1000 ᠭᠠᠷᠤᠢ ᠰᠤᠷᠤᠭ᠍ᠴᠢ ᠭᠠᠳᠠᠭᠠᠳᠤ ᠬᠡᠯᠡᠨ᠎ᠦ ᠬᠡᠪ ᠪᠤᠯᠪᠠᠰᠤᠷᠠᠯ᠎ᠤᠨ ᠤᠷᠤᠯᠳᠤᠭᠠᠨ᠎ᠳᠦ ᠮᠦᠷᠦᠢᠴᠡᠪᠡ
2026-02-11 16:17:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 7᠎ᠤ ᠡᠳᠦᠷ᠎ᠡᠴᠡ 9᠎ᠦ ᠡᠳᠦᠷ ᠪᠣᠯᠲᠠᠯ᠎ᠠ᠂ 22 ᠳ᠋ᠤᠭᠠᠷ ᠬᠤᠭᠤᠴᠠᠭᠠᠨ᠎ᠤ 《ᠭᠠᠳᠠᠭᠠᠳᠤ ᠰᠤᠳᠤᠯᠭᠠᠨ᠎ᠤ ᠨᠡᠢᠭᠡᠮᠯᠢᠭ ᠬᠤᠨᠳᠠᠭᠠᠲᠤ》 ᠪᠥᠬᠥ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠭᠠᠳᠠᠭᠠᠳᠤ ᠬᠡᠯᠡᠨ᠎ᠦ ᠬᠡᠪ ᠪᠣᠯᠪᠠᠰᠤᠷᠠᠯ᠎ᠤᠨ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠳᠤᠭᠤᠷᠢᠭ᠎ᠤᠨ ᠰᠢᠢᠳᠪᠦᠷᠢᠲᠦ ᠤᠷᠤᠯᠳᠤᠭᠠᠨ ᠶᠠᠪᠤᠬᠳᠠᠪᠠ᠃ ᠲᠣᠰ ᠤᠳᠠᠭᠠᠨ᠎ᠤ ᠤᠷᠤᠯᠳᠤᠭᠠᠨ ᠢ᠋ ᠪᠡᠭᠡᠵᠢᠩ᠎ᠦᠨ ᠭᠠᠳᠠᠭᠠᠳᠤ ᠬᠡᠯᠡᠨ᠎ᠦ ᠶᠡᠬᠡ ᠰᠤᠷᠭᠠᠭᠤᠯᠢ ᠠ᠋ᠴᠠ ᠭᠣᠣᠯᠯᠠᠨ ᠡᠷᠭᠢᠯᠡᠵᠦ᠂ ᠭᠠᠳᠠᠭᠠᠳᠤ ᠬᠡᠯᠡᠨ᠎ᠦ ᠵᠢᠭᠠᠨ ᠰᠤᠷᠭᠠᠯᠲᠠ ᠪᠠ ᠰᠤᠳᠤᠯᠭᠠᠨ᠎ᠤ ᠬᠡᠪᠯᠡᠯ᠎ᠦᠨ ᠬᠣᠷᠢᠶ᠎ᠠ ᠠ᠋ᠴᠠ ᠳᠠᠭᠠᠭᠠᠴᠢᠯᠠᠨ ᠡᠷᠭᠢᠯᠡᠵᠦ᠂ ᠰᠤᠷᠭᠠᠨ ᠬᠥᠮᠦᠵᠢᠯ᠎ᠦᠨ ᠶᠠᠮᠤᠨ᠎ᠤ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠷᠤᠯᠳᠤᠭᠠᠨ᠎ᠤ ᠠᠵᠢᠯᠯᠠᠭ᠎ᠠ ᠵᠢᠨ ᠨᠡᠷᠡᠰ᠎ᠦᠨ ᠵᠢᠭ᠍ᠰᠠᠭᠠᠯᠲᠠ᠎ᠳᠤ ᠣᠷᠣᠭᠰᠠᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠳᠠᠢ ᠭᠠᠳᠠᠭᠠᠳᠤ ᠬᠡᠯᠡᠨ᠎ᠦ ᠤᠷᠤᠯᠳᠤᠭᠠᠨ ᠪᠣᠯᠣᠨ᠎ᠠ᠂ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠲᠦ ᠳᠡᠰ ᠳᠡᠪᠰᠢᠭᠰᠡᠨ 1000 ᠢᠯᠡᠭᠦᠦ ᠤᠷᠤᠯᠴᠠᠬᠴᠢ ᠵᠡᠭᠦᠨ ᠪᠠᠷᠠᠭᠤᠨ ᠬᠣᠶᠠᠷ ᠤᠷᠤᠯᠳᠤᠭᠠᠨ᠎ᠤ ᠲᠣᠭᠣᠷᠢᠭ᠋ ᠬᠤᠪᠢᠶᠠᠨ ᠦᠷᠢᠰᠦᠯᠳᠦᠵᠦ᠂ ᠭᠠᠳᠠᠭᠠᠳᠤ ᠬᠡᠯᠡ᠎ᠪᠡᠷ ᠬᠥᠭᠥᠷᠭᠡ ᠪᠣᠯᠭᠠᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠬᠡᠯᠡᠨ ᠶᠠᠷᠢᠶᠠᠨ᠎ᠤ ᠪᠣᠯᠪᠠᠰᠤᠷᠠᠯ ᠪᠠ ᠰᠡᠳᠬᠢᠨ ᠮᠠᠭᠠᠳᠯᠠᠬᠤ ᠴᠢᠳᠠᠪᠤᠷᠢ᠎ᠶᠢ ᠨᠢ ᠢᠯᠡᠷᠡᠭᠦᠯᠪᠡ᠃


QQ截图20260207120745.png


ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠰᠢᠢᠳᠪᠦᠷᠢᠲᠦ ᠤᠷᠤᠯᠳᠤᠭᠠᠨ᠎ᠳᠤ ᠵᠡᠭᠦᠨ ᠪᠠᠷᠠᠭᠤᠨ ᠬᠣᠶᠠᠷ ᠶᠡᠬᠡ ᠤᠷᠤᠯᠳᠤᠭᠠᠨ᠎ᠤ ᠲᠣᠭᠣᠷᠢᠭ᠋ ᠭᠠᠷᠭᠠᠵᠤ᠂ ᠪᠠᠷᠠᠭᠤᠨ ᠬᠡᠰᠡᠭ᠎ᠤᠨ ᠤᠷᠤᠯᠳᠤᠭᠠᠨ᠎ᠤ ᠲᠣᠭᠣᠷᠢᠭ᠋᠎ᠤᠨ ᠤᠷᠤᠯᠳᠤᠭᠠᠨ 2 ᠰᠠᠷ᠎ᠠ᠎ᠶᠢᠨ 7᠎ᠤ ᠡᠳᠦᠷ ᠬᠥᠬᠡᠬᠣᠲᠠ᠎ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠶᠠᠪᠤᠭᠳᠠᠵᠤ᠂ ᠵᠡᠭᠦᠨ ᠬᠡᠰᠡᠭ᠎ᠤᠨ ᠤᠷᠤᠯᠳᠤᠭᠠᠨ᠎ᠤ ᠲᠣᠭᠣᠷᠢᠭ᠋᠎ᠤᠨ ᠤᠷᠤᠯᠳᠤᠭᠠᠨ 2 ᠰᠠᠷ᠎ᠠ᠎ᠶᠢᠨ 9 ᠎ᠦ ᠡᠳᠦᠷ ᠤᠯᠠᠭᠠᠨᠬᠠᠳᠠ ᠬᠤᠳᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭᠳᠠᠵᠦ᠂ ᠪᠦᠬᠦ ᠣᠷᠣᠨ᠎ᠤ ᠡᠯ᠎ᠡ ᠭᠠᠵᠠᠷ᠎ᠤᠨ ᠣᠷᠣᠯᠴᠠᠭᠰᠠᠳ᠎ᠲᠤ ᠡᠷᠬᠡ ᠲᠡᠭᠰᠢ᠎ᠪᠡᠷ ᠤᠷᠤᠯᠳᠤᠬᠤ᠂ ᠰᠣᠯᠢᠯᠴᠠᠨ ᠰᠤᠷᠤᠯᠴᠠᠬᠤ ᠲᠠᠪᠴᠠᠩ᠎ᠬᠠᠩᠭᠠᠵᠤ ᠥᠭᠴᠡᠢ᠃ ᠲᠣᠰ ᠬᠤᠭᠤᠴᠠᠭᠠᠨ᠎ᠤ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠲᠤ 30000 ᠭᠠᠷᠤᠢ ᠰᠣᠷᠣᠭ᠍ᠴᠢ ᠣᠷᠣᠯᠴᠠᠵᠤ᠂ ᠰᠦᠯᠵᠢᠶᠡᠨ ᠳᠡᠭᠡᠷᠡᠬᠢ ᠬᠣᠶᠠᠳᠠᠭᠢ ᠤᠷᠤᠯᠳᠤᠭᠠᠨ᠎ᠤ ᠰᠢᠯᠭᠠᠷᠠᠭᠤᠯᠤᠯᠲᠠ᠎ᠪᠠᠷ ᠳᠡᠮᠵᠢᠨ᠂ ᠡᠴᠦᠰ᠎ᠲᠡᠬᠡᠨ 1890 ᠤᠷᠤᠯᠴᠠᠭᠴᠢ ᠰᠢᠢᠳᠪᠦᠷᠢᠲᠦ ᠤᠷᠤᠯᠳᠤᠭᠠᠨ᠎ᠳᠦ ᠦᠷᠢᠰᠦᠯᠳᠦᠪᠡ᠃


QQ截图20260211104718.png


ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠵᠣᠬᠢᠶᠠᠨ ᠪᠠᠶ᠋ᠢᠭᠤᠯᠬᠤ ᠺᠣᠮᠢᠰ᠎ᠤᠨ ᠬᠠᠷᠢᠭᠤᠴᠠᠯᠭᠠᠲᠠᠨ ᠴᠢ ᡁᠢ ᠷᠦᠩ ᠢᠯᠡᠷᠬᠡᠢᠯᠡᠬᠦ᠎ᠳᠡᠭᠡᠨ᠂ ᠲᠤᠰ ᠬᠤᠭᠤᠴᠠᠭᠠᠨ᠎ᠤ ᠤᠷᠤᠯᠳᠤᠭᠠᠨ᠎ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠭᠠᠳᠠᠭᠠᠳᠤ ᠬᠡᠯᠡᠨ᠎ᠦ ᠤᠷᠤᠯᠳᠤᠭᠠᠨ᠎ᠢ ᠭᠦᠨᠵᠡᠭᠡᠢ ᠤᠶᠠᠯᠳᠤᠭᠤᠯᠵᠤ᠂ ᠤᠷᠤᠯᠴᠠᠭᠴᠢᠳ᠎ᠤᠨ ᠭᠠᠳᠠᠭᠠᠳᠤ ᠬᠡᠯᠡᠨ᠎ᠦ ᠢᠯᠡᠳᠬᠡᠬᠦ ᠴᠢᠳᠠᠪᠤᠷᠢ᠎ᠶᠢ ᠰᠢᠯᠭᠠᠵᠤ᠂ ᠨᠡᠩ ᠴᠤ᠌ ᠥᠷᠭᠡᠨ ᠤᠯᠠᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠰᠣᠶᠣᠯ ᠠᠯᠤᠰᠯᠠᠭᠰᠠᠨ ᠰᠣᠯᠢᠯᠴᠠᠭ᠎ᠠ ᠳᠤᠮᠳᠠ ᠰᠣᠶᠣᠯ᠎ᠤᠨ ᠢᠲᠡᠭᠡᠯ᠎ᠢᠶᠡᠨ ᠪᠠᠲᠤᠳᠬᠠᠬᠤ᠎ᠶᠢ ᠬᠥᠲᠥᠯᠥᠨ ᠵᠢᠯᠤᠭᠣᠳᠴᠤ᠂ ᠭᠠᠳᠠᠭᠠᠳᠤ ᠬᠡᠯᠡ᠎ᠪᠡᠷ ᠳᠤᠮᠳᠠᠳᠤ ᠤᠯᠤᠰ᠎ᠤᠨ ᠦᠯᠢᠭᠡᠷ᠎ᠢ ᠰᠠᠢᠳᠤᠷ ᠶᠠᠷᠢᠵᠦ ᠰᠤᠷᠴᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠯᠡᠬᠡᠢ ᠳ᠋ᠠᠬᠢᠨ᠎ᠳᠤ ᠬᠠᠨᠳᠤᠭᠤᠯᠬᠤ᠎ᠶᠢᠨ ᠬᠠᠮᠲᠤ ᠪᠦᠬᠦ ᠣᠷᠣᠨ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠲᠤ ᠰᠣᠯᠢᠯᠴᠠᠨ ᠰᠤᠷᠤᠯᠴᠠᠬᠤ᠂ ᠴᠤᠭ ᠵᠢᠪᠬᠤᠭ᠎ᠠ᠎ᠪᠠᠨ ᠢᠯᠡᠷᠡᠭᠦᠯᠭᠦ ᠰᠢᠯᠢᠳᠡᠭ ᠲᠠᠪᠴᠠᠩ᠎ᠬᠠᠩᠭᠠᠵᠤ᠂ ᠪᠦᠬᠦ ᠣᠷᠣᠨ᠎ᠤ ᠰᠠᠭᠤᠷᠢ ᠭᠠᠳᠠᠭᠠᠳᠤ ᠬᠡᠯᠡᠨ᠎ᠦ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠎ᠳᠦ ᠬᠦᠴᠦ ᠨᠡᠮᠡᠷᠢᠯᠡᠬᠦ᠎ᠪᠡᠷ ᠵᠤᠷᠢᠯ᠎ᠠ ᠭᠡᠪᠡ᠃


QQ截图20260209113522.png

 

ᠢᠷᠡᠯᠳᠡ᠄ ᠳᠠᠯ᠎ᠠ ᠨᠤᠳᠤᠭ᠎ᠤᠨ ᠡᠬᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号