2 ᠰᠠᠷ᠎ᠠ᠎ᠶᠢᠨ 10 ᠤ ᠡᠳᠦᠷ᠂ ᠠᠷᠪᠠᠳᠤᠭᠠᠷ ᠬᠤᠭᠤᠴᠠᠭᠠᠨ᠎ᠤ 《ᠨᠤᠮ᠎ᠤᠨ ᠦᠨᠦᠷ ᠬᠠᠩᠬᠤᠯᠤᠬ᠍ᠰᠠᠨ ᠴᠠᠭᠠᠨ ᠰᠠᠷ᠎ᠠ》 ᠲᠣᠮᠣ᠌ ᠬᠡᠯᠪᠡᠷᠢ᠎ᠶᠢᠨ ᠪᠦᠬᠦ ᠠᠷᠠᠳ᠎ᠤᠨ ᠤᠩᠰᠢᠯᠭ᠎ᠠ ᠵᠢᠨ ᠰᠣᠶᠣᠯ᠎ᠤᠨ ᠨᠡᠶ᠋ᠢᠲᠡ᠎ᠶᠢᠨ ᠠᠰᠠᠷᠠᠮᠵᠢ᠎ᠶᠢᠨ
ᠠᠵᠢᠯᠯᠠᠭ᠎ᠠ ᠬᠥᠬᠡᠬᠣᠲᠠ᠎ᠳᠤ ᠡᠬᠢᠯᠡᠪᠡ᠃ ᠲᠣᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ
ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠠᠴᠠ ᠵᠢᠯᠣᠭᠤᠳᠴᠤ᠌᠂ ᠥᠪᠡᠷᠲᠡᠭᠡᠨ ᠵᠠᠰᠠᠬᠤ ᠣᠷᠣᠨ᠎ᠤ ᠡᠪ
ᠬᠠᠮᠳᠤ ᠵᠠᠯᠠᠭᠤᠴᠤᠳ᠎ᠤᠨ ᠡᠪᠯᠡᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠠᠴᠠ ᠬᠠᠯᠠᠭᠳᠠᠭᠰᠠᠳ᠎ᠤᠨ
ᠶᠠᠪᠤᠳᠠᠯ᠎ᠤᠨ ᠲᠢᠩᠬᠢᠮ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶ᠎ᠠ ᠪᠦᠯᠦᠭᠯᠡᠯ᠎ᠤᠨ ᠬᠢᠵᠠᠭᠠᠷᠲᠤ᠌
ᠺᠣᠮᠫᠠᠨᠢ᠂ ᠥᠪᠥᠷ ᠮᠣᠩᠭᠤᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠵᠡᠷᠭᠡ ᠡᠴᠡ ᠬᠠᠮᠲᠤᠷᠠᠨ ᠭᠤᠤᠯᠯᠠᠨ
ᠡᠷᠭᠢᠯᠡᠪᠡ᠃
ᠡᠬᠢᠯᠡᠯᠲᠡ᠎ᠶᠢᠨ ᠶᠣᠰᠣᠯᠠᠯ ᠨᠢ ᠰᠦᠷ ᠳᠠᠯᠠᠢᠴᠠᠲᠠᠢ 《ᠲᠦᠪᠡᠷᠭᠡᠨ》 ᠪᠥᠵᠢᠭ᠎ᠤᠨ ᠳᠤᠮᠳᠠ ᠬᠥᠰᠢᠭᠡ᠎ᠪᠡᠨ ᠰᠡᠬᠦᠪᠡ᠃ ᠲᠤᠬᠠᠢ᠎ᠶᠢᠨ ᠲᠠᠯᠠᠪᠠᠢ᠎ᠳᠤ ᠲᠣᠮᠣ᠌ ᠳᠡᠯᠭᠡᠴᠡ᠎ᠪᠡᠷ 《ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠬᠤ ᠳᠦᠷᠢᠮ》᠎ᠢ ᠲᠠᠢᠯᠪᠤᠷᠢᠯᠠᠵᠤ᠂ 《ᠨᠣᠮ᠎ᠤᠨ ᠪᠡᠯᠡᠭ
ᠵᠢᠡᠷ ᠬᠦᠨᠳᠦᠳᠬᠡᠯ ᠳᠡᠪᠰᠢᠭᠦᠯᠬᠦ》 ᠬᠠᠨᠳᠢᠪᠯᠡᠬᠤ ᠶᠣᠰᠣᠯᠠᠯ ᠳᠡᠭᠡᠷ᠎ᠡ᠂
ᠨᠢᠭᠡ ᠪᠦᠯᠦᠭ ᠰᠢᠯᠢᠳᠡᠭ ᠨᠣᠮ ᠪᠢᠴᠢᠭ᠎ᠢ ᠲᠡᠮᠦᠷ ᠵᠠᠮ᠎ᠤᠨ ᠠᠵᠢᠯᠲᠠᠨ᠂ ᠴᠡᠷᠢᠭ ᠴᠠᠭᠳᠠᠭ᠎ᠠ᠂ ᠡᠮᠴᠢ ᠰᠤᠪᠢᠯᠠᠭ᠍ᠴᠢ
ᠵᠡᠷᠭᠡ ᠴᠠᠭᠠᠨ ᠰᠠᠷ᠎ᠠ᠎ᠶᠢᠨ ᠬᠤᠭᠤᠴᠠᠭᠠᠨ᠎ᠳᠤ ᠠᠵᠢᠯ᠎ᠤᠨ ᠪᠠᠢᠷᠢ᠎ᠪᠠᠨ ᠪᠠᠲᠤ ᠰᠠᠬᠢᠵᠤ ᠪᠠᠢᠭ᠎ᠠ ᠡᠮᠦᠨ᠎ᠡ ᠹᠷᠣᠨᠲ᠎ᠤᠨ
ᠲᠥᠯᠥᠭᠡᠯᠡᠭᠴᠢᠳ᠎ᠲᠦ ᠬᠦᠷᠭᠡᠪᠡ᠃
ᠠᠵᠢᠯᠯᠠᠭ᠎ᠠ᠎ᠶᠢᠨ ᠲᠤᠬᠠᠢ᠎ᠶᠢᠨ
ᠲᠠᠯᠠᠪᠠᠢ᠎ᠳᠤ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ 2025 ᠣᠨ᠎ᠤ ᠨᠤᠮ ᠤᠩᠰᠢᠯᠭ᠎ᠠ᠎ᠶᠢᠨ
ᠵᠢᠭᠠᠯᠲᠠ ᠲᠣᠭ᠎ᠠ᠎ᠶᠢᠨ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠵᠦ᠂ 2026 ᠣᠨ᠎ᠤ ᠲᠠᠨᠢᠯᠴᠠᠭᠤᠯᠬᠤ ᠠᠷᠪᠠᠨ
ᠰᠤᠳᠤᠨ ᠨᠣᠮ ᠢ ᠵᠡᠷᠭᠡ᠎ᠪᠡᠷ ᠨᠡᠢᠲᠡᠯᠡᠵᠠᠢ᠃ 《ᠤᠩᠰᠢᠯᠭ᠎ᠠ᠎ᠶᠢᠨ ᠪᠢᠴᠢᠯ ᠬᠦᠰᠡᠯ᠎ᠢ
ᠬᠡᠷᠡᠯᠳᠦᠬᠦᠯᠬᠦ》 ᠭᠣᠭᠴᠣᠭ᠎ᠠ᠎ᠳᠦ ᠮᠠᠯᠵᠢᠬᠤ ᠲᠠᠷᠢᠶᠠᠯᠠᠬᠤ ᠣᠷᠣᠨ᠎ᠤ
ᠬᠡᠦᠬᠡᠳ᠎ᠲᠦ ᠠᠩᠬᠠᠷᠤᠯ ᠵᠢᠡᠨ ᠲᠥᠪᠯᠡᠷᠡᠭᠦᠯᠵᠦ᠂ ᠬᠠᠢᠷ᠎ᠠ ᠬᠠᠯᠠᠮᠵᠢ ᠪᠡᠷ ᠡᠷᠳᠡᠮ ᠰᠤᠶᠤᠯ ᠬᠦᠭᠡᠭᠡᠭᠦ ᠵᠠᠮ᠎ᠢ ᠨᠢ ᠬᠡᠷᠡᠯᠳᠦᠭᠦᠯᠪᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠬᠣᠣᠰ ᠤᠶᠠᠩᠭ᠎ᠠ ᠪᠢᠴᠢᠬᠦ᠂
ᠴᠠᠭᠠᠨ ᠰᠠᠷ᠎ᠠ᠎ᠪᠠᠨ ᠤᠭᠲᠤᠬᠤ ᠨᠣᠮ᠎ᠤᠨ ᠦᠵᠡᠰᠬᠦᠯᠡᠩ ᠵᠡᠷᠭᠡ ᠦᠵᠡᠭᠦᠯᠭᠡ᠎ᠶᠢᠨ ᠲᠣᠭᠣᠷᠢᠭ᠋᠎ᠲᠤ ᠬᠤᠳᠠ᠎ᠶᠢᠨ
ᠠᠷᠠᠳ᠎ᠲᠤ ᠨᠣᠮ᠎ᠤᠨ ᠦᠨᠦᠷ ᠪᠣᠯᠣᠨ ᠴᠠᠭᠠᠨ ᠰᠠᠷ᠎ᠠ
ᠵᠢᠨ ᠦᠨᠦᠷ ᠠᠮᠲᠠ᠎ᠶᠢᠨ ᠠᠭᠤᠰᠤᠯᠴᠠᠯ᠎ᠤᠨ ᠥᠪᠡᠷᠮᠢᠴᠡ ᠷᠢᠳᠢ ᠰᠢᠳᠢ᠎ᠶᠢ ᠮᠡᠳᠡᠷᠡᠭᠦᠯᠪᠡ᠃
ᠣᠢᠯᠠᠭᠠᠭᠰᠠᠨ᠎ᠢᠶᠠᠷ᠂ ᠲᠣᠰ
ᠤᠳᠠᠭᠠᠨ᠎ᠤ ᠠᠵᠢᠯᠯᠠᠭ᠎ᠠ ᠨᠢ 3 ᠰᠠᠷ᠎ᠠ᠎ᠶᠢᠨ 3᠎ᠤ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ᠃