ᠪᠦᠬᠦ᠌ ᠣᠷᠣᠨ᠎ᠤ ᠨᠡᠢᠭᠡᠮ᠎ᠦᠨ ᠠᠵᠢᠯ᠎ᠤᠨ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ ᠬᠤᠷᠠᠯᠳᠤᠪᠠ
2026-02-12 09:59:35
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠱ᠌ᠢ ᠭᠤᠸᠠᠩ ᠬᠣᠶ ᠶᠠᠷᠢᠶ᠎ᠠ ᠲᠠᠯᠪᠢᠪᠠ



2 ᠰᠠᠷ᠎ᠠ ᠶ᠋ᠢᠨ 9᠎ᠤ᠋ ᠡᠳᠦᠷ᠂ ᠪᠦᠬᠦ᠌ ᠣᠷᠣᠨ᠎ᠤ ᠨᠡᠢᠭᠡᠮ᠎ᠦᠨ ᠠᠵᠢᠯ᠎ᠤᠨ ᠬᠡᠯᠲᠡᠰ᠎ᠤᠨ ᠳᠠᠷᠤᠭ᠎ᠠ᠎ᠨᠠᠷ᠎ᠤᠨ ᠬᠤᠷᠠᠯ ᠬᠥᠬᠡᠬᠣᠲᠠ᠎ᠳᠤ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠨᠡᠢᠭᠡᠮ᠎ᠦᠨ ᠠᠵᠢᠯ᠎ᠤᠨ ᠬᠡᠯᠲᠡᠰ᠎ᠤᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 2026 ᠣᠨ᠎ᠤ ᠪᠦᠬᠦ᠌ ᠣᠷᠣᠨ᠎ᠤ ᠨᠡᠢᠭᠡᠮ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ᠎ᠵᠢᠨ  ᠱᠦᠵᠢ ᠱ᠌ᠢ ᠭᠤᠸᠠᠩ ᠬᠤᠢ ᠶᠠᠷᠢᠶ᠎ᠠ ᠲᠠᠯᠪᠢᠵᠠᠢ᠃

ᠬᠤᠷᠠᠯ᠎ᠠᠴᠠ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭᠠᠨ ᠳ᠋ᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠥᠷᠭᠡᠳᠭᠡᠨ ᠭᠦᠨᠵᠡᠭᠡᠢᠷᠡᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ ᠪᠣᠯᠤᠨ ᠠᠵᠢᠯ᠎ᠤᠨ ᠪᠦᠷᠬᠦᠴᠡ᠎ᠶ᠋ᠢ ᠭᠦᠨᠵᠡᠭᠡᠢ ᠠᠬᠢᠭᠤᠯᠵᠤ᠂ ᠨᠠᠮ᠎ᠤᠨ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭᠠᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ᠃ ᠡᠯ᠎ᠡ ᠲᠦᠷᠦᠯ᠎ᠦᠨ ᠨᠡᠢᠭᠡᠮ᠎ᠦᠨ ᠪᠦᠯᠬᠦᠮ ᠨᠡᠢᠳᠡ ᠵᠢᠨ ᠦᠢᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠂ ᠬᠥᠳᠡᠯᠮᠦᠷᠢ᠎ᠶ᠋ᠢᠨ ᠠᠮᠤᠷ ᠲᠦᠪᠱᠢᠨ᠂ ᠨᠡᠢᠭᠡᠮ᠎ᠦᠨ ᠳᠠᠭᠠᠳᠭᠠᠯ ᠵᠡᠷᠭᠡ ᠤᠯᠠᠨ ᠲᠦᠮᠡᠨ᠎ᠤ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠵᠣᠬᠢᠴᠠᠭᠤᠯᠤᠨ ᠰᠠᠢᠲᠤᠷ ᠱᠢᠢᠳᠪᠦᠷᠢᠯᠡᠵᠦ᠍᠂ ᠨᠡᠢᠭᠡᠮ᠎ᠦᠨ ᠵᠠᠰᠠᠯᠲᠠ᠎ᠶ᠋ᠢᠨ ᠤᠯᠠᠨ ᠲᠦᠮᠡᠨ᠎ᠦ ᠰᠠᠭᠤᠷᠢ᠎ᠶ᠋ᠢ ᠪᠡᠬᠢᠵᠢᠭᠦᠯᠬᠦ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠦ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠠᠴᠠᠭ᠎ᠠ ᠲᠣᠰᠭᠣᠨ (ᠨᠡᠢᠭᠡᠮ ᠲᠣᠭᠣᠷᠢᠭ)᠎ᠤ᠋ 《ᠬᠣᠶᠠᠷ ᠵᠥᠪᠯᠡᠯ》 ᠤ᠋ᠨ ᠬᠤᠭᠤᠴᠠᠭ᠎ᠠ ᠰᠣᠯᠢᠬᠤ ᠵᠢᠴᠢ ᠵᠠᠯᠭᠠᠮᠵᠢ ᠠᠵᠢᠯ᠎ᠢ ᠰᠠᠢᠲᠤᠷ ᠠᠳᠭᠤᠵᠤ᠂ ᠬᠥᠳᠡᠭᠡ ᠲᠣᠰᠭᠣᠨ ᠪᠠ ᠨᠡᠢᠭᠡᠮ ᠲᠣᠭᠣᠷᠢᠭ᠎ᠤᠨ ᠵᠠᠰᠠᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠨ ᠬᠦᠴᠦᠨ ᠣᠯᠭᠣᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠨᠢᠭ᠍ᠲᠠᠷᠠᠭᠤᠯᠬᠤ ᠦᠢᠯᠡᠴᠢᠯᠡᠬᠦ᠌ ᠠᠵᠢᠯ᠎ᠢ ᠤᠯᠠᠨ ᠲᠦᠮᠡᠨ᠎ᠦ ᠰᠡᠳᠭᠢᠯ᠎ᠳᠦ ᠰᠠᠭᠤᠭ᠍ᠳᠠᠲᠠᠯ᠎ᠠ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号