ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌ ᠲᠠᠱᠢᠷᠠᠮ᠎ᠢᠶᠠᠷ᠂ ᠲᠤᠮᠳᠠᠳᠤ ᠤᠯᠤᠰ ᠤ᠋ᠨ ᠡᠪ ᠬᠠᠮᠳᠤ ᠨᠠᠮ ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ ᠦᠨ ᠶᠠᠪᠤᠳᠠᠯ ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 10 ᠤ᠋ ᠡᠳᠦᠷ ᠪᠡᠭᠡᠵᠢᠩ ᠦᠨ 《8·1》 ᠲᠤᠮᠤ ᠠᠰᠠᠷ᠎ᠲᠤ ᠸᠢᠳᠢᠣ᠋ ᠬᠡᠯᠪᠡᠷᠢ᠎ᠪᠡᠷ ᠪᠦᠬᠦ᠌ ᠴᠡᠷᠢᠭ ᠦᠨ ᠲᠠᠢ᠌ᠨᠳ᠋ᠤ ᠪᠡᠯᠡᠳᠭᠡᠨ ᠵᠢᠵᠢᠭᠦᠷᠯᠡᠬᠦ ᠪᠣᠯᠤᠨ ᠡᠭᠦᠷᠭᠡ ᠭᠦᠢᠴᠡᠳᠭᠡᠵᠦ᠍ ᠪᠠᠢᠭ᠎ᠠ ᠪᠠᠢᠳᠠᠯ ᠢ ᠪᠠᠢᠴᠠᠭᠠᠵᠤ᠂ ᠬᠣᠯᠪᠣᠭ᠍ᠳᠠᠯ ᠪᠦᠬᠦᠢ ᠴᠡᠷᠢᠭ ᠠᠩᠬᠢ ᠶ᠋ᠢ ᠳᠣᠲᠣᠨᠣ᠎ᠪᠠᠷ ᠲᠣᠬᠣᠨᠢᠭᠤᠯᠵᠤ᠂ ᠨᠠᠮ᠎ᠤᠨ ᠲᠥᠪ ᠬᠣᠷᠢᠶ᠎ᠠ ᠪᠣᠯᠤᠨ ᠲᠥᠪ ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠡᠴᠡ ᠠᠷᠠᠳ᠎ᠤᠨ ᠴᠢᠯᠥᠭᠡᠯᠡᠬᠦ᠌ ᠴᠡᠷᠢᠭ ᠦᠨ ᠪᠦᠬᠦ ᠵᠢᠯᠤᠭᠤᠳᠤᠬ᠍ᠴᠢ ᠪᠠᠢᠯᠳᠤᠭ᠍ᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠂ ᠴᠡᠷᠢᠭ ᠠᠩᠬᠢ᠎ᠶ᠋ᠢᠨ ᠪᠢᠴᠢᠭ᠎ᠦᠨ ᠠᠵᠢᠯᠳᠠᠨ᠂ ᠪᠡᠯᠡᠳᠭᠡᠯ ᠠᠯᠪᠠᠨ᠎ᠤ ᠬᠥᠮᠦᠰ ᠪᠠ ᠡᠷᠦᠭᠡ᠎ᠶ᠋ᠢᠨ ᠴᠡᠷᠢᠭ ᠲᠦ ᠴᠢᠩ ᠰᠡᠳᠭᠢᠯ ᠦᠨ ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃

2 ᠰᠠᠷ᠎ᠠ ᠵᠢᠨ 10 ᠤ᠋ ᠡᠳᠤᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ ᠤ᠋ᠨ 《8·1》 ᠲᠤᠮᠤ ᠠᠰᠠᠷ᠎ᠲᠤ ᠸᠢᠳᠢᠤ᠋ ᠬᠡᠯᠪᠡᠷᠢ ᠪᠡᠷ ᠪᠦᠬᠦ ᠴᠡᠷᠢᠭ ᠤ᠋ᠨ ᠲᠠᠢᠨ ᠳ᠋ᠤ ᠪᠡᠯᠡᠳᠭᠡᠨ ᠵᠢᠵᠢᠬᠦᠷᠯᠡᠬᠦ ᠪᠤᠯᠤᠨ ᠡᠬᠦᠷᠭᠡ ᠬᠦᠢᠴᠡᠳᠭᠡᠵᠤ ᠪᠠᠢᠭ᠎ᠠ ᠪᠠᠢᠳᠠᠯ ᠢ᠋ ᠪᠠᠢᠴᠠᠭᠠᠵᠤ᠂ ᠬᠤᠯᠪᠤᠬᠳᠠᠯ ᠪᠦᠬᠦᠢ ᠴᠡᠷᠢᠭ ᠠᠩᠬᠢ ᠵᠢ ᠲᠤᠳᠤᠨᠤ ᠪᠡᠷ ᠲᠤᠬᠤᠨᠢᠭᠤᠯᠪᠠ᠃ ᠵᠢᠷᠤᠭ ᠪᠤᠯ ᠬᠠᠭᠤᠷᠠᠢ ᠵᠠᠮ ᠤᠨ ᠴᠡᠷᠢᠭ᠎ᠦᠨ ᠨᠢᠭᠡᠨ ᠪᠠᠷᠢᠭᠠᠳ᠋ᠠᠶ᠋ᠢᠨ 2 ᠳ᠋ᠤᠭᠠᠷ ᠪᠠᠲ᠋ᠯᠢᠶᠣᠨ᠂ ᠲᠠᠯᠠᠢ᠎ᠶ᠋ᠢᠨ ᠴᠡᠷᠢᠭ ᠦᠨ ᠠᠨᠾᠦ᠋ᠢ ᠨᠠᠷᠠᠮᠵᠢᠳᠤ ᠬᠥᠯᠭᠡ ᠣᠩᠭᠣᠴᠠ᠂ ᠠᠭᠠᠷ ᠤᠨ ᠴᠡᠷᠢᠭ ᠦᠨ ᠨᠢᠭᠡᠨ ᠪᠠᠷᠢᠭᠠᠳ᠋ᠠ᠂ ᠲᠡᠢ᠌ᠷᠦᠯᠳᠦ ᠰᠤᠮᠤᠨ ᠤ ᠴᠡᠷᠢᠭ ᠦᠨ ᠨᠢᠭᠡᠨ ᠪᠠᠷᠢᠭᠠᠳᠠ᠂ ᠴᠡᠷᠢᠭ᠎ᠦᠨ ᠶᠠᠪᠤᠳᠠᠯ ᠤᠨ ᠰᠠᠨᠰᠠᠷ ᠤᠨ ᠠᠶᠠᠯᠠᠯ ᠤᠨ ᠴᠡᠷᠢᠭ ᠠᠩᠬᠢ ᠵᠢᠨ ᠨᠢᠭᠡᠨ ᠬᠡᠯᠲᠡᠰ᠂ ᠰᠦᠯᠵᠢᠶᠡᠨ᠎ᠦ ᠤᠷᠤᠨ ᠵᠠᠢ ᠵᠢᠨ ᠴᠡᠷᠢᠭ ᠠᠩᠬᠢ᠎ᠶ᠋ᠢᠨ ᠨᠢᠭᠡᠨ ᠬᠡᠯᠲᠡᠰ᠂ ᠮᠡᠳᠡᠭᠡ ᠵᠠᠩᠭᠢ᠎ᠶ᠋ᠢᠨ ᠲᠤᠰᠠᠯᠠᠬᠤ ᠴᠡᠷᠢᠭ ᠠᠩᠬᠢ᠎ᠶ᠋ᠢᠨ ᠨᠢᠭᠡᠨ ᠲᠥᠪ᠂ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠬᠢ᠎ᠶ᠋ᠢᠨ ᠨᠢᠭᠡᠨ ᠰᠠᠩ ᠬᠥᠮᠥᠷᠭᠡ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ ᠶ᠋ᠢᠨ ᠨᠢᠭᠡᠨ ᠰᠠᠯᠪᠤᠷᠢ ᠠᠩᠬᠢ ᠲᠡᠷᠢᠭᠦᠯᠡᠭ᠌ᠴᠢ ᠰᠢ ᠵᠢᠨ ᠫᠢᠩ᠎ᠳᠦ ᠪᠠᠢᠳᠠᠯ᠎ᠵᠢᠡᠨ ᠮᠡᠳᠡᠬᠦᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ
ᠦᠳᠡ᠎ᠶ᠋ᠢᠨ ᠬᠣᠢᠨᠠᠬᠢ 4 ᠴᠠᠭ᠎ᠤᠨ ᠦᠶ᠎ᠡ᠎ᠪᠡᠷ᠂ ᠰᠢ ᠵᠢᠨ ᠫᠢᠩ 《8·1》 ᠲᠤᠮᠤ ᠠᠰᠠᠷ᠎ᠲᠤ ᠬᠦᠷᠴᠦ᠍᠂ ᠡᠯ᠎ᠡ ᠴᠡᠷᠢᠭ᠎ᠦᠨ ᠲᠦᠷᠦᠯ ᠮᠡᠷᠭᠡᠵᠢᠯ᠎ᠦᠨ ᠲᠦᠷᠦᠯ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ 9 ᠨᠢᠭᠡᠴᠢ᠎ᠲᠡᠶ ᠸᠢᠳᠢᠣ᠋᠎ᠪᠠᠷ ᠶᠠᠷᠢᠯᠴᠠᠪᠠ᠃ ᠬᠠᠭᠤᠷᠠᠢ ᠵᠠᠮ᠎ᠤᠨ ᠴᠡᠷᠢᠭ᠎ᠦᠨ ᠨᠢᠭᠡᠨ ᠪᠠᠷᠢᠭᠠᠳ᠋ᠠᠶ᠋ᠢᠨ 2 ᠳ᠋ᠤᠭᠠᠷ ᠪᠠᠲ᠋ᠯᠢᠶᠣᠨ᠂ ᠲᠠᠯᠠᠢ᠎ᠶ᠋ᠢᠨ ᠴᠡᠷᠢᠭ᠎ᠦᠨ ᠠᠨᠾᠦ᠋ᠢ ᠨᠠᠷᠠᠮᠵᠢᠳᠤ ᠬᠥᠯᠭᠡ ᠣᠩᠭᠣᠴᠠ᠂ ᠠᠭᠠᠷ᠎ᠤᠨ ᠴᠡᠷᠢᠭ᠎ᠦᠨ ᠨᠢᠭᠡᠨ ᠪᠠᠷᠢᠭᠠᠳ᠋ᠠ᠂ ᠲᠡᠢ᠌ᠷᠦᠯᠳᠦ ᠰᠤᠮᠤᠨ᠎ᠤ ᠴᠡᠷᠢᠭ᠎ᠦᠨ ᠨᠢᠭᠡᠨ ᠪᠠᠷᠢᠭᠠᠳᠠ᠂ ᠴᠡᠷᠢᠭ᠎ᠦᠨ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠴᠡᠷᠢᠭ ᠠᠩᠬᠢ ᠵᠢᠨ ᠨᠢᠭᠡᠨ ᠬᠡᠯᠲᠡᠰ᠂ ᠰᠦᠯᠵᠢᠶᠡᠨ᠎ᠦ ᠤᠷᠤᠨ ᠵᠠᠢ ᠵᠢᠨ ᠴᠡᠷᠢᠭ ᠠᠩᠬᠢ ᠵᠢᠨ ᠨᠢᠭᠡᠨ ᠬᠡᠯᠳᠡᠰ᠂ ᠮᠡᠳᠡᠭᠡ ᠵᠠᠩᠭᠢ᠎ᠵᠢᠨ ᠲᠤᠰᠠᠯᠠᠬᠤ ᠴᠡᠷᠢᠭ ᠠᠩᠬᠢ᠎ᠶ᠋ᠢᠨ ᠨᠢᠭᠡᠨ ᠲᠥᠪ᠂ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠬᠢ᠎ᠶ᠋ᠢᠨ ᠨᠢᠭᠡᠨ ᠰᠠᠩ ᠬᠥᠮᠥᠷᠭᠡ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠨᠢᠭᠡᠨ ᠰᠠᠯᠪᠤᠷᠢ ᠠᠩᠬᠢ ᠲᠡᠷᠢᠭᠦᠯᠡᠭ᠌ᠴᠢ ᠰᠢ ᠵᠢᠨ ᠫᠢᠩ᠎ᠳᠦ ᠲᠠᠢ᠌ᠨ ᠳ᠋ᠤ ᠪᠡᠯᠡᠳᠭᠡᠨ ᠵᠢᠵᠢᠬᠦᠷᠯᠡᠬᠦ ᠪᠣᠯᠤᠨ ᠡᠭᠦᠷᠭᠡ ᠭᠦᠢᠴᠡᠳᠭᠡᠵᠦ᠍ ᠪᠠᠢᠭ᠎ᠠ ᠪᠠᠢᠳᠠᠯ᠎ᠵᠢᠡᠨ ᠳᠡᠰ ᠳᠠᠷᠠᠭ᠎ᠠ᠎ᠲᠠᠶ᠎ᠪᠠᠷ ᠮᠡᠳᠡᠭᠦᠯᠪᠡ᠃ ᠰᠢ ᠵᠢᠨ ᠫᠢᠩ ᠬᠠᠷᠢᠭᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠲᠡᠳᠡᠨ᠎ᠲᠡᠶ ᠳᠣᠲᠣᠨᠣ᠎ᠪᠠᠷ ᠶᠠᠷᠢᠯᠴᠠᠪᠠ᠃ ᠳᠠᠷᠤᠭ᠎ᠠ ᠪᠠᠢᠯᠳᠤᠭ᠍ᠴᠢᠳ᠎ᠤᠨ ᠴᠤᠭ ᠵᠢᠪᠬᠤᠭ᠎ᠠ ᠲᠡᠭᠦᠯᠳᠡᠷ᠂ ᠣᠮᠣᠭ ᠵᠣᠷᠢᠭ ᠪᠠᠳᠠᠷᠠᠩᠭᠤᠢ ᠪᠠᠢᠵᠤ᠂ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠯᠠᠪᠳᠠᠭᠤᠨ ᠪᠠᠲᠤᠲᠠᠢ᠎ᠪᠠᠷ ᠴᠡᠷᠢᠭ ᠪᠣᠯᠪᠠᠰᠤᠷᠠᠭᠤᠯᠤᠨ ᠲᠠᠢ᠌ᠨ᠎ᠳᠦ ᠪᠡᠯᠡᠳᠭᠡᠵᠦ᠍ ᠪᠠᠢᠬᠤ᠎ᠶ᠋ᠢ ᠦᠵᠡᠭᠡᠳ᠂ ᠰᠢ ᠵᠢᠨ ᠫᠢᠩ ᠭᠦᠢᠴᠡᠳ ᠨᠤᠲᠠᠯᠠᠯᠳᠠ ᠦᠭᠴᠤ᠂ ᠤᠯᠠᠨ᠎ᠢ ᠪᠣᠳᠠᠲᠤ ᠪᠠᠢ᠌ᠯᠳᠤᠭᠠᠨᠴᠢᠯᠠᠭ᠍ᠰᠠᠠ ᠴᠡᠷᠢᠭ᠎ᠦᠨ ᠪᠣᠯᠪᠠᠰᠤᠷᠠᠯ᠎ᠢ ᠴᠢᠩᠭ᠎ᠠ ᠠᠳᠭᠤᠨ᠂ ᠭᠠᠷ᠎ᠲᠠᠬᠢ ᠵᠡᠪᠰᠡᠭ ᠲᠣᠨᠣᠭ᠍ᠯᠠᠯ᠎ᠢᠶᠠᠨ ᠰᠠᠢᠲᠤᠷ ᠠᠱᠢᠭ᠍ᠯᠠᠵᠤ᠂ ᠴᠡᠷᠢᠭ ᠠᠩᠬᠢ᠎ᠶ᠋ᠢᠨ ᠲᠠᠢ᠌ᠴᠢᠨ ᠬᠦᠴᠦᠨ᠎ᠦ ᠪᠠᠢᠭᠤᠯᠤᠯᠲᠠ ᠪᠣᠯᠤᠨ ᠬᠡᠷᠡᠭ᠌ᠯᠡᠭᠡᠨ ᠦ ᠲᠦᠪᠱᠢᠨ ᠢ ᠳᠡᠭᠡᠭ᠌ᠰᠢᠯᠡᠭᠦᠯᠦᠭᠡᠷᠡᠢ ᠭᠡᠵᠦ᠍ ᠵᠣᠷᠢᠭ᠍ᠵᠢᠭᠤᠯᠪᠠ᠃

2 ᠰᠠᠷ᠎ᠠ ᠵᠢᠨ 10 ᠤ᠋ ᠡᠳᠤᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ ᠤ᠋ᠨ 《8·1》 ᠲᠤᠮᠤ ᠠᠰᠠᠷ᠎ᠲᠤ ᠸᠢᠳᠢᠤ᠋ ᠬᠡᠯᠪᠡᠷᠢ ᠪᠡᠷ ᠪᠦᠬᠦ ᠴᠡᠷᠢᠭ ᠤ᠋ᠨ ᠲᠠᠢᠨ ᠳ᠋ᠤ ᠪᠡᠯᠡᠳᠭᠡᠨ ᠵᠢᠵᠢᠬᠦᠷᠯᠡᠬᠦ ᠪᠤᠯᠤᠨ ᠡᠬᠦᠷᠭᠡ ᠬᠦᠢᠴᠡᠳᠭᠡᠵᠤ ᠪᠠᠢᠭ᠎ᠠ ᠪᠠᠢᠳᠠᠯ ᠢ᠋ ᠪᠠᠢᠴᠠᠭᠠᠵᠤ᠂ ᠬᠤᠯᠪᠤᠬᠳᠠᠯ ᠪᠦᠬᠦᠢ ᠴᠡᠷᠢᠭ ᠠᠩᠬᠢ ᠵᠢ ᠲᠤᠳᠤᠨᠤ ᠪᠡᠷ ᠲᠤᠬᠤᠨᠢᠭᠤᠯᠵᠤ᠂ ᠨᠠᠮ᠎ᠤᠨ ᠲᠥᠪ ᠬᠣᠷᠢᠶ᠎ᠠ ᠪᠣᠯᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠡᠴᠡ ᠠᠷᠠᠳ᠎ᠤᠨ ᠴᠢᠯᠥᠭᠡᠯᠡᠬᠦ᠌ ᠴᠡᠷᠢᠭ᠎ᠦᠨ ᠪᠦᠬᠦ ᠵᠢᠯᠤᠭᠤᠳᠤᠬ᠍ᠴᠢ ᠪᠠᠢᠯᠳᠤᠭ᠍ᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠂ ᠴᠡᠷᠢᠭ ᠠᠩᠬᠢ᠎ᠶ᠋ᠢᠨ ᠪᠢᠴᠢᠭ᠎ᠦᠨ ᠠᠵᠢᠯᠳᠠᠨ᠂ ᠪᠡᠯᠡᠳᠭᠡᠯ ᠠᠯᠪᠠᠨ᠎ᠤ ᠬᠥᠮᠦᠰ ᠪᠠ ᠡᠷᠦᠭᠡ᠎ᠶ᠋ᠢᠨ ᠴᠡᠷᠢᠭ᠎ᠲᠦ ᠴᠢᠩ ᠰᠡᠳᠭᠢᠯ᠎ᠦᠨ ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃ ᠵᠢᠷᠤᠭ ᠪᠤᠯ ᠰᠢ ᠵᠢᠨ ᠫᠢᠩ ᠲᠠᠷᠤᠭ᠎ᠠ ᠪᠠᠢᠯᠳᠤᠬᠴᠢᠳ ᠤᠨ ᠵᠦᠭ ᠭᠠᠷ ᠲᠠᠯᠠᠯᠤᠨ ᠮᠡᠨᠳᠤᠴᠢᠯᠡᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ
ᠰᠢ ᠵᠢᠨ ᠫᠢᠩ᠂ ᠥᠩᠭᠡᠷᠡᠭ᠌ᠰᠡᠨ ᠨᠢᠭᠡ ᠵᠢᠯ ᠪᠣᠯ ᠲᠤᠢᠯ ᠤ᠋ᠨ ᠶᠡᠷᠦ᠍ ᠪᠤᠰᠤ ᠵᠢᠨ᠂ ᠲᠦᠢᠯ ᠤ᠋ᠨ ᠵᠢᠷ ᠤ᠋ᠨ ᠪᠤᠰᠤ ᠵᠢᠨ ᠨᠢᠭᠡ ᠵᠢᠯ ᠮᠥᠨ᠃ ᠠᠷᠠᠳ᠎ᠤᠨ ᠴᠡᠷᠢᠭ ᠠᠩᠬᠢ ᠤᠯᠤᠰ ᠲᠦᠷᠦ᠍᠎ᠶ᠋ᠢᠨ ᠴᠡᠭᠴᠡᠯᠡᠨ ᠪᠤᠯᠪᠠᠰᠤᠷᠠᠭᠤᠯᠤᠯᠳᠠ ᠵᠢ ᠭᠦᠨᠵᠡᠭᠡᠢ ᠠᠬᠢᠭᠤᠯᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠢᠯᠵᠢᠷᠡᠯ ᠢ ᠡᠰᠡᠷᠭᠦᠴᠡᠬᠦ᠌ ᠲᠡᠮᠡᠴᠡᠯ ᠳᠤᠮᠳᠠ ᠬᠤᠪᠢᠰᠭᠠᠯᠲᠤ ᠴᠢᠨᠠᠷᠲᠠᠢ ᠳᠠᠪᠲᠠᠯᠲᠠ᠎ᠶ᠋ᠢ ᠥᠩᠭᠡᠷᠡᠭᠡᠪᠡ᠃ ᠪᠦᠬᠦ᠌ ᠴᠡᠷᠢᠭ ᠠᠩᠬᠢ ᠵᠢᠨ ᠥᠷᠭᠡᠨ ᠤᠯᠠᠨ ᠳᠠᠷᠤᠭ᠎ᠠ ᠪᠠᠢᠯᠳᠤᠭ᠍ᠴᠢ ᠢᠯᠠᠩᠭᠤᠶ᠎ᠠ ᠦᠨᠳᠦᠰᠦᠨ ᠱᠠᠲᠤᠨ᠎ᠤ ᠳᠠᠷᠤᠭ᠎ᠠ ᠪᠠᠢᠯᠳᠤᠭ᠍ᠴᠢ ᠡᠷᠡᠰ ᠪᠠᠳᠤ ᠪᠡᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠢᠴᠡᠳᠭᠡᠵᠦ᠍᠂ ᠬᠦᠴᠦ᠍᠎ᠪᠡᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ᠎ᠶ᠋ᠢ ᠳᠠᠪᠠᠵᠤ᠂ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠤ᠂ ᠪᠦᠷᠢᠮᠦᠰᠦᠨ ᠬᠠᠲᠠᠭᠤ ᠳᠠᠭᠠᠭᠠᠮᠠᠭᠠᠢ᠂ ᠨᠠᠢᠳᠠᠪᠤᠷᠢᠲᠠᠢ ᠶᠤᠮ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠬᠡᠳᠦᠨ ᠡᠳᠦᠷ ᠥᠩᠭᠡᠷᠡᠪᠡᠯ ᠮᠤᠷᠢᠨ ᠵᠢᠯ᠎ᠦᠨ ᠴᠠᠭᠠᠨ ᠰᠠᠷ᠎ᠠ ᠪᠣᠯᠤᠨ᠎ᠠ᠂ ᠪᠠᠶᠠᠷ ᠳᠤᠷᠠᠰᠭᠠᠯ᠎ᠤᠨ ᠡᠳᠦᠷ ᠪᠣᠯᠬᠤ ᠳ᠋ᠦ ᠲᠠᠢ᠌ᠨ᠎ᠦ ᠪᠡᠯᠡᠳᠭᠡᠯ ᠬᠢᠬᠦ᠌ ᠪᠡᠨ ᠴᠢᠨᠭᠭᠠᠳᠬᠠᠬᠤ ᠪᠤᠯ ᠮᠠᠨ ᠤ ᠴᠡᠷᠢᠭ ᠦᠨ ᠢᠷᠠᠭᠤ ᠠᠯᠳᠠᠷᠲᠤ ᠤᠯᠠᠮᠵᠢᠯᠠᠯ ᠪᠣᠯᠤᠨ᠎ᠠ᠃ ᠪᠦᠬᠦ᠌ ᠴᠡᠷᠢᠭ᠎ᠦᠨ ᠴᠡᠷᠢᠭ ᠠᠩᠭᠢ ᠲᠠᠢ᠌ᠨ ᠳ᠋ᠤ ᠪᠡᠯᠡᠳᠭᠡᠨ ᠵᠢᠵᠢᠭᠦᠷᠯᠡᠬᠦ ᠪᠡᠨ ᠴᠢᠩᠭᠠᠳᠭᠠᠵᠤ᠂ ᠲᠣᠭ᠍ᠲᠠᠭᠠᠭ᠍ᠰᠠᠨ ᠰᠡᠷᠭᠡᠢᠯᠡᠯᠲᠡ᠎ᠶ᠋ᠢᠨ ᠪᠠᠢᠳᠠᠯ᠎ᠢᠶᠠᠨ ᠪᠠᠲᠤᠯᠠᠨ᠂ ᠡᠯ᠎ᠡ ᠵᠦᠢᠯ᠎ᠦᠨ ᠭᠠᠷᠴᠤ᠌ ᠮᠡᠳᠡᠬᠦ᠌ ᠭᠡᠨᠡᠳᠲᠡ᠎ᠶ᠋ᠢᠨ ᠪᠠᠢᠳᠠᠯ᠎ᠢ ᠴᠠᠭ ᠲᠤᠬᠠᠢᠳᠤᠨᠢ ᠪᠦᠲᠦᠮᠵᠢᠲᠡᠢ ᠱᠢᠢᠳᠪᠦᠷᠢᠯᠡᠵᠦ᠍᠂ ᠡᠬᠡ ᠤᠯᠤᠰ ᠤ᠋ᠨ ᠠᠮᠤᠷ ᠲᠦᠪᠱᠢᠨ ᠪᠠ ᠠᠷᠠᠳ ᠲᠦᠮᠡᠨ᠎ᠦ ᠵᠣᠯ ᠵᠢᠷᠭᠠᠯ᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ᠃ ᠡᠭᠦᠨ᠎ᠦ ᠵᠡᠷᠭᠡ ᠪᠡᠷ᠂ ᠠᠵᠢᠯ᠎ᠢᠶᠠᠨ ᠰᠠᠢᠳᠤᠷ ᠨᠢᠭᠡᠳᠦᠯᠲᠡᠶ ᠲᠥᠯᠥᠪᠵᠢᠬᠦᠯᠬᠦ᠎ᠶ᠋ᠢ ᠠᠩᠬᠠᠷᠴᠤ᠌᠂ ᠪᠠᠶᠠᠷ᠎ᠤᠨ ᠡᠳᠦᠷ᠎ᠦᠨ ᠬᠤᠭᠤᠴᠠᠭᠠᠨ ᠳ᠋ᠡᠬᠢ ᠠᠮᠢᠳᠤᠷᠠᠯ᠎ᠢᠶᠠᠨ ᠰᠠᠢᠲᠤᠷ ᠲᠣᠬᠢᠷᠠᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠵᠠᠩ ᠱᠧᠩ ᠮᠢᠨᠨᠡᠷ ᠠᠵᠢᠯᠯᠠᠭ᠎ᠠ᠎ᠳᠤ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)