ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠡᠴᠡ ᠡᠯ᠎ᠡ ᠠᠷᠠᠳᠴᠢᠯᠠᠭ᠍ᠰᠠᠨ ᠨᠠᠮ ᠪᠦᠯᠦᠭ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠦ ᠴᠢᠩ ᠰᠡᠳᠭᠢᠯ᠎ᠦᠨ ᠮᠡᠨᠳᠦᠴᠢᠯᠡᠯ ᠪᠠ ᠰᠠᠢ᠌ᠨ ᠰᠠᠢᠬᠠᠨ ᠵᠥᠩᠨᠡᠯ ᠳᠡᠪᠱᠢᠭᠦᠯᠵᠠᠢ
ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠪᠠ
ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ ᠪᠤᠯᠬᠤ ᠤᠯᠠᠭᠠᠨ ᠮᠣᠷᠢᠨ ᠵᠢᠯ᠎ᠦᠨ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 11 ᠤ᠋ ᠦᠳᠡ᠎ᠶ᠋ᠢᠨ ᠬᠣᠢᠨ᠎ᠠ ᠠᠷᠠᠳ ᠤᠨ ᠶᠡᠬᠡ ᠬᠤᠷᠠᠯ᠎ᠤᠨ ᠲᠠᠩᠬᠢᠮ ᠳᠤ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠲᠡᠶ ᠨᠢᠭᠡ ᠲᠠᠩᠬᠢᠮ᠎ᠳᠤ ᠴᠤᠭ᠍ᠯᠠᠷᠠᠵᠤ᠂ ᠪᠠᠶᠠᠷ ᠤ᠋ᠨ ᠡᠳᠤᠷ ᠢ᠋ ᠬᠠᠮᠲᠤ᠎ᠪᠠᠷ ᠤᠭ᠍ᠲᠤᠪᠠ᠃ ᠰᠢ ᠵᠢᠨ ᠫᠢᠩ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠡᠴᠡ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠂ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠦ ᠴᠢᠩ ᠰᠡᠳᠭᠢᠯ᠎ᠦᠨ ᠮᠡᠨᠳᠦᠴᠢᠯᠡᠯ ᠪᠣᠯᠤᠨ ᠰᠠᠢᠨ ᠰᠠᠢᠬᠠᠨ ᠵᠥᠩᠨᠡᠯ ᠳᠡᠪᠱᠢᠭᠦᠯᠪᠡ᠃

2 ᠰᠠᠷ᠎ᠠ ᠵᠢᠨ ᠵᠢᠨ 11 ᠤ᠋ ᠡᠳᠤᠷ ᠂ ᠰᠢ ᠵᠢᠨ ᠫᠢᠩ᠂ ᠸᠠᠩ ᠬᠣ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ ᠨᠠᠷ ᠪᠡᠭᠡᠵᠢᠩ ᠤ᠋ᠨ ᠠᠷᠠᠳ ᠤ᠋ᠨ ᠶᠡᠭᠡ ᠬᠤᠷᠠᠯ ᠤ᠋ᠨ ᠲᠠᠩᠭᠢᠮ ᠳ᠋ᠤ ᠨᠠᠮ ᠤ᠋ᠨ ᠭᠠᠳᠠᠨᠠᠬᠢ ᠬᠦᠮᠦᠰ ᠲᠠᠢ ᠨᠢᠭᠡ ᠲᠠᠩᠭᠢᠮ ᠳ᠋ᠤ ᠴᠤᠬᠯᠠᠷᠠᠵᠤ᠂ ᠪᠠᠶᠠᠷ ᠤ᠋ᠨ ᠡᠳᠤᠷ ᠢ᠋ ᠬᠠᠮᠳᠤ ᠪᠡᠷ ᠤᠬᠳᠤᠪᠠ᠃
ᠰᠢᠨᠬᠤᠸᠠ ᠬᠤᠷᠢᠶ᠎ᠠ ᠵᠢᠨ ᠵᠢᠨ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠠ
ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠣ ᠨᠢᠩ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠣᠷᠣᠯᠴᠠᠪᠠ᠃
ᠳᠤᠮᠳᠠᠲᠤ ᠤᠯᠤᠰ ᠤᠨ ᠭᠤᠮᠢᠨᠳᠠᠩ ᠤᠨ ᠬᠣᠪᠢᠰᠭᠠᠯᠲᠤ ᠬᠣᠷᠢᠶ᠎ᠠ ᠶ᠋ᠢᠨ ᠲᠥᠪ ᠬᠣᠷᠢᠶ᠎ᠠ ᠶ᠋ᠢᠨ ᠲᠡᠷᠢᠭᠦᠯᠡᠭ᠌ᠴᠢ ᠵᠸᠩ ᠵᠢᠶᠠᠨ ᠪᠠᠩ᠂ ᠲᠤᠮᠳᠠᠳᠤ ᠤᠯᠤᠰ ᠤ᠋ᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ ᠵᠢᠨ ᠲᠡᠷᠢᠭᠦᠯᠡᠭ᠌ᠴᠢ ᠳ᠋ᠢᠩ ᠵᠦᠩ ᠯᠢ᠂ ᠲᠤᠮᠳᠠᠳᠤ ᠤᠯᠤᠰ ᠤ᠋ᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ ᠵᠢᠨ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠴᠢᠨ ᠪᠥᠸᠧ ᠶᠦᠩ᠂ ᠲᠤᠮᠳᠠᠳᠤ ᠤᠯᠤᠰ ᠤ᠋ᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ ᠵᠢᠨ ᠲᠡᠷᠢᠭᠦᠯᠡᠭ᠌ᠴᠢ ᠼᠠᠢ ᠳ᠋ᠠ ᠹᠸᠩ᠂ ᠲᠤᠮᠳᠠᠳᠤ ᠤᠯᠤᠰ ᠤ᠋ᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠡᠷᠢᠭᠦᠯᠡᠭ᠌ᠴᠢ ᠾᠧ ᠸᠧᠢ᠂ ᠲᠤᠮᠳᠠᠳᠤ ᠤᠯᠤᠰ ᠤ᠋ᠨ ᡁᠢᠬᠦ᠋ᠩᠳ᠋ᠠᠩ ᠨᠠᠮ᠎ᠤᠨ ᠲᠥᠪ ᠬᠣᠷᠢᠶ᠎ᠠ ᠵᠢᠨ ᠲᠡᠷᠢᠭᠦᠯᠡᠭ᠌ᠴᠢ ᠵᠢᠶᠠᠩ ᠽᠦᠸᠧ ᠵᠢᠶᠦ᠋ᠨ᠂《9·3》᠎ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ ᠵᠢᠨ ᠲᠡᠷᠢᠭᠦᠯᠡᠭ᠌ᠴᠢ ᠦ᠋ ᠸᠧᠢ ᠬᠤᠸᠠ᠂ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶ᠎ᠠ ᠵᠢᠨ ᠲᠡᠷᠢᠭᠦᠯᠡᠭ᠌ᠴᠢ ᠰᠦ᠍ ᠬᠤᠢ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠭᠤᠤ ᠶᠦᠨ ᠯᠦᠩ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠵᠧᠦ ᠵᠦᠩ ᠾᠧ᠂ ᠸᠠᠩ ᠮᠧᠢ ᠱᠢᠶᠠᠩᠨᠠᠷ ᠤᠷᠢᠯᠭ᠎ᠠ᠎ᠪᠠᠷ ᠣᠷᠣᠯᠴᠠᠵᠠᠢ᠃ ᠤᠷᠢᠯᠭ᠎ᠠ᠎ᠪᠠᠷ ᠣᠷᠣᠯᠴᠠᠭ᠍ᠰᠠᠳ᠎ᠲᠤ ᠪᠠᠰᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠭᠤ ᠪᠠᠢᠷᠢ᠎ᠡᠴᠡ᠎ᠪᠠᠨ ᠪᠠᠭᠤᠭ᠍ᠰᠠᠨ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠤᠤᠯ᠎ᠤᠨ ᠲᠡᠷᠢᠭᠦᠯᠡᠭ᠌ᠴᠢ᠂ ᠨᠢᠭᠡᠳᠦᠭᠡᠷ ᠳᠡᠳ᠋ ᠲᠡᠷᠢᠭᠦᠯᠡᠭ᠌ᠴᠢ ᠪᠣᠯᠤᠨ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠪᠤᠢ᠃
ᠾᠧ ᠸᠧᠢ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠤ᠋ᠨ ᠡᠮᠦᠨ᠎ᠠ ᠡᠴᠡ ᠪᠠᠶᠠᠷ᠎ᠤᠨ ᠦᠭᠡ ᠬᠡᠯᠡᠪᠡ᠃ ᠲᠡᠷᠡ᠂ 2025 ᠣᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠬᠡ ᠰᠠᠯᠬᠢᠨ ᠰᠢᠷᠦᠭᠦᠨ ᠳᠠᠪᠠᠯᠭᠠᠨᠦᠳᠤᠮᠳᠠ ᠡᠷᠡᠮᠡᠬᠡᠢᠯᠡᠨ ᠤᠷᠤᠭ᠍ᠰᠢᠯᠠᠵᠤ᠂ ᠬᠦᠴᠢᠷ ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠬᠡᠷᠡᠯ ᠰᠠᠴᠤᠷᠠᠩᠭᠤᠶ ᠠᠮᠵᠢᠯᠲᠠ᠎ᠶ᠋ᠢ ᠡᠭᠦᠳᠴᠦ᠍᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ ᠱᠢᠨ᠎ᠡ ᠨᠢᠭᠡ ᠵᠢᠯ᠎ᠳᠦ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢᠲᠡᠢ᠎ᠪᠡᠷ ᠠᠷᠭ᠎ᠠ ᠤᠬᠠᠭᠠᠨ ᠳᠡᠪᠰᠢᠭᠦᠯᠦᠨ ᠵᠠᠰᠠᠭ᠎ᠲᠤ ᠲᠤᠰᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ ᠭᠡᠵᠦ ᠢᠯᠡᠳᠭᠡᠪᠡ᠃
ᠾᠧ ᠸᠧᠢ᠎ᠶ᠋ᠢᠨ ᠪᠠᠶᠠᠷ᠎ᠤᠨ ᠦᠭᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2025 ᠣᠨ ᠪᠣᠯ ᠲᠤᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠢ ᠬᠤᠷᠠᠯᠳᠤᠭᠤᠯᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ᠂ ᠲᠠᠢᠸᠠᠨ᠎ᠢ ᠡᠭᠡᠭᠦᠯᠦᠨ ᠠᠪᠤᠭᠰᠠᠨ ᠳᠤᠷᠠᠰᠭᠠᠯ᠎ᠤᠨ ᠡᠳᠦᠷ᠎ᠢ ᠲᠤᠭᠲᠠᠭᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠤᠢ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠪᠡ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ ᠲᠡᠢᠰᠢ ᠱᠢᠯᠢᠳᠡᠭ ᠲᠡᠢᠰᠢ ᠬᠥᠭ᠌ᠵᠢᠪᠡ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠪᠦᠬᠦ᠌ ᠪᠥᠮᠪᠥᠷᠴᠡᠭ᠎ᠦᠨ ᠵᠠᠰᠠᠯᠲᠠ ᠶ᠋ᠢᠨ ᠰᠠᠨᠠᠭᠠᠴᠢᠯᠠᠭ᠎ᠠ ᠶ᠋ᠢ ᠳᠤᠷᠠᠳᠴᠤ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠲᠡᠢ ᠠᠬᠢᠭᠤᠯᠪᠠ᠃ ᠲᠥᠪ᠎ᠦᠨ ᠨᠠᠢ᠍ᠮᠠᠨ ᠲᠣᠭ᠍ᠲᠠᠭᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ ᠪᠠ ᠢᠯᠵᠢᠷᠠᠯ ᠢ ᠡᠰᠡᠷᠭᠦᠴᠡᠬᠦ᠌ ᠲᠡᠮᠡᠴᠡᠯ ᠢᠯᠡᠳᠲᠡ ᠦᠷ᠎ᠡ ᠪᠦᠲᠦᠮᠵᠢ ᠤᠯᠪᠠ᠃ 5 ᠵᠢᠯ᠎ᠦᠨ ᠴᠥᠬᠥᠷᠡᠰᠢ ᠦᠭᠡᠢ ᠲᠡᠮᠡᠴᠡᠯ᠎ᠢᠶᠡᠷ ᠳᠠᠮᠵᠢᠨ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ ᠶ᠋ᠢ ᠠᠯᠬᠤᠪᠠ᠃ ᠡᠳᠡᠭᠡᠷ ᠠᠮᠵᠢᠯᠲᠠ ᠪᠣᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠣᠯᠪᠣᠭ᠎ᠠ ᠪᠣᠯᠤᠨ ᠨᠠᠮ ᠪᠦᠯᠦᠭ ᠦᠨ ᠪᠤᠰᠤ ᠬᠥᠮᠦᠰ᠎ᠢ ᠪᠠᠭ᠍ᠲᠠᠭᠠᠭ᠍ᠰᠠᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃
ᠰᠢ ᠵᠢᠨ ᠫᠢᠩ᠂ ᠥᠩᠭᠡᠷᠡᠭ᠌ᠰᠡᠨ ᠨᠢᠭᠡ ᠵᠢᠯ᠎ᠳᠦ᠂ ᠤᠯᠠᠨ ᠨᠠᠮ ᠬᠠᠮᠲᠤᠷᠠᠨ ᠠᠵᠢᠯᠯᠠᠬᠤ ᠦᠢᠯᠡᠰ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ ᠪᠣᠯᠤᠨ ᠨᠠᠮ ᠪᠦᠯᠦᠭ ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠲᠣᠭ᠍ᠲᠠᠭᠠᠯ ᠢ ᠰᠤᠷᠤᠯᠴᠠᠬᠤ᠂ ᠰᠤᠷᠲᠠᠯ᠎ᠢᠶᠠᠨ ᠬᠦᠴᠦᠷᠬᠡᠭ᠌ᠵᠢᠭᠦᠯᠬᠦ᠌᠂ ᠲᠦᠷᠢ ᠲᠥᠷᠬᠦ᠌ ᠶ᠋ᠢ ᠱᠤᠭᠤᠬᠤ》 ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠢᠳᠡᠪᠬᠢᠲᠡᠢ ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ 《ᠬᠣᠶᠠᠷ ᠡᠷᠡᠭᠦᠯ》 ᠢ ᠠᠬᠢᠭᠤᠯᠬᠤ᠎ᠶ᠋ᠢᠨ ᠲᠥᠯᠥᠭᠡ ᠶᠡᠬᠡ ᠬᠡᠮᠵᠢᠶᠡᠨ᠎ᠦ ᠠᠵᠢᠯ ᠬᠢᠪᠠ ᠭᠡᠵᠦ ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠤᠯᠠᠨ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ!
ᠰᠢ ᠵᠢᠨ ᠫᠢᠩ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠨ ᠲᠤᠭᠤᠷᠢᠨ ᠳ᠋ᠤ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠦᠰᠡᠵᠦ᠍ ᠪᠠᠢᠨ᠎ᠠ᠃ ᠨᠢᠭᠡ᠎ᠳᠦ᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠬᠤ ᠬᠡᠷᠡᠭᠳᠠᠢ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠢᠮᠠᠭ᠍ᠲᠠ ᠳᠤᠮᠳᠠᠳᠤ ᠤᠯᠤᠰ ᠤᠨ ᠡᠪ ᠬᠠᠮᠲᠤ ᠨᠠᠮ᠎ᠯᠤᠭ᠎ᠠ ᠪᠤᠳᠤᠯ ᠨᠢᠭᠡᠲᠡᠢ᠂ ᠵᠣᠭ᠍ᠰᠣᠯᠲᠠ ᠨᠢᠭᠡᠲᠡᠢ᠂ ᠠᠵᠢᠯᠯᠠᠭ᠎ᠠ ᠨᠢᠭᠡᠲᠡᠢ ᠪᠠᠢᠬᠤ ᠬᠡᠷᠡᠭ᠌ᠲᠡᠢ᠃ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ᠎ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠮᠦᠰ ᠢ ᠬᠥᠲᠥᠯᠥᠨ ᠵᠢᠯᠣᠭᠣᠳᠴᠤ᠌ ᠪᠠᠢᠭᠠᠳ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ᠎ᠨᠢ ᠪᠠᠲᠤᠳᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠬᠡᠷᠡᠭ᠌ᠲᠡᠶ᠃ ᠬᠣᠶᠠᠷ᠎ᠲᠤ᠂ ᠭᠣᠣᠯᠳᠠᠯᠭ᠎ᠠ ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭᠳᠡᠢ᠃ ᠪᠠᠢᠴᠠᠭᠠᠨ ᠰᠤᠳᠤᠯᠤᠯᠲᠠᠬᠢᠬᠦ ᠶᠢ ᠴᠢᠩᠭᠠᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠨᠡᠩ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ ᠰᠠᠨᠠᠭᠤᠯᠭ᠎ᠠ ᠬᠠᠩᠭᠠᠬᠤ ᠬᠡᠷᠡᠭ᠌ᠲᠡᠢ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠳᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠳᠡᠢ᠃ ᠭᠤᠷᠪᠠ᠎ᠳᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠰᠠᠭ᠎ᠤᠨ ᠶᠠᠪᠤᠳᠠᠯ᠎ᠳᠤ ᠣᠷᠣᠯᠴᠠᠬᠤ ᠨᠠᠮ ᠪᠠ ᠵᠠᠰᠠᠭ ᠤᠨ ᠶᠠᠪᠤᠳᠠᠯ᠎ᠳᠤ ᠣᠷᠣᠯᠴᠠᠬᠤ ᠬᠦᠴᠦᠨ᠎ᠦ ᠱᠢᠨ᠎ᠡ ᠳᠦᠷᠰᠦ ᠪᠠᠢᠳᠠᠯ ᠢ ᠨᠡᠩ ᠰᠠᠢᠲᠤᠷ ᠢᠯᠡᠷᠡᠭᠦᠯᠬᠦ ᠬᠡᠷᠡᠭᠳᠡᠢ᠃ ᠤᠳᠤᠷᠢᠳᠭᠤ ᠪᠠᠭ᠎ᠤᠨ ᠪᠠᠢᠭᠤᠯᠤᠯᠲᠠ ᠶ᠋ᠢ ᠴᠢᠩᠭᠠᠳᠭᠠᠵᠤ᠂ ᠪᠦᠷᠢᠯᠳᠦᠬᠦᠨ ᠨᠠᠷ ᠤ᠋ᠨ ᠵᠢᠡᠨ ᠬᠥᠭ᠌ᠵᠢᠯᠲᠡ᠎ᠶ᠋ᠢᠨ ᠶᠠᠰᠤ ᠴᠢᠨᠠᠷ ᠢ ᠴᠢᠬᠤᠯᠠᠴᠢᠯᠠᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃ ᠤᠯᠤᠰ ᠲᠦᠷᠦ᠍ ᠶ᠋ᠢᠨ ᠵᠤᠯᠭᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠯᠠᠨ ᠨᠠᠮ ᠬᠠᠮᠲᠤᠷᠠᠨ ᠠᠵᠢᠯᠯᠠᠬᠤ ᠦᠢᠯᠡᠰ ᠦᠨ ᠢᠮᠠᠭ᠍ᠲᠠ ᠴᠤᠭ ᠪᠠᠳᠠᠷᠠᠩᠭᠤᠢ ᠠᠮᠢᠵᠢᠷᠠᠯ ᠤᠨ ᠬᠦᠴᠦᠨ᠎ᠲᠡᠶ ᠪᠠᠢᠬᠤ ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠯᠢ ᠭᠠᠨ ᠵᠢᠶ᠍ᠸ᠂ ᠡᠯ᠎ᠡ ᠠᠷᠠᠳᠴᠢᠯᠠᠭ᠍ᠰᠠᠨ ᠨᠠᠮ ᠪᠦᠯᠦᠭ ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠶ᠋ᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ ᠲᠥᠪ ᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠠᠵᠢᠯᠯᠠᠭ᠎ᠠ᠎ᠳᠤ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)