ᠵᠢᠱ᠌ᠢᠯᠲᠡ ᠪᠡᠷ 2026 ᠣᠨ᠎ᠳᠤ 3600 ᠭᠠᠷᠤᠢ ᠴᠢᠬᠤᠯᠠ ᠶᠡᠬᠡ ᠲᠥᠷᠥᠯ ᠵᠦᠢᠯ᠎ᠢ ᠬᠡᠷᠡᠭᠵᠢᠭᠦᠯᠬᠦ ᠪᠣᠯᠣᠨ᠎ᠠ
2026-02-11 16:09:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶᠢᠨ 10᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡ ᠨᠡᠢᠲᠡᠯᠡᠬᠦ ᠠᠯᠪᠠᠨ ᠭᠡᠷ ᠎ᠤᠨ ᠵᠣᠬᠢᠶᠠᠨ ᠪᠠᠢᠭᠤᠯᠵᠤ ᠬᠤᠷᠠᠯᠳᠤᠭᠤᠯᠤᠭᠰᠠᠨ 《〈1571〉 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠵᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ ᠥᠪᠥᠷ ᠮᠣᠩᠭᠣᠯ ᠵᠢᠱ᠌ᠢᠯᠲᠡ᠎ᠪᠡᠷ 2026 ᠣᠨ᠎ᠳᠤ 3600 ᠭᠠᠷᠤᠢ ᠴᠢᠬᠤᠯᠠ ᠶᠡᠬᠡ ᠲᠥᠷᠥᠯ ᠵᠦᠢᠯ᠎ᠢ ᠬᠡᠷᠡᠭᠵᠢᠭᠦᠯᠵᠦ᠂ ᠣᠨ᠎ᠤ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠶᠢ 1 ᠲᠦᠮᠡᠨ ᠳ᠋ᠦᠩᠰᠢᠭᠤᠷ ᠲᠥᠭᠥᠷᠢᠭ ᠣᠷᠴᠢᠮ ᠪᠡᠶᠡᠯᠡᠭᠦᠯᠵᠦ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ᠎ᠶᠢ 8% ᠣᠷᠴᠢᠮ ᠨᠡᠮᠡᠭᠳᠡᠭᠦᠯᠬᠦ᠎ᠵᠢ ᠳᠡᠮᠵᠢᠬᠦ ᠪᠡᠷ ᠪᠤᠢ᠃

ᠪᠡᠯᠡ ᠣᠷᠣᠭᠤᠯᠤᠯᠲᠠ᠎ᠶᠢ ᠠᠳᠬᠤᠬᠤ᠎ᠶᠢᠨ ᠵᠠᠩᠭᠢᠯᠠᠭ᠎ᠠ ᠨᠢ ᠴᠢᠬᠤᠯᠠ ᠶᠡᠬᠡ ᠲᠦᠷᠦᠯ ᠵᠦᠢᠯ᠎ᠢ ᠠᠳᠬᠤᠬᠤ ᠶᠠᠪᠤᠳᠠᠯ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠬᠤᠸᠠᠩ ᠸᠸᠨ ᠴᠤᠸᠠᠨ ᠢᠯᠡᠷᠬᠡᠢᠯᠡᠬᠦ᠎ᠳᠡᠭᠡᠨ᠂ ᠡᠨᠡ ᠵᠢᠯ ᠥᠪᠥᠷ ᠮᠣᠩᠭᠣᠯ ᠪᠡᠯᠡ ᠣᠷᠣᠭᠤᠯᠤᠯᠲᠠ᠎ᠶᠢᠨ ᠪᠦᠲᠦᠴᠡ᠎ᠪᠡᠨ ᠰᠢᠯᠢᠳᠡᠭᠵᠢᠭᠦᠯᠵᠦ ᠪᠡᠯᠡ ᠣᠷᠣᠭᠤᠯᠤᠯᠲᠠ᠎ᠶᠢᠨ ᠣᠷᠣᠨ ᠵᠠᠢ ᠪᠠᠨ ᠥᠷᠭᠡᠳᠬᠡᠨ᠎ᠡ ᠭᠡᠵᠡᠢ᠃ ᠡᠩ ᠲᠡᠷᠢᠭᠦᠨ᠎ᠳᠦ᠂ ᠤᠯᠠᠮᠵᠢᠯᠠᠯᠲᠤ ᠬᠦᠷᠢᠶᠡᠨ᠎ᠦ ᠪᠡᠯᠡ ᠣᠷᠣᠭᠤᠯᠤᠯᠲᠠ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠰᠢᠨ᠎ᠡ ᠬᠥᠳᠡᠯᠭᠡᠬᠦ ᠡᠨᠧᠷᠭᠢ᠎ᠶᠢ ᠢᠳᠡᠪᠬᠢᠲᠡᠢ ᠪᠣᠢᠵᠢᠭᠤᠯᠵᠤ᠂ ᠪᠡᠯᠡ ᠣᠷᠣᠭᠤᠯᠤᠯᠲᠠ᠎ᠶᠢᠨ ᠲᠣᠭᠲᠠᠭᠤᠨ ᠨᠡᠮᠡᠭᠳᠡᠯ᠎ᠢ ᠴᠢᠷᠮᠠᠢᠨ ᠪᠠᠲᠤᠯᠠᠨ᠎ᠠ᠃ ᠳᠠᠷᠠᠭᠠᠯᠠᠪᠠᠯ᠂ ᠤᠯᠤᠰ᠎ᠤᠨ ᠬᠥᠭᠵᠢᠯᠲᠡ᠎ᠶᠢᠨ ᠬᠡᠷᠡᠭᠴᠡᠭᠡ᠎ᠲᠠᠢ ᠤᠶᠠᠯᠳᠤᠭᠤᠯᠤᠨ᠂ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠢᠯᠡᠷᠡᠭᠦᠯᠦᠭᠰᠡᠨ ᠣᠲᠣ᠌ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠶ᠋ᠢᠭᠤᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠬᠦᠷᠢᠶ᠎ᠡ᠎ᠶᠢ ᠦᠷᠭᠦᠯᠵᠢᠯᠡᠨ ᠴᠢᠩᠭᠠᠷᠠᠭᠤᠯᠵᠤ᠂ ᠬᠥᠭᠵᠢᠯᠲᠡ᠎ᠳ᠋ᠤ ᠱᠠᠭᠠᠷᠳᠠᠵᠤ ᠪᠠᠢᠭ᠎ᠠ᠂ ᠣᠷᠣᠨ ᠨᠤᠲᠤᠭ᠎ᠤᠨ ᠬᠢᠵᠦ ᠳᠡᠢᠯᠬᠦ᠂ ᠣᠯᠠᠨ ᠲᠦᠮᠡᠨ᠎ᠦ ᠬᠦᠰᠡᠵᠦ ᠪᠠᠢᠭ᠎ᠠ ᠨᠠᠩ ᠣᠯᠠᠨ ᠴᠢᠨᠠᠷ ᠰᠠᠢᠲᠠᠢ ᠲᠥᠷᠥᠯ ᠵᠦᠢᠯ᠎ᠢ ᠪᠥᠬᠥ ᠲᠠᠯ᠎ᠠ᠎ᠪᠠᠷ ᠲᠥᠯᠥᠪᠵᠢᠭᠦᠯᠦᠨ ᠬᠡᠷᠡᠭᠵᠢᠭᠦᠯᠦᠨ᠎ᠡ᠃ 《ᠪᠣᠳᠠᠰ᠎ᠲᠤ ᠪᠡᠯᠡ ᠣᠷᠣᠭᠤᠯᠬᠤ》 ᠪᠠ 《ᠬᠥᠮᠥᠨ᠎ᠳᠦ ᠪᠡᠯᠡ ᠣᠷᠣᠭᠤᠯᠬᠤ》᠎ᠶᠢ ᠨᠢᠭ᠍ᠲᠠ ᠤᠶᠠᠯᠳᠤᠭᠤᠯᠬᠤ ᠎ᠪᠠᠷ ᠳᠠᠮᠵᠢᠭᠤᠯᠤᠨ᠂ ᠬᠠᠩᠭᠠᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠬᠦ᠎ᠳᠦ ᠦᠵᠡᠭᠦᠯᠬᠦ ᠪᠡᠯᠡ ᠣᠷᠣᠭᠤᠯᠤᠯᠲᠠ᠎ᠶᠢᠨ ᠵᠠᠩᠭᠢᠯᠠᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠬᠠᠷᠢᠯᠴᠠᠨ ᠠᠬᠢᠭᠤᠯᠬᠤ ᠰᠠᠢᠨ ᠣᠷᠴᠢᠯ᠎ᠢ ᠪᠤᠢ ᠪᠣᠯᠭᠠᠨ᠎ᠠ᠃

ᠥᠪᠥᠷ ᠮᠣᠩᠭᠣᠯ ᠪᠠᠰᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢ ᠰᠠᠢᠲᠤᠷ ᠬᠠᠮᠢᠶᠠᠷᠴᠤ ᠰᠠᠢᠲᠤᠷ ᠬᠡᠷᠡᠭᠯᠡᠬᠦ᠂ ᠠᠷᠠᠳ᠎ᠤᠨ ᠪᠡᠯᠡ ᠣᠷᠣᠭᠤᠯᠤᠯᠲᠠ᠎ᠶᠢ ᠴᠢᠨᠠᠭᠰᠢᠳᠠ ᠠᠬᠢᠭᠤᠯᠬᠤ᠂ ᠪᠡᠯᠡ ᠣᠷᠣᠭᠤᠯᠤᠯᠲᠠ᠎ᠶᠢᠨ ᠬᠢᠨᠠᠨ ᠵᠥᠪᠰᠢᠶᠡᠷᠡᠬᠦ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠵᠡᠷᠭᠡ ᠬᠡᠳᠦᠨ ᠲᠠᠯ᠎ᠠ᠎ᠪᠠᠷ ᠬᠦᠴᠦᠯᠡᠵᠦ᠂ ᠪᠦᠲᠦᠮᠵᠢᠲᠡᠶ ᠪᠡᠯᠡ ᠣᠷᠣᠭᠤᠯᠤᠯᠲᠠ ᠎ᠶᠢ ᠢᠳᠡᠪᠬᠢᠲᠡᠢ ᠥᠷᠭᠡᠳᠬᠡᠨ᠎ᠡ᠃ ᠵᠢᠱ᠌ᠢᠶᠡᠯᠡᠪᠡᠯ᠂ ᠵᠠᠰᠠᠭ᠎ᠤᠨ ᠣᠷᠳᠣᠨ ᠎ᠤ ᠪᠡᠯᠡ ᠣᠷᠣᠭᠤᠯᠤᠯᠲᠠ ᠵᠢᠨ ᠪᠦᠲᠦᠴᠡ᠎ᠶᠢ ᠰᠢᠯᠢᠳᠡᠭᠵᠢᠭᠦᠯᠵᠦ᠂ ᠠᠷᠠᠳ᠎ᠤᠨ ᠠᠮᠢᠳᠤᠷᠠᠯ᠎ᠤᠨ ᠲᠦᠷᠦᠯ᠎ᠦᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠪᠦᠬᠦ ᠠᠮᠢ ᠨᠠᠰᠤᠨ᠎ᠤ ᠦᠶᠡᠯᠡᠯ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢ ᠬᠦᠴᠦᠯᠡᠨ ᠳᠡᠭᠡᠭᠰᠢᠯᠡᠭᠦᠯᠦᠨ᠎ᠡ᠃ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ 《ᠳᠦᠷᠢ ᠲᠥᠷᠬᠦ ᠎ᠶᠢᠨ ᠢᠨᠵᠧᠨᠧᠷᠢᠩ》᠂ 《ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠬᠢᠬᠦ ᠵᠢ ᠡᠷᠡᠰ ᠰᠡᠷᠭᠡᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号