2 ᠰᠠᠷ᠎ᠠ᠎ᠶ᠋ᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠡᠩ ᠦᠨ ᠨᠠᠮ᠎ᠤᠨ ᠭᠡᠱᠢᠭᠦᠨ᠎ᠦ ᠬᠤᠪᠢ᠎ᠪᠠᠷ ᠳᠡᠬᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠎ᠦᠨ ᠪᠠᠢᠩᠭᠤ᠎ᠶ᠋ᠢᠨ ᠬᠣᠷᠢᠶ᠎ᠠ ᠵᠢᠨ ᠠᠯᠪᠠᠨ ᠬᠡᠷ ᠦᠨ ᠨᠠᠮ᠎ᠤᠨ ᠡᠭᠦᠷ᠎ᠦᠨ 2025 ᠣᠨ᠎ᠤ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠨᠠᠮ᠎ᠤᠨ ᠡᠭᠦᠷ᠎ᠦᠨ ᠬᠠᠷᠢᠭᠤᠴᠠᠯᠭᠠᠲᠠᠨ ᠨᠥᠬᠥᠳ ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ ᠤ᠋ᠨ ᠡᠮᠦᠨ᠎ᠠ ᠡᠴᠡ ᠬᠠᠷᠭᠤᠭᠤᠯᠤᠨ ᠪᠠᠢᠴᠠᠭᠠᠯᠳᠠ ᠬᠢᠪᠡ᠃ ᠨᠠᠮ᠎ᠤᠨ ᠡᠭᠦᠷ᠎ᠦᠨ ᠭᠡᠱᠢᠭᠦᠳ ᠲᠤᠰ ᠲᠤᠰ ᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠢ ᠨᠠᠷᠢᠨ ᠬᠢᠨᠠᠮᠠᠭᠠᠶ ᠥᠷᠨᠢᠭᠦᠯᠵᠦ᠍᠂ ᠬᠣᠢᠱᠢᠳᠠ᠎ᠶ᠋ᠢᠨ ᠴᠢᠷᠮᠠᠢᠬᠤ ᠴᠢᠭ᠌ᠯᠡᠯ᠎ᠢᠶᠡᠨ ᠲᠣᠳᠣᠷᠬᠠᠢᠯᠠᠪᠠ᠃
ᠤᠯᠠᠨ ᠤ᠋ ᠬᠡᠯᠡᠬᠦ ᠵᠢ ᠰᠣᠨᠣᠰᠤᠭ᠍ᠰᠠᠨ᠎ᠤ ᠳᠠᠷᠠᠭ᠎ᠠ᠂ ᠸᠠᠩ ᠸᠧᠢ ᠵᠦᠩ᠂ ᠡᠨᠡ ᠤᠳᠠᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ ᠤ᠋ᠨ ᠠᠭᠤᠷ ᠠᠮᠢᠰᠬᠤᠯ ᠮᠠᠰᠢ ᠰᠠᠢ᠌ᠨ᠂ ᠵᠢᠱ᠌ᠢᠭ᠌ᠰᠡᠨ ᠬᠠᠷᠠᠯᠲᠠ᠎ᠳᠠᠭᠠᠨ ᠬᠦᠷᠴᠡᠢ᠃ ᠥᠩᠭᠡᠷᠡᠭ᠌ᠰᠡᠨ ᠨᠢᠭᠡ ᠵᠢᠯ᠎ᠳᠦ᠂ ᠨᠠᠮ᠎ᠤᠨ ᠬᠤᠷᠢᠶ᠎ᠠ ᠵᠢᠨ ᠠᠯᠪᠠᠨ ᠲᠢᠩᠭᠢᠮ ᠤ᠋ᠨ ᠨᠥᠬᠥᠳ ᠯᠠᠪᠳᠠᠭᠤᠨ ᠪᠠᠲᠤᠲᠠᠢ ᠠᠵᠢᠯᠯᠠᠵᠤ᠂ ᠱᠢᠷᠭᠠᠭᠤ ᠬᠠᠲᠠᠭᠤᠵᠢᠯᠲᠠᠢ ᠴᠢᠷᠮᠠᠢᠵᠤ᠂ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠡᠭᠦᠷᠭᠡ᠎ᠪᠡᠨ ᠴᠢᠨᠠᠷ ᠰᠠᠢᠲᠠᠢ ᠪᠡᠶᠡᠯᠡᠭᠦᠯᠪᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠯᠠᠨ ᠤ᠋ ᠠᠵᠢᠯ ᠢ᠋ ᠭᠦᠢᠴᠡᠳ ᠨᠤᠲᠠᠯᠠᠵᠤ ᠪᠠᠢᠨ᠎ᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠮᠦᠨ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ᠂ ᠱᠢᠨ᠎ᠡ ᠵᠠᠮ ᠢ ᠲᠦᠷᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ ᠪᠠᠢᠨ᠎ᠠ᠂ ᠨᠠᠮ᠎ᠤᠨ ᠬᠣᠷᠢᠶ᠎ᠠ ᠵᠢᠨ ᠠᠯᠪᠠᠨ ᠲᠢᠩᠭᠢᠮ ᠤ᠋ᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠠᠯᠪᠠᠨ ᠲᠢᠩᠬᠢᠮ᠎ᠦᠨ ᠠᠵᠢᠯ᠎ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠤᠨ ᠪᠠᠢᠷᠢᠯᠠᠭᠤᠯᠤᠯᠲᠠ᠎ᠶ᠋ᠢ ᠪᠠᠳᠤ ᠡᠵᠡᠮᠳᠡᠵᠤ 《ᠭᠤᠷᠪᠠ᠎ᠳᠤ ᠦᠶ᠋ᠯᠡᠴᠢᠯᠡᠬᠦ᠌》 ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠨᠠᠮ ᠤᠨ ᠬᠤᠷᠢᠶ᠎ᠠ ᠵᠢᠨ ᠠᠯᠪᠠᠨ ᠲᠢᠩᠭᠢᠮ᠎ᠦᠨ ᠺᠠᠳ᠋ᠷᠴᠤᠳ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠴᠥᠬᠥᠷᠡᠰᠢ ᠦᠭᠡᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ᠎ᠶ᠋ᠢ ᠨᠠᠮ᠎ᠤᠨ ᠬᠤᠷᠢᠶ᠎ᠠ ᠵᠢᠨ ᠠᠯᠪᠠᠨ ᠲᠢᠩᠭᠢᠮ᠎ᠦᠨ ᠠᠵᠢᠯ᠎ᠤᠨ ᠪᠦᠬᠦ᠌ ᠶᠠᠪᠤᠴᠠ ᠳᠤ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ ᠢ ᠲᠣᠭ᠍ᠲᠠᠭᠠᠭᠰᠠᠨ 》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠰᠠᠢ᠌ᠨ ᠵᠥᠪᠯᠡᠭ᠌ᠴᠢ ᠲᠤᠰᠠᠯᠠᠭ᠍ᠴᠢ ᠪᠣᠯᠬᠤ ᠲᠠᠯ᠎ᠠ᠎ᠪᠠᠷ ᠲᠠᠷᠢᠬᠢ ᠲᠣᠯᠣᠭᠠᠢ᠎ᠪᠠᠨ ᠬᠥᠳᠡᠯᠭᠡᠵᠦ᠍᠂ ᠴᠢᠭ᠌ᠯᠡᠯ ᠢ᠋ ᠣᠨᠣᠪᠴᠢᠲᠠᠢ ᠡᠵᠡᠮᠳᠡᠵᠦ᠍᠂ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ 《1571》ᠠᠵᠢᠯ ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠭᠦᠨᠵᠡᠭᠡᠢ ᠰᠡᠳᠭᠢᠨ ᠪᠣᠳᠣᠯᠬᠢᠯᠠᠬᠤ ᠪᠠ ᠱᠢᠰᠲ᠋ᠧᠮ᠎ᠲᠡᠶ ᠰᠤᠳᠤᠯᠬᠤ ᠵᠢ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠦᠢᠯᠡᠴᠢᠯᠡᠭᠡᠨ ᠦ ᠠᠵᠢᠯ ᠢ ᠨᠠᠢᠳᠠᠪᠤᠷᠢᠵᠢᠭᠤᠯᠬᠤ ᠲᠠᠯ᠎ᠠ᠎ᠪᠠᠷ ᠦᠨᠡᠨ ᠬᠦ᠌ ᠬᠡᠷᠡᠭᠵᠢᠭᠦᠯᠦᠭᠦᠰᠢᠳᠡᠢ ᠠᠷᠭ᠎ᠠ ᠭᠠᠷᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠭ᠍ᠰᠠᠨ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠦᠷ᠎ᠡ ᠪᠦᠲᠦᠮᠵᠢ᠎ᠶ᠋ᠢ ᠮᠥᠷᠳᠡᠨ ᠪᠠᠢᠴᠠᠭᠠᠬᠤ᠎ᠪᠠᠨ ᠴᠢᠩᠭᠠᠳᠭᠠᠵᠤ᠂ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠰᠠᠬᠢᠯᠭ᠎ᠠ ᠪᠠᠲᠤ᠎ᠶ᠋ᠢ ᠰᠠᠬᠢᠵᠤ ᠱᠢᠨ᠎ᠡ ᠰᠤᠷᠲᠠᠯ᠎ᠢ ᠪᠤᠢ ᠪᠣᠯᠭᠠᠬᠤ ᠲᠠᠯ᠎ᠠ᠎ᠪᠠᠷ ᠴᠢᠩᠭ᠎ᠠ ᠱᠠᠭᠠᠷᠳᠠᠵᠤ᠂ ᠲᠦᠷᠢᠮ ᠲᠣᠭ᠍ᠲᠠᠭᠠᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠪᠡᠷ ᠰᠠᠬᠢᠵᠤ᠂ ᠲᠤᠢᠯ᠎ᠤᠨ ᠬᠠᠷᠢᠭᠤᠴᠠᠯᠭ᠎ᠠ᠎ᠲᠠᠶ ᠠᠵᠢᠯ᠎ᠤᠨ ᠰᠤᠷᠲᠠᠯ᠎ᠢᠶᠠᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌ ᠬᠡᠷᠡᠭ᠌ᠲᠡᠢ᠃ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠬᠠᠷᠢᠭᠤᠴᠠᠯᠭ᠎ᠠ ᠡᠭᠦᠷᠭᠡᠯᠡᠬᠦ᠌᠎ᠶ᠋ᠢ ᠡᠷᠬᠢᠮᠯᠡᠬᠦ᠌᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ᠎ᠶ᠋ᠢ ᠪᠠᠲᠤ ᠪᠤᠢ ᠪᠣᠯᠭᠠᠵᠤ᠂ ᠺᠠᠳ᠋ᠷ ᠤᠨ ᠦᠰᠦᠨ ᠪᠣᠢᠵᠢᠯᠲᠠ ᠲᠠᠪᠱᠢᠯᠳᠠ᠎ᠶ᠋ᠢ ᠬᠠᠯᠠᠮᠵᠢᠯᠠᠵᠤ᠂ ᠨᠥᠬᠥᠳ᠎ᠢ ᠬᠥᠮᠦᠵᠢᠭᠦᠯᠦᠨ ᠳᠠᠭᠠᠭᠤᠯᠵᠤ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠰᠤᠷᠤᠯᠴᠠᠯᠭ᠎ᠠ ᠵᠢ ᠶᠡᠬᠡᠪᠡᠷ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ ᠵᠢ ᠢᠮᠠᠭᠳᠠ ᠪᠡᠶᠡᠯᠡᠭᠦᠯᠵᠤ᠂ ᠨᠠᠷᠢᠨ ᠨᠢᠮᠪᠠᠢ ᠪᠠᠢᠬᠤ᠂ ᠨᠢᠭᠳᠠ ᠡᠴᠡ ᠨᠢᠭᠳᠠ ᠤᠪᠤᠷ ᠵᠢᠡᠷ ᠨᠠᠮ᠎ᠤᠨ ᠬᠣᠷᠢᠶ᠎ᠠ ᠡᠴᠡ ᠲᠤᠱᠢᠶᠠᠭ᠍ᠰᠠᠨ ᠠᠵᠢᠯ ᠨᠢᠭᠡ ᠪᠦᠷᠢ᠎ᠶ᠋ᠢ ᠬᠠᠮᠤᠭ᠎ᠤᠨ ᠰᠠᠢ᠌ᠨ ᠬᠢᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃
ᠢᠦᠢ ᠯᠢ ᠱᠢᠨ ᠣᠷᠣᠯᠴᠠᠪᠠ᠃