭᠦᠷ ᠬᠠᠭᠤᠷᠮᠠᠭ᠎ᠢᠶᠠᠷ ᠵᠢᠩᠬᠢᠨᠢ᠎ᠶ᠋ᠢ ᠣᠷᠣᠯᠠᠭᠤᠯᠤᠭ᠍ᠰᠠᠨ᠂ ᠪᠡᠭᠡᠵᠢᠩ ᠬᠣᠲᠠ᠎ᠶ᠋ᠢᠨ ᠴᠤᠤᠶᠠᠩ ᠲᠣᠭᠣᠷᠢᠭ᠎ᠤᠨ ᠵᠠᠷᠢᠮ ᠮᠢᠬᠠᠨ ᠢᠳᠡᠭᠡᠨ᠎ᠳᠤ ᠬᠠᠭᠤᠷᠮᠠᠭ ᠡᠳ᠋ ᠬᠣᠯᠢᠭ᠍ᠰᠠᠨ ᠵᠡᠷᠭᠡ ᠠᠰᠠᠭᠤᠳᠠᠯ᠎ᠢ ᠱᠠᠯᠠᠪᠳᠠᠭᠤᠯᠤᠨ ᠴᠡᠭᠴᠡᠯᠡᠨ ᠵᠠᠰᠠᠪᠠ᠃
ᠨᠡᠢᠭᠡᠮ ᠲᠣᠭᠣᠷᠢᠭ᠎ᠤᠨ ᠪᠦᠯᠬᠦᠮ ᠪᠠᠢᠭᠤᠯᠤᠨ ᠬᠤᠳᠠᠯᠳᠤᠨ ᠠᠪᠬᠤ ᠳᠤᠮᠳᠠᠬᠢ ᠲᠦᠭᠦᠬᠡᠶ ᠰᠤᠷᠭᠤᠭ ᠢᠳᠡᠭᠡᠨ᠎ᠦ ᠵᠦᠶ᠋ᠯ᠎ᠤᠨ ᠪᠠᠷᠠᠭ᠎ᠠ ᠵᠢ ᠣᠷᠣᠭᠤᠯᠬᠤ ᠶᠠᠪᠤᠴᠠ᠎ᠳᠤ ᠪᠠᠢᠴᠠᠭᠠᠨ ᠱᠢᠯᠭᠠᠬᠤ ᠡᠭᠦᠷᠭᠡ᠎ᠪᠡᠨ ᠭᠦᠶ᠋ᠴᠡᠳᠭᠡᠭ᠌ᠰᠡᠨ ᠥᠬᠡᠶ᠂ ᠶᠠᠰᠤ ᠴᠢᠨᠠᠷ᠎ᠤᠨ ᠪᠠᠢᠴᠠᠭᠠᠨ ᠱᠢᠯᠭᠠᠯᠲᠠ᠎ᠨᠢ ᠬᠡᠯᠪᠡᠷᠢ᠎ᠶ᠋ᠢᠨ ᠲᠡᠳᠦᠶ ᠪᠠᠢᠬᠤ᠂ ᠬᠥᠮᠥᠷᠭᠡ᠎ᠶ᠋ᠢᠨ ᠭᠠᠵᠠᠷ᠎ᠢ ᠰᠣᠩᠭᠣᠭ᠍ᠰᠠᠨ᠎ᠨᠢ ᠱᠠᠭᠠᠷᠳᠠᠯᠭ᠎ᠠ᠎ᠳᠤ ᠨᠡᠢᠴᠡᠬᠦ᠌ ᠥᠬᠡᠶ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠨᠢ ᠴᠡᠪᠡᠷ ᠲᠡᠭ᠌ᠰᠢ ᠪᠤᠰᠤ᠂ ᠢᠳᠡᠭᠡᠨ ᠬᠢᠭᠡᠳ ᠬᠤᠤᠷᠲᠠᠶ ᠪᠣᠳᠠᠰ᠎ᠢ ᠬᠣᠯᠢᠯᠳᠤᠭᠤᠯᠤᠨ ᠲᠠᠯᠪᠢᠭ᠍ᠰᠠᠨ᠂ ᠢᠳᠡᠭᠡᠨ᠎ᠦ ᠶᠠᠰᠤ ᠴᠢᠨᠠᠷ᠎ᠨᠢ ᠬᠢᠷᠢ ᠲᠡᠩᠴᠡᠭᠦ᠌ ᠥᠬᠡᠶ᠂ ᠬᠦᠶ᠋ᠲᠡᠨ᠎ᠢᠶᠡᠷ ᠵᠦᠭᠡᠭᠡᠪᠦᠷᠢᠯᠡᠬᠦ ᠶᠠᠪᠤᠴᠠ᠎ᠨᠢ ᠪᠠᠷᠢᠮᠵᠢᠶ᠎ᠠ᠎ᠳᠤ ᠬᠥᠷᠬᠥ᠌ ᠥᠬᠡᠶ ᠵᠡᠷᠭᠡ ᠲᠦᠭᠡᠮᠡᠯ ᠴᠢᠨᠠᠷᠲᠠᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠡᠴᠡ ᠪᠥᠬᠥ᠌ ᠤᠯᠤᠰ᠎ᠤᠨ ᠪᠠᠢᠴᠠᠭᠠᠬᠤ ᠪᠠᠢᠭᠤᠯᠭ᠎ᠠ᠎ᠶ᠋ᠢ ᠵᠣᠬᠢᠶᠠᠨ ᠪᠠᠢᠭᠤᠯᠤᠨ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠤᠯᠲᠠ ᠵᠢ ᠥᠷᠨᠢᠭᠦᠯᠵᠦ᠍᠂ ᠡᠯ᠎ᠡ ᠲᠥᠷᠥᠯ᠎ᠦᠨ ᠭᠤᠤᠯ ᠬᠥᠮᠥᠷᠭᠡ᠂ ᠲᠤᠤᠷᠵᠢᠯ ᠬᠥᠮᠥᠷᠭᠡ᠂ ᠦᠪᠡᠰᠦᠪᠡᠨ ᠪᠠᠷᠠᠭ᠎ᠠ ᠪᠡᠨ ᠲᠤᠰᠴᠤ ᠠᠪᠬᠤ ᠭᠠᠵᠠᠷᠢᠨᠡᠢᠲᠡ 3.1 ᠲᠦᠮᠡ ᠭᠠᠷᠤᠶ ᠬᠢᠨᠠᠯᠲᠠ ᠲᠠᠯᠪᠢᠵᠤ ᠴᠡᠭ᠌ᠴᠡᠯᠡᠨ ᠰᠠᠢᠵᠢᠷᠠᠭᠤᠯᠪᠠ᠃
ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠲᠢᠩᠬᠢᠮ᠎ᠦᠨ ᠳᠠᠷᠤᠭ᠎ᠠ ᠱᠢᠤᠢ ᠱᠢᠶᠠᠩ ᠴᠦᠨ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠡᠨᠡ ᠵᠢᠯ 《ᠢᠳᠡᠭᠡᠨ᠎ᠦ ᠵᠦᠶ᠋ᠯ ᠡᠮ᠎ᠦᠨ ᠵᠦᠶ᠋ᠯ᠎ᠦᠨ ᠠᠮᠤᠷ ᠲᠦᠪᠱᠢᠨ᠎ᠦ ᠠᠶᠠᠯᠠᠯ》 ᠤ᠋ᠨ ᠪᠠᠢᠴᠠᠭᠠᠬᠤ ᠪᠠᠢᠭᠤᠯᠭ᠎ᠠ ᠵᠢᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠳᠤ ᠬᠢᠨᠠᠯᠲᠠ ᠲᠠᠯᠪᠢᠬᠤ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ ᠠᠬᠢᠭᠤᠯᠤᠨ᠎ᠠ᠃ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠡᠴᠡ ᠡᠯ᠎ᠡ ᠭᠠᠵᠠᠷ᠎ᠤᠨ᠎ᠬᠢᠨ᠎ᠤ 《ᠵᠢᠵᠢᠭ ᠶᠠᠪᠤᠳᠠᠯ ᠡᠴᠡ ᠭᠠᠷᠳᠠᠵᠤ᠂ ᠶᠡᠬᠡ ᠱᠢᠪᠲᠤᠯᠤᠯᠲᠠ ᠭᠠᠷᠭᠠᠬᠤ》 ᠵᠠᠭ᠍ᠪᠤᠷ᠎ᠢ ᠦᠷᠭᠦᠯᠵᠢᠯᠡᠨ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠳᠤ ᠨᠠᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠢ ᠵᠢᠨ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠣᠯᠠᠨ ᠲᠦᠮᠡᠨ᠎ᠦ ᠲᠤᠰᠭᠠᠯ ᠬᠠᠮᠤᠭ᠎ᠤᠨ ᠴᠢᠩᠭ᠎ᠠ᠂ ᠠᠰᠠᠭᠤᠳᠠᠯ ᠬᠠᠮᠤᠭ᠎ᠤᠨ ᠲᠥᠪᠯᠡᠷᠡᠭ᠌ᠰᠡᠨ ᠬᠡᠳᠦᠨ ᠬᠦᠷᠢᠶᠡᠨ᠎ᠳᠦ ᠴᠢᠭᠯᠡᠭᠦᠯᠦᠨ ᠦᠷᠭᠦᠯᠵᠢᠯᠡᠨ ᠪᠣᠭᠣᠮᠲᠠ ᠱᠢᠪᠲᠤᠯᠬᠤ ᠵᠢ ᠵᠢᠯᠤᠭᠤᠳᠤᠨ᠎ᠠ ᠭᠡᠵᠦ ᠲᠠᠨᠢᠯᠴᠠᠭᠤᠯᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)