ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ ᠨᠠᠮ᠎ᠤᠨ ᠪᠠᠢᠭᠤᠯᠤᠯᠲᠠ ᠪᠣᠯᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠠᠵᠢᠯ᠎ᠤᠨ ᠬᠤᠷᠠᠯ ᠬᠤᠷᠠᠯᠳᠤᠭᠤᠯᠪᠠ
2026-02-12 09:53:23
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠶᠠᠷᠢᠶ᠎ᠠ ᠲᠠᠯᠪᠢᠵᠠᠢ


2 ᠰᠠᠷ᠎ᠠ᠎ᠶ᠋ᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠨᠠᠮ᠎ᠤᠨ ᠪᠠᠢᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠠᠵᠢᠯ᠎ᠤᠨ ᠬᠤᠷᠠᠯ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ 2025 ᠣᠨ᠎ᠤ ᠨᠠᠮ᠎ᠤᠨ ᠪᠠᠢᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠠᠵᠢᠯ᠎ᠤᠨ ᠪᠠᠢᠳᠠᠯ᠎ᠢ ᠮᠡᠳᠡᠭ᠌ᠳᠡᠵᠦ᠍᠂ 2026 ᠣᠨ᠎ᠤ ᠠᠵᠢᠯ᠎ᠢ ᠲᠣᠬᠢᠷᠠᠭᠤᠯᠪᠠ᠃

ᠥᠪᠡᠷᠲᠡᠭᠡᠨ  ᠵᠠᠰᠠᠬᠤ  ᠣᠷᠣᠨ ᠎ᠤ ᠤᠯᠤᠰ  ᠲᠥᠷᠥ ᠎ᠶ᠋ᠢᠨ  ᠵᠥᠪᠯᠡᠯᠭᠡᠨ ᠎ᠦ ᠨᠠᠮ ᠎ᠤᠨ ᠤᠳᠤᠷᠢᠳᠭᠤ  ᠳᠤᠭᠤᠢᠯᠠᠩ ᠎ᠤᠨ  ᠱᠦᠵᠢ ᠂ ᠲᠡᠷᠢᠭᠦᠯᠡᠭ᠌ᠴᠢ  ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭ᠌ᠴᠢ ᠯᠦᠸᠧ ᡁᠢ ᠬᠤ᠌ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠶᠠᠩ ᠵᠢᠶᠧ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠶᠠᠰᠤ ᠴᠢᠨᠠᠷ ᠦᠷ᠎ᠡ ᠪᠦᠲᠦᠮᠵᠢ᠎ᠶ᠋ᠢ ᠡᠷᠬᠢᠮᠯᠡᠵᠦ᠍᠂ ᠴᠢᠩᠭ᠎ᠠ ᠪᠠᠢᠬᠤ᠎ᠶ᠋ᠢ ᠲᠡᠷᠢᠭᠦᠨ᠎ᠳᠦ ᠲᠠᠯᠪᠢᠵᠤ ᠰᠠᠬᠢᠯᠭ᠎ᠠ ᠪᠠᠲᠤ᠎ᠶ᠋ᠢ ᠡᠷᠬᠢᠮᠯᠡᠵᠦ᠍᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠡᠷᠬᠢᠮᠯᠡᠵᠦ᠍᠂ ᠲᠦᠷᠢᠮ᠎ᠢᠶᠡᠷ ᠬᠥᠮᠦᠨ᠎ᠢ ᠬᠠᠮᠢᠶᠠᠷᠬᠤ᠂ ᠤᠴᠢᠷ ᠶᠠᠪᠤᠳᠠᠯ᠎ᠢ ᠬᠠᠮᠢᠶᠠᠷᠬᠤ᠂ ᠡᠷᠬᠡ᠎ᠶ᠋ᠢ ᠬᠠᠮᠢᠶᠠᠷᠬᠤ᠎ᠶ᠋ᠢ ᠠᠬᠢᠭᠤᠯᠵᠤ᠂ ᠲᠦᠷᠢᠮ᠎ᠢ ᠨᠡᠩ ᠲᠡᠭᠦᠯᠳᠡᠷᠵᠢᠭᠦᠯᠵᠦ᠂ ᠱᠢᠰᠲ᠋ᠧᠮ᠎ᠢ ᠨᠡᠩ ᠪᠦᠷᠢᠨᠰᠢᠭᠦᠯᠵᠦ᠂ ᠲᠤᠱᠢᠶᠠᠯ ᠬᠠᠷᠢᠭᠤᠴᠠᠯᠭ᠎ᠠ᠎ᠶᠢ ᠨᠡᠩ ᠲᠤᠳᠤᠷᠬᠠᠢ ᠪᠤᠯᠭᠠᠵᠤ᠂ ᠰᠤᠷᠳᠠᠯ᠎ᠢ ᠨᠡᠩ ᠴᠢᠩᠭᠠᠳᠬᠠᠵᠤ᠂ ᠰᠠᠬᠢᠯᠭ᠎ᠠ ᠪᠠᠲᠤ᠎ᠶᠢ ᠨᠡᠩ ᠴᠢᠩᠳᠠᠯᠠᠵᠤ᠂ ᠡᠯ᠎ᠡ ᠵᠦᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠱᠢᠨ᠎ᠡ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠳ ᠬᠠᠮᠳᠦ ᠪᠡᠷ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠦᠵᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号