ᠮᠤᠷᠢᠨ ᠵᠢᠯ᠎ᠦᠨ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ 2 ᠰᠠᠷ᠎ᠠ᠎ᠶ᠋ᠢᠨ 11 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠳᠤ ᠵᠢᠨᠭᠬᠢᠨᠢ ᠮᠤᠵᠢ᠎ᠶ᠋ᠢᠨ ᠲᠡᠰ᠎ᠤᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ ᠷᠧᠨ ᠶᠠ ᠫᠢᠩ᠎ᠢ ᠡᠷᠭᠢᠨ ᠦᠵᠡᠵᠤ ᠲᠣᠬᠣᠨᠢᠭᠤᠯᠵᠤ᠂ ᠲᠡᠭᠦᠨ᠎ᠳᠦ ᠴᠠᠭᠠᠨ ᠰᠠᠷ᠎ᠠ᠎ᠶ᠋ᠢᠨ ᠵᠥᠩᠨᠡᠯ ᠪᠠ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ᠃
ᠸᠠᠩ ᠸᠧᠢ ᠵᠦᠩ ᠷᠧᠨ ᠶᠠ ᠫᠢᠩ᠎ᠦᠨ ᠭᠡᠷ᠎ᠲᠦ ᠬᠦᠷᠴᠦ᠍᠂ ᠲᠡᠭᠦᠨ᠎ᠦ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠢᠳᠠᠯ᠎ᠢ ᠬᠠᠯᠠᠮᠵᠢᠯᠠᠨ ᠠᠰᠠᠭᠤᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠶ᠋ᠢ ᠨᠢ ᠨᠠᠷᠢᠨ ᠬᠢᠨᠠᠮᠠᠭᠠᠢ ᠰᠣᠨᠣᠰᠪᠠ᠃ ᠸᠠᠩ ᠸᠧᠢ ᠵᠦᠩ᠂ ᠥᠩᠭᠡᠷᠡᠭ᠌ᠰᠡᠨ ᠨᠢᠭᠡ ᠵᠢᠯ᠎ᠳᠦ᠂ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠮ ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠬᠦᠴᠦ᠍ ᠪᠡᠨ ᠲᠥᠪᠯᠡᠷᠡᠭᠦᠯᠦᠨ ᠪᠦᠲᠦᠭᠡᠨ ᠪᠠᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠱᠢᠨ᠎ᠡ ᠭᠠᠷᠤᠭ᠎ᠠ ᠳᠡᠭᠡᠷ᠎ᠡ ᠵᠣᠭ᠍ᠰᠣᠪᠠ᠃ ᠱᠢᠨ᠎ᠡ ᠵᠢᠯ᠎ᠳᠦ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠦᠷᠭᠦᠯᠵᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠰᠠᠢᠲᠤᠷ ᠬᠢᠨ᠎ᠠ᠃ ᠠᠬᠠᠮᠠᠳ ᠨᠥᠬᠥᠳ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠦᠷᠭᠦᠯᠵᠢᠯᠡᠨ ᠬᠠᠯᠠᠮᠵᠢᠯᠠᠨ ᠳᠡᠮᠵᠢᠵᠦ᠍᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠮᠠᠨ᠎ᠤ ᠠᠵᠢᠯ᠎ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ᠎ᠪᠠᠨ ᠢᠯᠡᠭᠦᠬᠡᠨ ᠳᠤᠷᠠᠳᠴᠤ᠌᠂ ᠬᠠᠮᠲᠤ᠎ᠪᠠᠷ ᠥᠪᠥᠷ ᠮᠣᠩᠭᠣᠯ᠎ᠤᠨ ᠶᠠᠪᠤᠳᠠᠯ ᠢ ᠨᠠᠩ ᠰᠠᠢᠲᠤᠷ ᠬᠢᠬᠦ᠌᠎ᠶ᠋ᠢ ᠬᠦᠰᠡᠵᠦ᠍ ᠪᠠᠢᠨ᠎ᠠ᠃ ᠠᠬᠠᠮᠠᠳ ᠺᠠᠳ᠋ᠷᠴᠤᠳ ᠪᠣᠯ ᠨᠠᠮ ᠪᠠ ᠤᠯᠤᠰ᠎ᠤᠨ ᠴᠢᠬᠤᠯᠠ ᠦᠪ ᠬᠦᠷᠦᠩᠭᠡ ᠮᠥᠨ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠬᠠᠷᠢᠭᠤᠴᠠᠯᠭ᠎ᠠ ᠪᠠ ᠬᠠᠢᠷ᠎ᠠ ᠰᠡᠳᠭᠢᠯᠭᠡ᠎ᠲᠡᠶ᠎ᠪᠡᠷ ᠦᠢᠯᠡᠴᠢᠯᠡᠭᠡ ᠪᠠᠲᠤᠯᠠᠭ᠎ᠠ ᠵᠢ ᠰᠠᠢᠲᠤᠷ ᠬᠢᠵᠦ᠍᠂ ᠠᠬᠠᠮᠠᠳ ᠨᠥᠬᠥᠳ ᠨᠢᠭᠡᠪᠦᠷᠢ᠎ᠶ᠋ᠢ ᠴᠥᠮ ᠥᠲᠡᠯᠦᠭᠡ ᠨᠠᠰᠤ᠎ᠪᠠᠨ ᠠᠮᠤᠷ ᠠᠮᠤᠭᠤᠯᠠᠩ ᠵᠤᠯ ᠵᠢᠷᠭᠠᠯ᠎ᠲᠠᠶ ᠥᠩᠭᠡᠷᠡᠭᠦᠯᠬᠦ᠌ ᠵᠢ ᠪᠠᠳᠤᠯᠠᠬᠤ ᠬᠡᠷᠡᠭᠳᠡᠢ ᠭᠡᠪᠡ᠃
ᠷᠧᠨ ᠶᠠ ᠫᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠢᠷ᠎ᠠ ᠬᠠᠯᠠᠮᠵᠢᠯᠠᠯ᠎ᠳᠤ ᠲᠠᠯᠠᠷᠬᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠳᠦ ᠴᠢᠩ ᠰᠡᠳᠭᠢᠯ᠎ᠡᠴᠡ᠎ᠪᠡᠨ ᠪᠠᠶᠠᠷᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠳᠡᠮᠵᠢᠨ᠎ᠡ ᠭᠡᠵᠦ᠍ ᠢᠯᠡᠳᠭᠡᠪᠡ᠃ ᠲᠡᠷᠡ᠂ ᠥᠪᠥᠷ ᠮᠣᠩᠭᠣᠯ᠎ᠤᠨ ᠣᠳᠣᠬᠠᠨ᠎ᠤ ᠬᠥᠭ᠌ᠵᠢᠯᠲᠡ᠎ᠶ᠋ᠢᠨ ᠰᠡᠳᠭᠢᠮᠵᠢ ᠲᠣᠳᠣᠷᠬᠠᠢ᠂ ᠪᠠᠢᠳᠠᠯ ᠰᠠᠢ᠌ᠨ ᠪᠠᠢᠨ᠎ᠠ᠂ ᠨᠠᠮ᠎ᠤᠨ ᠭᠡᠱᠢᠭᠦᠨ ᠺᠠᠳ᠋ᠷ᠎ᠤᠨ ᠴᠤᠭ ᠵᠢᠪᠬᠤᠭ᠎ᠠ ᠲᠡᠭᠦᠯᠳᠡᠷ ᠪᠠᠢᠨ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠯᠠᠪᠲᠠᠢ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠶ᠋ᠢ ᠢᠲᠡᠭᠡᠵᠦ᠍ ᠪᠠᠢᠨ᠎ᠠ ᠭᠡᠵᠠᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠪᠠᠷ᠎ᠠ ᠪᠣᠯᠵᠣ ᠡᠷᠭᠢᠨ ᠦᠵᠡᠪᠡ᠃