ᠡᠨᠡ ᠵᠢᠯ ᠦᠪᠤᠷ ᠮᠤᠩᠭᠤᠯ ᠲᠦᠷᠪᠡᠨ ᠳᠠᠯ᠎ᠠ ᠪᠡᠷ ᠤᠨᠤᠴᠠᠳᠠᠢ ᠬᠦᠴᠤᠯᠡᠵᠦ 《ᠠᠷᠪᠠᠨ ᠳᠠᠪᠤᠳᠤᠭᠠᠷ ᠳᠠᠪᠤᠨ ᠵᠢᠯ》᠎ᠤᠨ ᠰᠠᠢᠨ ᠡᠬᠢᠯᠡᠯᠳᠡ ᠵᠢ ᠪᠡᠶᠡᠯᠡᠬᠦᠯᠦᠨ᠎ᠠ
2026-02-12 10:16:34
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 10᠎ᠤ᠋ ᠦᠳᠡ᠎ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠬᠡᠷ ᠡᠴᠡ 《〈1571〉 ᠶ᠋ᠢᠨ ᠠᠵᠢᠯ᠎ᠤᠨ ᠪᠠᠢᠷᠢᠯᠠᠭᠤᠯᠤᠯᠳᠡ ᠵᠢ ᠲᠤᠭᠤᠰᠢᠯᠠᠭᠤᠯᠵᠦ ᠦᠪᠦᠷ ᠮᠤᠡᠭᠭᠤᠯ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠰᠢᠷᠢᠰ ᠭᠤᠤᠯ ᠰᠡᠳᠤᠪᠳᠤ ᠰᠤᠨᠢᠨ ᠮᠡᠳᠡᠬᠡ ᠨᠡᠢᠳᠡᠯᠡᠬᠦ ᠬᠤᠷᠠᠯ᠎ᠤᠨ ᠠᠨᠬᠬᠠᠳᠤᠭᠠᠷ ᠲᠠᠯᠠᠪᠠᠢ ᠬᠤᠷᠠᠯ᠎ᠢ ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠨᠭᠬᠢᠮ᠂ ᠦᠪᠡᠷᠳᠡᠬᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ᠂ ᠦᠪᠡᠷᠳᠡᠬᠡᠨ ᠵᠠᠰᠠᠬᠤ ᠤᠷᠤᠨ᠎ᠤ ᠠᠵᠦ ᠦᠢᠯᠡᠳᠪᠦᠷᠢ ᠪᠡ ᠮᠡᠳᠡᠬᠡ ᠵᠠᠡᠬᠬᠢᠴᠢᠯᠠᠯᠳᠡ᠎ᠶᠢᠨ ᠲᠢᠨᠭᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠨᠭᠬᠢᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠢᠨᠭᠬᠢᠮ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ ᠪᠤᠳᠠᠳᠤ ᠴᠤᠬᠴᠡ᠎ᠶᠢᠨ ᠠᠵᠦ ᠠᠬᠤᠢ ᠵᠢ ᠪᠤᠵᠠᠭᠠᠢᠷᠠᠭᠤᠯᠬᠤ᠂ ᠰᠢᠨ᠎ᠠ ᠵᠢ ᠡᠭᠦᠳᠬᠦ ᠪᠡᠷ ᠬᠦᠳᠡᠯᠭᠡᠭᠦᠷ ᠪᠤᠯᠭᠠᠬᠤ ᠵᠢ ᠠᠬᠢᠭᠤᠯᠬᠤ᠂ ᠳᠤᠳᠤᠭᠠᠳᠤ ᠬᠡᠷᠡᠭᠴᠡᠬᠡ ᠪᠡᠷ ᠤᠳᠤᠷᠢᠳᠤᠮᠵᠢ ᠪᠤᠯᠭᠠᠬᠤ ᠵᠢ ᠨᠡᠡᠭ ᠴᠢᠬᠤᠯᠠᠴᠢᠯᠠᠬᠤ᠂ ᠦᠨᠳᠦᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠬᠦᠷ᠎ᠤᠨ ᠠᠵᠤ ᠠᠬᠤᠢ᠎ᠶᠢᠨ ᠪᠠᠢᠭᠤᠯᠤᠮᠵᠢ ᠵᠢ ᠪᠠᠢᠭᠤᠯᠬᠤ ᠵᠡᠷᠬᠡ ᠲᠠᠯ᠎ᠠ᠎ᠶᠢᠨ ᠠᠷᠭ᠎ᠠ ᠬᠡᠮᠵᠢᠶ᠎ᠠ ᠵᠢ ᠲᠠᠨᠢᠯᠴᠠᠭᠤᠯᠵᠠᠢ᠃

ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠲᠠᠯ᠎ᠠ᠎ᠪᠠᠷ᠂ 2026 ᠤᠨ᠎ᠳᠤ ᠦᠪᠦᠷ ᠮᠤᠡᠭᠭᠤᠯ᠎ᠤᠨ ᠤᠨᠴᠠᠯᠢᠬ ᠪᠠ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠵᠤ᠂ ᠤᠯᠠᠮᠵᠢᠯᠠᠯᠳᠤ ᠠᠵᠤ ᠦᠢᠯᠡᠰ᠎ᠢ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠵᠤ᠂ ᠱᠢᠨ᠎ᠡ ᠠᠵᠤ ᠦᠢᠯᠡᠰ᠎ᠢ ᠶᠡᠬᠡ᠎ᠪᠡᠷ ᠬᠥᠭ᠌ᠵᠢᠭᠦᠯᠦᠨ᠎ᠡ᠃ ᠠᠵᠤ ᠦᠶ᠋ᠯᠡᠳᠪᠦᠷᠢ᠎ᠶ᠋ᠢᠨ ᠲᠥᠬᠥᠭᠡᠷᠦᠮᠵᠢ᠎ᠶ᠋ᠢ ᠱᠢᠨᠡᠳᠭᠡᠬᠦ᠌ ᠪᠠ ᠮᠡᠷᠭᠡᠵᠢᠯ᠎ᠦᠨ ᠥᠭᠡᠷᠡᠴᠢᠯᠡᠯᠲᠡ ᠬᠢᠵᠦ᠍ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ 50 ᠲᠡᠷᠢᠭᠦᠨ᠎ᠲᠡᠰ᠎ᠤᠨ ᠣᠶᠤᠨᠳᠤ ᠦᠢᠯᠡᠳᠪᠦᠷᠢ᠎ᠶ᠋ᠢ ᠪᠣᠢ ᠪᠤᠯᠭᠠᠨ ᠬᠦᠭᠵᠢᠬᠦᠯᠵᠦ᠂ 90 ᠪᠣᠬᠢᠷᠲᠤᠯ ᠦᠭᠡᠢ ᠦᠢᠯᠡᠳᠪᠦᠷᠢ᠎ᠶ᠋ᠢ ᠱᠢᠨ᠎ᠡ᠎ᠪᠡᠷ ᠪᠠᠢᠭᠤᠯᠤᠨ᠎ᠠ᠃ ᠰᠦ᠎ᠶ᠋ᠢᠨ ᠦᠢᠯᠡᠰ᠂ ᠬᠣᠪᠣᠷ ᠱᠢᠷᠣᠢ᠂ ᠥᠩᠭᠡᠲᠦ ᠲᠡᠮᠦᠷᠯᠢᠭ᠂ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠭᠡᠷᠡᠯᠴᠢ ᠴᠡᠨᠡᠭ ᠵᠡᠷᠭᠡ ᠳᠠᠪᠠᠭᠤᠯᠢᠭ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠮᠢᠩᠭᠠᠨ ᠳ᠋ᠦᠩᠱᠢᠭᠤᠷ᠎ᠲᠡᠰ᠎ᠤᠨ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠎ᠶ᠋ᠢ ᠪᠠᠢᠭᠤᠯᠤᠨ᠎ᠠ᠃ ᠱᠢᠨ᠎ᠡ ᠬᠡᠯᠪᠡᠷᠢ᠎ᠶ᠋ᠢᠨ ᠬᠠᠢᠯᠤᠰᠢ᠎ᠶᠢᠨ ᠮᠠᠲ᠋ᠧᠷᠢᠶᠠᠯ᠎ᠤᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠪᠤᠭᠤᠲᠤ᠎ᠶ᠋ᠢᠨ ᠪᠦᠬᠦ᠌ ᠤᠯᠤᠰ᠎ᠤᠨ ᠲᠡᠷᠢᠭᠦᠨ ᠵᠡᠷᠭᠡ᠎ᠶ᠋ᠢᠨ ᠣᠬᠢ ᠱᠢᠯᠢᠳᠡᠭ ᠪᠣᠯᠣᠳ ᠮᠠᠲ᠋ᠧᠷᠢᠶᠠᠯ᠎ᠤᠨ ᠰᠠᠭᠤᠷᠢᠨ᠎ᠢ ᠪᠦᠲᠦᠭᠡᠨ ᠪᠠᠢᠭᠤᠯᠬᠤ᠎ᠶ᠋ᠢ ᠳᠡᠮᠵᠢᠵᠦ᠍᠂ ᠣᠷᠳᠣᠰ᠎ᠤᠨ ᠳᠡᠭᠡᠳᠦ ᠬᠥᠩᠭᠡᠨᠴᠠᠭᠠᠨ᠎ᠤ ᠨᠤᠨᠲᠠᠭ ᠨᠡᠭᠦᠷᠡᠰᠦᠨ ᠦᠨᠡᠰᠦ᠎ᠶ᠋ᠢ ᠶᠡᠷᠦᠩᠬᠡᠢᠯᠡᠨ ᠠᠱᠢᠭ᠍ᠯᠠᠬᠤ ᠰᠠᠭᠤᠷᠢᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠯᠠᠭᠠᠨᠬᠠᠳᠠ᠎ᠶ᠋ᠢᠨ ᠪᠣᠬᠢᠷᠲᠤᠯ ᠦᠭᠡᠶ ᠯᠢᠲ᠋ᠢ᠎ᠶ᠋ᠢᠨ ᠠᠵᠤ ᠦᠢᠯᠡᠰ᠎ᠦᠨ ᠰᠠᠭᠤᠷᠢᠨ ᠪᠣᠯᠤᠨ ᠳᠡᠭᠡᠳᠦ ᠲᠠᠰ᠎ᠤᠨ ᠥᠩᠭᠡᠲᠦ ᠲᠡᠮᠦᠷᠯᠢᠭ᠎ᠦᠨ ᠠᠵᠤ ᠦᠢᠯᠡᠰ᠎ᠦᠨ ᠲᠥᠪᠯᠡᠷᠡᠯ᠎ᠦᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠠ᠃ ᠪᠣᠬᠢᠷᠲᠤᠯ ᠦᠭᠡᠢ ᠪᠤᠳᠤᠯᠳᠡ᠎ᠶᠢᠨ ᠬᠦᠴᠦᠨ᠂ ᠱᠢᠨ᠎ᠡ ᠡᠨᠧᠷᠭᠢ᠎ᠶ᠋ᠢᠨ ᠲᠣᠨᠣᠭ᠍ᠯᠠᠯ᠂ ᠤᠢᠷ᠎ᠠ ᠤᠬᠳᠠᠷᠭᠤᠢ᠎ᠶᠢᠨ ᠠᠵᠤ ᠠᠬᠤᠢ ᠵᠡᠷᠭᠡ ᠱᠢᠨ᠎ᠡ ᠠᠬᠤᠢ ᠦᠵᠡᠭᠳᠡᠯ ᠱᠢᠨ᠎ᠡ ᠬᠦᠭᠵᠢᠯᠳᠡ᠎ᠶᠢᠨ ᠵᠠᠮ᠎ᠢ ᠭᠣᠣᠯᠳᠠᠯᠭ᠎ᠠ᠎ᠲᠠᠶ ᠪᠠᠢᠷᠢᠱᠢᠭᠤᠯᠤᠨ᠎ᠠ᠃ ᠬᠣᠷᠢᠨᠭᠡᠷ᠎ᠤᠨ ᠳ᠋ᠠᠢᠲ᠋ᠠ᠎ᠶ᠋ᠢᠨ ᠲᠥᠪ᠎ᠦᠨ ᠪᠦᠯᠦᠭᠵᠢᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠠᠭᠠᠨᠴᠠᠪ᠎ᠤᠨ ᠳ᠋ᠠᠢᠲ᠋ᠠ᠎ᠶ᠋ᠢᠨ ᠲᠥᠪ᠎ᠦᠨ ᠣᠷᠣᠨ ᠲᠣᠭᠣᠷᠢᠭ᠎ᠤᠨ ᠴᠢᠬᠤᠯᠠ ᠬᠦᠴᠦᠨ ᠵᠦᠢᠯ ᠲᠡᠶ ᠬᠠᠷᠢᠯᠴᠠᠨ ᠲᠤᠰᠠᠯᠠᠯᠴᠠᠬᠤ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠵᠤ᠂ ᠪᠥᠬᠥ᠌ ᠤᠯᠤᠰ᠎ᠲᠤ ᠲᠦᠷᠦᠭᠦᠯᠡᠬᠦ ᠪᠣᠬᠢᠷᠲᠤᠯ ᠥᠬᠡᠶ ᠪᠤᠳᠤᠯᠳᠡ᠎ᠶᠢᠨ ᠬᠦᠴᠦᠨ ᠪᠠ ᠲᠣᠭᠠᠴᠢᠯᠠᠭ᠍ᠰᠠᠨ ᠠᠵᠤ ᠦᠶ᠋ᠯᠡᠰ᠎ᠦᠨ ᠪᠦᠯᠦᠭᠵᠢᠯ᠎ᠤᠨ ᠣᠷᠣᠨ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠎ᠠ᠃ ᠪᠥᠬᠥ᠌ ᠤᠯᠤᠰ᠎ᠤᠨ ᠱᠢᠨ᠎ᠡ ᠡᠨᠧᠷᠭᠢ᠎ᠶ᠋ᠢᠨ ᠰᠤᠷᠪᠤᠯᠵᠢ᠎ᠶᠢᠨ ᠲᠣᠨᠣᠭᠯᠠᠯ ᠦᠶ᠋ᠯᠡᠳᠬᠦ᠌ ᠴᠢᠬᠤᠯᠠ ᠰᠠᠭᠤᠷᠢᠨ᠎ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠳᠡᠮᠵᠢᠵᠦ᠍᠂ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌᠂ ᠤᠰᠤᠲᠥ᠋ᠷᠥᠭ᠌ᠴᠢ ᠡᠨᠧᠷᠭᠢ᠎ᠶ᠋ᠢᠨ ᠦᠶ᠋ᠯᠡᠳᠬᠦ᠌ ᠦᠶ᠋ᠯᠡᠰ᠎ᠦᠨ ᠪᠥᠯᠦᠭᠵᠢᠯ᠎ᠢ ᠪᠣᠢ ᠪᠤᠯᠭᠠᠨ ᠪᠤᠵᠠᠭᠠᠢᠷᠠᠭᠤᠯᠤᠨ᠎ᠠ᠃ ᠤᠢᠷ᠎ᠠ ᠤᠬᠳᠠᠷᠭᠤᠢ᠎ᠶᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠡᠮᠬᠢ ᠵᠢᠷᠤᠮ᠎ᠲᠠᠶ ᠠᠬᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠤᠢᠷ᠎ᠠ ᠤᠬᠳᠠᠷᠭᠤᠢ᠎ᠶᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠪᠦᠯᠦᠭᠵᠢᠯ ᠪᠠ ᠤᠯᠠᠭᠠᠨᠬᠠᠳᠠ ᠱᠢᠯᠢ᠎ᠶ᠋ᠢᠨ ᠭᠤᠤᠯ ᠲᠦᠩᠯᠢᠶᠣᠤ᠎ᠶ᠋ᠢᠨ ᠤᠢᠷ᠎ᠠ ᠤᠬᠳᠠᠷᠭᠤᠢ᠎ᠶᠢᠨ ᠬᠡᠷᠡᠭ᠌ᠯᠡᠭᠡᠨ᠎ᠦ ᠲᠦᠪᠯᠡᠷᠡᠯ᠎ᠤᠨ ᠣᠷᠣᠨ᠎ᠢ ᠭᠤᠤᠯᠳᠠᠯᠭ᠎ᠠ᠎ᠲᠠᠶ ᠪᠠᠢᠭᠤᠯᠤᠨ᠎ᠠ᠃ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠪᠣᠯᠤᠨ ᠦᠢᠯᠡᠳᠬᠦ᠌ ᠦᠢᠯᠡᠰ᠎ᠢ ᠭᠦᠨᠵᠡᠭᠡᠢ ᠠᠭᠤᠰᠤᠯᠴᠠᠭᠤᠯᠤᠨ᠎ᠠ᠃ ᠵᠠᠰᠠᠭ᠎ᠤᠨ ᠣᠷᠳᠣᠨ ᠮᠥᠩᠭᠥᠨ ᠭᠦᠶ᠋ᠯᠭᠡᠭᠡᠨ᠎ᠤ ᠪᠠᠢᠭᠤᠯᠤᠮᠵᠢ ᠠᠵᠤ ᠠᠬᠤᠢᠯᠠᠯ᠎ᠢ ᠵᠣᠯᠭᠠᠭᠤᠯᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠮᠥᠩᠭᠥᠨ ᠭᠦᠶ᠋ᠯᠭᠡᠭᠡᠨ᠎ᠦ ᠠᠵᠤ ᠠᠬᠤᠢᠯᠠᠯ᠎ᠤᠨ ᠲᠣᠭ᠍ᠲᠠᠭᠤᠨ᠎ᠳᠡᠭᠡᠭ᠌ᠰᠢᠯᠡᠬᠦ᠌᠎ᠶ᠋ᠢ ᠠᠬᠢᠭᠤᠯᠤᠨ᠎ᠠ᠃ ᠪᠥᠬᠥ᠌ ᠨᠡᠢᠭᠡᠮ᠎ᠦᠨ ᠪᠠᠷᠠᠭᠠᠨ᠎ᠤ ᠭᠦᠶ᠋ᠯᠭᠡᠭᠡ᠎ᠶᠢᠨ ᠥᠪᠡᠷ᠎ᠦᠨ ᠥᠷᠲᠡᠭ᠎ᠢᠶᠡᠨ ᠪᠠᠭᠤᠷᠠᠭᠤᠯᠤᠨ ᠦᠷ᠎ᠡ ᠠᠱᠢᠭ᠎ᠢᠶᠡᠨ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ 7 ᠬᠦᠶ᠋ᠰᠦ᠂ ᠤᠯᠤᠰ᠎ᠤᠨ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ᠎ᠶᠢᠨ 4 ᠰᠠᠭᠤᠷᠢᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠭᠤᠤᠯᠳᠠᠯᠭ᠎ᠠ᠎ᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ 《ᠠᠶᠠᠨᠴᠢᠨ ᠪᠠᠷᠠᠭ᠎ᠠ ᠱᠢᠤᠳᠠᠨ》 ᠤ᠋ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃

ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ᠂ ᠦᠪᠦᠷ ᠮᠤᠡᠭᠭᠤᠯ᠎ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠎ᠶ᠋ᠢ ᠳᠣᠪᠣᠢᠯᠭᠠᠨ᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠦᠨᠵᠡᠭᠡᠶ ᠠᠭᠤᠰᠤᠯᠴᠠᠯ᠎ᠢ ᠠᠬᠢᠭᠤᠯᠵᠤ ᠂ 5 ᠵᠦᠶ᠋ᠯ᠎ᠦᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠭᠤᠨ᠎ᠠ᠃ ᠨᠢᠭᠡ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶ᠋ᠢ ᠠᠳᠭᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠌᠎ᠶᠢ ᠳᠠᠬᠢᠨ᠎ᠢᠶᠠᠷ ᠨᠡᠮᠡᠭ᠌ᠳᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠰ᠎ᠦᠨ ᠰᠠᠭᠤᠷᠢ ᠮᠥᠩᠭᠥ᠎ᠶ᠋ᠢᠨ ᠳᠤᠤᠷ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠤᠪᠢᠶᠠᠷᠢ ᠰᠠᠭᠤᠷᠢ ᠮᠥᠩᠭᠥ᠌ ᠪᠠᠢᠭᠤᠯᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠤᠳᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠢᠭᠡᠯᠡᠯᠭᠡ᠂ ᠦᠷ᠎ᠡ ᠪᠦᠲᠦᠭᠡᠯ᠎ᠢ ᠬᠤᠪᠢᠷᠠᠭᠤᠯᠬᠤ ᠵᠢᠭᠡᠯᠡᠯᠭᠡ ᠵᠡᠷᠭᠡ ᠦᠶ᠋ᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠤᠨ᠎ᠠ᠃ ᠬᠣᠶᠠᠷ᠎ᠲᠤ᠂ ᠭᠣᠣᠯᠳᠠᠯᠭ᠎ᠠ᠎ᠲᠠᠶ ᠪᠡᠷᠬᠡ ᠰᠡᠳᠦᠪ᠎ᠢ ᠱᠢᠢᠳᠪᠦᠷᠢᠯᠡᠬᠦ ᠠᠵᠢᠯ᠎ᠢ ᠰᠠᠢᠳᠤᠷ ᠠᠳᠭᠤᠨ᠎ᠠ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ ᠠᠯᠺᠣᠣᠯ᠂ ᠬᠣᠪᠣᠷ ᠱᠢᠷᠣᠶ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠶ᠋ᠯᠡᠰ᠂ ᠰᠦ᠎ᠶᠢᠨ ᠦᠶ᠋ᠯᠡᠰ ᠵᠡᠷᠭᠡ ᠳᠠᠪᠠᠭᠤᠯᠢᠭ ᠤᠨᠴᠠᠯᠢᠬ᠍ᠳᠤ ᠬᠦᠷᠢᠶᠡᠨ᠎ᠦ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠤᠳᠤᠯᠳᠡ᠎ᠶᠢᠨ ᠬᠦᠴᠦᠨ ᠴᠠᠬᠢᠯᠭᠠᠨ᠎ᠢ ᠬᠠᠮᠵᠢᠯᠴᠠᠭᠤᠯᠬᠤ᠂ ᠰᠠᠯᠬᠢ ᠬᠡᠷᠡᠯ ᠤᠰᠤᠲᠥ᠋ᠷᠥᠭ᠌ᠴᠢ᠎ᠶ᠋ᠢ ᠬᠠᠳᠠᠭᠠᠯᠠᠬᠤ᠂ 《ᠵᠣᠬᠢᠶᠠᠮᠠᠯ ᠣᠶᠤᠨ ᠴᠢᠳᠠᠪᠤᠷᠢ +》 ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳᠦ ᠨᠢᠭᠡ ᠪᠦᠯᠦᠭ ᠤᠳᠤᠷᠢᠳᠤᠮᠵᠢ᠎ᠶ᠋ᠢᠨ ᠴᠢᠨᠠᠷᠲᠠᠶ ᠲᠥᠷᠥᠯ ᠵᠦᠶ᠋ᠯ᠎ᠢ ᠪᠠᠢᠷᠢᠱᠢᠭᠤᠯᠤᠨ᠎ᠠ᠃ ᠭᠤᠷᠪᠠ᠎ᠳᠤ᠂ ᠱᠢᠨ᠎ᠡ᠎ᠶ᠋ᠢ ᠡᠭᠦᠳᠬᠦ᠌ ᠲᠠᠪᠴᠠᠩ᠎ᠢ ᠠᠳᠭᠤᠨ᠎ᠠ᠃ ᠡᠨᠡ ᠵᠢᠯ ᠦᠪᠦᠷ ᠮᠤᠡᠭᠭᠤᠯ ᠦᠷᠭᠦᠯᠵᠢᠯᠡᠨ ᠬᠦᠴᠦᠯᠡᠵᠦ᠍᠂ ᠬᠤᠸᠠᠢ ᠷᠸᠦ᠍᠎ᠶ᠋ᠢᠨ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠡᠷᠲᠡᠬᠡᠨ ᠨᠠᠢᠳᠠᠪᠤᠷᠢᠵᠢᠭᠤᠯᠬᠤ᠎ᠪᠠᠷ ᠴᠢᠷᠮᠠᠢᠨ᠎ᠠ᠃ ᠲᠦᠷᠪᠡ᠎ᠳᠦ᠂ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢ ᠠᠳᠭᠤᠨ᠎ᠠ᠃ ᠠᠵᠤ ᠠᠬᠤᠢᠯᠠᠯ᠎ᠢᠶᠠᠷ ᠤᠳᠤᠷᠢᠳᠤᠮᠵᠢ ᠪᠣᠯᠭᠠᠭ᠍ᠰᠠᠨ ᠦᠢᠯᠡᠳᠪᠦᠷᠢᠯᠡᠬᠦ᠌ ᠵᠢᠭᠠᠬᠤ ᠰᠤᠳᠤᠯᠬᠤ᠎ᠶ᠋ᠢ ᠭᠦᠨᠵᠡᠭᠡᠢ ᠠᠭᠤᠰᠤᠯᠴᠠᠭᠤᠯᠬᠤ ᠲᠣᠭ᠍ᠲᠠᠴᠠ᠎ᠶ᠋ᠢ ᠤᠯᠠᠮ ᠪᠦᠷᠢᠨᠱᠢᠬᠦᠯᠵᠤ᠂ ᠳᠠᠭᠠᠭᠤᠯᠤᠬᠴᠢ ᠠᠵᠤ ᠠᠬᠤᠢᠯᠠᠯ᠎ᠢᠶᠠᠷ ᠲᠦᠷᠦᠭᠦᠯᠡᠭᠦᠯᠦᠨ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠣᠯᠪᠣᠭᠠᠯᠠᠬᠤ᠂ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠬᠦᠴᠦ᠍᠎ᠪᠡᠨ ᠲᠥᠪᠯᠡᠷᠡᠭᠦᠯᠦᠨ ᠥᠷᠨᠢᠭᠦᠯᠬᠦ᠌᠎ᠶ᠋ᠢ ᠳᠡᠮᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠤᠬᠠᠢ᠎ᠶ᠋ᠢᠨ ᠭᠠᠵᠠᠷ᠎ᠲᠠᠭᠠᠨ ᠤᠨᠳᠤᠤᠰᠢᠭᠤᠯᠬᠤ᠂ ᠤᠢ᠍ᠢᠷ᠎ᠠ ᠬᠠᠪᠢ᠎ᠳᠠᠭᠠᠨ ᠤᠨᠳᠤᠤᠰᠢᠭᠤᠯᠬᠤ᠎ᠶ᠋ᠢ ᠠᠬᠢᠭᠤᠯᠤᠨ᠎ᠠ᠃ ᠲᠠᠪᠤ᠎ᠳᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠳᠭᠤᠨ᠎ᠠ᠃ ᠡᠨᠡ ᠵᠢᠯ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ 《ᠬᠤᠤᠰ ᠲᠡᠷᠢᠭᠦᠨ ᠲᠡᠰ》 ᠤ᠋ᠨ ᠪᠥᠲᠥᠭᠡᠨ ᠪᠠᠢᠭᠤᠯᠤᠯᠲᠠ ᠪᠤᠯᠤᠨ ᠶᠠᠮᠤᠨ ᠪᠠ ᠣᠷᠣᠨ᠎ᠤ ᠬᠠᠮᠲᠤᠷᠠᠬᠰᠠᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠠᠮᠢ ᠠᠬᠤᠶ᠎ᠶ᠋ᠢᠨ ᠤᠬᠠᠭᠠᠨ᠂ ᠡᠪᠡᠰᠦᠨ᠎ᠦ ᠤᠬᠠᠭᠠᠨ ᠵᠡᠷᠭᠡ᠎ᠶ᠋ᠢ ᠤᠯᠤᠰ᠎ᠤᠨ ᠲᠡᠷᠢᠭᠦᠨ ᠲᠠᠰ᠎ᠤᠨ ᠱᠢᠨᠵᠢᠯᠡᠭᠡᠨ᠎ᠦ ᠰᠠᠯᠠᠭ᠎ᠠ᠎ᠪᠠᠷ ᠭᠤᠶᠤᠴᠢᠯᠠᠨ ᠮᠡᠳᠡᠭᠦᠯᠬᠦ᠌᠎ᠶ᠋ᠢ ᠠᠬᠢᠭᠤᠯᠵᠤ᠂ ᠲᠦᠷᠦᠭᠦᠦ ᠪᠦᠯᠦᠭ᠎ᠦᠨ 24 ᠣᠷᠣᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠢ ᠵᠡᠷᠭᠡ᠎ᠪᠡᠷ ᠰᠠᠢᠲᠤᠷ ᠪᠠᠢᠭᠤᠯᠤᠨ᠎ᠠ᠃

ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠲᠠᠯ᠎ᠠ᠎ᠪᠠᠷ᠂ ᠲᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢ ᠢᠮᠠᠭ᠍ᠲᠠ ᠲᠣᠪᠣᠢᠮ᠎ᠠ ᠪᠠᠢᠷᠢᠨ᠎ᠳᠤ ᠲᠠᠯᠪᠢᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠪᠠ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠡᠶ ᠭᠦᠨᠵᠡᠭᠡᠶ ᠵᠣᠯᠭᠠᠭᠤᠯᠵᠤ᠂ 3 ᠵᠦᠢᠯ᠎ᠦᠨ ᠠᠵᠢᠯ᠎ᠢ ᠭᠣᠣᠯᠳᠠᠯᠭ᠎ᠠ᠎ᠲᠠᠶ ᠰᠠᠢᠲᠤᠷ ᠠᠳᠭᠤᠨ᠎ᠠ᠃ ᠨᠢᠭᠡ᠎ᠳᠦ᠂ ᠬᠡᠷᠡᠭ᠌ᠯᠡᠭᠡ᠎ᠶ᠋ᠢ ᠶᠡᠬᠡ᠎ᠪᠡᠷ ᠬᠥᠭ᠌ᠵᠢᠭᠡᠨ᠎ᠡ᠃ ᠡᠨᠡ ᠵᠢᠯ ᠦᠪᠦᠷ ᠮᠤᠡᠬᠭᠤᠯ 《ᠬᠣᠶᠠᠷ ᠱᠢᠨ᠎ᠡ》᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠰᠠᠢᠲᠤᠷ ᠬᠡᠷᠡᠭ᠌ᠯᠡᠵᠦ᠍᠂ ᠨᠥᠬᠥᠪᠥᠷᠢ ᠥᠭ᠌ᠬᠦ ᠶᠠᠪᠤᠴᠡ ᠵᠢ ᠱᠢᠯᠢᠳᠡᠭ᠌ᠵᠢᠭᠦᠯᠦᠨ᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠠ᠃ ᠡᠨᠧᠷᠭᠢ᠂ ᠡᠬᠢ ᠪᠠᠶᠠᠯᠢᠭ᠂ ᠦᠢᠯᠡᠳᠪᠦᠷᠢᠯᠡᠯ᠎ᠦᠨ ᠬᠡᠷᠡᠭ᠌ᠰᠡᠯ ᠵᠡᠷᠭᠡ ᠶᠡᠬᠡ ᠬᠡᠮᠵᠢᠶᠡᠨ᠎ᠦ ᠲᠠᠸᠠᠷ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠬᠡᠪᠴᠢᠢ᠎ᠡ᠎ᠪᠡᠨ ᠥᠷᠭᠡᠳᠭᠡᠬᠦ᠌᠎ᠶ᠋ᠢ ᠲᠡᠮᠵᠢᠵᠤ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠰᠠᠯᠭᠠᠬᠤ᠎ᠶ᠋ᠢ ᠬᠡᠷᠡᠭ᠌ᠵᠢᠭᠦᠯᠤᠨ᠎ᠠ᠃ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠠᠳᠠᠯ ᠠᠬᠤᠢ ᠵᠡᠷᠭᠡ ᠠᠮᠢᠳᠤᠷᠠᠯ᠎ᠤᠨ ᠦᠶ᠋ᠯᠡᠴᠢᠯᠡᠭᠡᠨ᠎ᠦ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠶᠤᠨᠴᠢ ᠬᠡᠷ᠎ᠦᠨ ᠬᠡᠷᠡᠭ᠌ᠰᠡᠯ᠂ ᠠᠮᠠᠷᠠᠯᠲᠠ᠎ᠶ᠋ᠢᠨ ᠡᠳᠦᠷ᠎ᠦᠨ ᠠᠵᠤ ᠠᠬᠤᠶ᠂ ᠰᠥᠨᠢ᠎ᠶ᠋ᠢᠨ ᠬᠡᠷᠡᠭ᠌ᠯᠡᠭᠡ᠂ ᠲᠣᠭ᠍ᠯᠠᠯᠲᠠ᠎ᠶ᠋ᠢᠨ ᠠᠵᠤ ᠠᠬᠤᠶ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠱᠢᠨ᠎ᠡ ᠨᠡᠮᠡᠭ᠌ᠳᠡᠯ᠎ᠦᠨ ᠴᠡᠭ᠎ᠢ ᠦᠷᠭᠦᠯᠵᠢᠯᠡᠨ ᠪᠤᠵᠠᠭᠠᠢᠷᠠᠭᠤᠯᠤᠨ᠎ᠠ᠃ ᠬᠣᠶᠠᠷ᠎ᠲᠤ᠂ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ᠎ᠢ ᠣᠨᠣᠪᠴᠢᠲᠠᠢ ᠲᠥᠯᠥᠪᠵᠢᠭᠦᠯᠦᠨ ᠨᠥᠭᠡᠴᠡᠯᠡᠵᠦ᠍᠂ ᠵᠢᠱ᠌ᠢᠯᠲᠡ᠎ᠪᠡᠷ ᠡᠨᠡ ᠵᠢᠯ 3600 ᠣᠷᠴᠢᠮ ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠵᠦ᠍᠂ 1 ᠲᠦᠮᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠪᠡᠯᠡ ᠣᠷᠣᠭᠤᠯᠤᠯᠲᠠ᠎ᠶ᠋ᠢ ᠪᠡᠶᠡᠯᠡᠭᠦᠯᠤᠨ᠎ᠠ᠃ ᠪᠤᠭᠤᠲᠤ ᠢᠷᠭᠠᠢ᠎ᠶ᠋ᠢᠨ ᠲᠦᠷᠭᠡᠨ᠎ᠦ ᠲᠡᠮᠦᠷ ᠵᠠᠮ᠎ᠤᠨ ᠢᠷᠭᠠᠢ᠎ᠠᠴᠠ ᠪᠠᠶᠠᠨᠬᠣᠲᠠ ᠬᠦᠷᠬᠦ᠌ ᠰᠠᠯᠪᠤᠷᠢ ᠱᠤᠭᠤᠮ᠂ ᠲᠠᠢᠽᠢ ᠬᠤᠲᠠ᠎ᠠᠴᠠ ᠱᠢᠯᠢᠩᠬᠣᠲᠠ ᠬᠦᠷᠬᠦ᠌ ᠲᠡᠮᠦᠷ ᠵᠠᠮ ᠵᠡᠷᠭᠡ ᠭᠣᠣᠯᠳᠠᠯᠭ᠎ᠠ᠎ᠲᠠᠶ ᠲᠦᠷᠦᠯ ᠵᠦᠢᠯ᠎ᠢ ᠪᠦᠬᠦ᠌ ᠲᠠᠯ᠎ᠠ᠎ᠪᠠᠷ ᠪᠠᠢᠭᠤᠯᠤᠨ ᠳᠠᠭᠤᠰᠭᠠᠵᠤ᠂ ᠱᠢᠯᠢ᠎ᠶ᠋ᠢᠨ ᠭᠣᠣᠯ ᠠᠢᠮᠠᠭ᠂ ᠠᠯᠠᠱᠠ ᠠᠢᠮᠠᠭ ᠲᠦ᠍ ᠬᠥᠳᠡᠯᠭᠡᠬᠦ᠌ ᠬᠦᠴᠦᠨᠳᠤ ᠲᠡᠷᠭᠡ ᠵᠢ ᠨᠠᠪᠳᠠᠷᠡᠭᠦᠯᠦᠨ᠂ ᠱᠧᠩ ᠯᠸ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠠᠢᠮᠠᠭ ᠬᠤᠲᠠ᠎ᠶ᠋ᠢ ᠣᠷᠣᠨ᠎ᠤ ᠲᠥᠪ᠎ᠲᠡᠶ ᠬᠣᠯᠪᠣᠭ᠍ᠰᠠᠨ ᠤᠯᠤᠰ᠎ᠤᠨ ᠳᠣᠲᠣᠭᠠᠳᠤ᠎ᠶ᠋ᠢᠨ ᠴᠢᠬᠤᠯᠠ ᠬᠦᠢᠰᠦ ᠠᠭᠠᠷ᠎ᠤᠨ ᠠᠶᠠᠯᠠᠯ᠎ᠤᠨ ᠲᠣᠣᠷ᠎ᠢ ᠪᠠᠢᠭᠤᠯᠤᠨ᠎ᠠ᠃ ᠴᠤᠤᠯ ᠭᠣᠣᠯ᠎ᠤᠨ ᠤᠰᠤ᠎ᠶ᠋ᠢ ᠲᠠᠲᠠᠵᠤ ᠯᠢᠶᠣᠤᠾᠧ ᠭᠣᠣᠯ᠎ᠳᠤ ᠤᠷᠤᠭᠤᠯᠬᠤ ᠵᠢᠴᠢ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠪᠦᠬᠦ᠌ ᠲᠠᠯ᠎ᠠ᠎ᠪᠠᠷ ᠪᠠᠢᠭᠤᠯᠤᠨ᠂ ᠪᠣᠷᠣᠲᠣᠬᠣᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ ᠵᠡᠷᠭᠡ ᠭᠣᠣᠯᠳᠠᠯᠭ᠎ᠠ᠎ᠲᠠᠶ ᠲᠥᠷᠥᠯ ᠵᠦᠢᠯ᠎ᠢ ᠡᠬᠢᠯᠡᠭᠦᠯᠦᠨ ᠪᠦᠲᠦᠭᠡᠨ ᠪᠠᠢᠭᠤᠯᠵᠤ᠂ ᠬᠠᠷᠠᠠᠤᠰᠤ ᠨᠠᠭᠤᠷ ᠵᠡᠷᠭᠡ ᠣᠷᠣᠨ ᠪᠦᠰᠡ᠎ᠶ᠋ᠢᠨ ᠤᠰᠤᠨ᠎ᠳᠤ ᠡᠪᠳᠡᠭ᠌ᠳᠡᠭ᠌ᠰᠡᠨ ᠪᠠᠷᠢᠯᠭ᠎ᠠ᠎ᠶ᠋ᠢ ᠵᠠᠰᠠᠵᠤ ᠰᠡᠷᠭᠦᠭᠡᠬᠦ᠌ ᠵᠡᠷᠭᠡ᠎ᠶ᠋ᠢ ᠪᠡᠶᠡᠯᠡᠭᠦᠯᠦᠨ᠎ᠡ᠃ ᠭᠤᠷᠪᠠ᠎ᠳᠤ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠵᠢ ᠴᠢᠩᠭᠠᠳᠬᠠᠨ᠎ᠠ᠃ ᠡᠨᠡ ᠵᠢᠯ ᠮᠠᠨ᠎ᠤ ᠤᠷᠤᠨ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠨᠠᠷᠠᠲᠤ ᠠᠵᠤ ᠠᠬᠤᠢᠯᠠᠯ᠎ᠤᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠡᠷᠭᠢᠯᠡᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ᠎ᠶ᠋ᠢ ᠵᠣᠷᠢᠭ᠍ᠵᠢᠭᠤᠯᠬᠤ ᠪᠠ ᠴᠠᠭᠠᠵᠠᠯᠠᠬᠤ ᠵᠦᠶ᠋ᠯᠡᠰ᠎ᠦᠨ ᠨᠠᠷᠢᠨ ᠲᠠᠩᠰᠠ᠎ᠶ᠋ᠢ ᠨᠠᠢᠳᠠᠪᠤᠷᠢᠵᠢᠭᠤᠯᠵᠤ᠂ ᠨᠢᠭᠡ ᠪᠦᠯᠦᠭ ᠨᠡᠮᠡᠭ᠌ᠳᠡᠯ᠎ᠤᠨ ᠲᠥᠷᠥᠯ ᠵᠦᠶ᠋ᠯ᠎ᠢ ᠣᠨᠣᠪᠴᠢᠲᠠᠶ ᠣᠷᠣᠭᠤᠯᠤᠨ ᠠᠪᠴᠢᠷᠠᠵᠤ᠂ ᠨᠢᠭᠡ ᠪᠦᠯᠦᠭ ᠭᠡᠷ᠎ᠡ ᠲᠣᠭ᠍ᠲᠠᠭ᠍ᠰᠠᠨ ᠲᠥᠷᠥᠯ ᠵᠦᠶ᠋ᠯ᠎ᠢ ᠪᠣᠳᠠᠲᠠᠢᠵᠢᠭᠤᠯᠤᠨ ᠬᠤᠪᠢᠷᠠᠭᠤᠯᠵᠤ᠂ ᠨᠢᠭᠡ ᠪᠦᠯᠦᠭ ᠪᠠᠢᠭᠤᠯᠵᠤ ᠪᠠᠢᠭ᠎ᠠ ᠲᠥᠷᠥᠯ ᠵᠦᠶ᠋ᠯ᠎ᠢ ᠠᠱᠢᠭ᠍ᠯᠠᠯᠲᠠ᠎ᠳᠤ ᠣᠷᠣᠭᠤᠯᠤᠨ᠎ᠠ᠃

ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ᠂ ᠦᠪᠦᠷ ᠮᠤᠡᠭᠭᠤᠯ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠲᠦᠷᠭᠡᠳᠭᠡᠨ ᠪᠠᠢᠭᠤᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠣᠯᠤᠨ ᠨᠡᠢᠭᠡᠮ᠎ᠦᠨ ᠪᠦᠲᠦᠭᠡᠯᠴᠢ ᠬᠦᠴᠦᠨ᠎ᠢ ᠲᠠᠰᠤᠷᠠᠯᠳᠠ ᠦᠭᠡᠢ ᠬᠥᠭ᠌ᠵᠢᠭᠡᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠡᠨᠡ ᠵᠢᠯ ᠦᠪᠦᠷ ᠮᠤᠡᠭᠭᠤᠯ ᠨᠢᠭᠡ ᠪᠦᠯᠦᠭ ᠪᠣᠳᠠᠲᠠᠶ ᠠᠷᠭ᠎ᠠ ᠬᠡᠮᠵᠢᠶ᠎ᠡ ᠠᠪᠴᠤ᠌᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠶ᠋ᠯᠡᠰ᠎ᠢ ᠬᠦᠢᠴᠡᠳᠭᠡᠬᠦ ᠵᠢ ᠠᠬᠢᠭᠤᠯᠵᠦ᠂ ᠳᠠᠬᠢᠨ 20 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌》 ᠭᠤᠤᠯᠳᠠᠯᠭ᠎ᠠ᠎ᠲᠠᠶ ᠵᠦᠶ᠋ᠯᠡᠰ᠎ᠢ ᠨᠠᠢᠳᠡᠯᠡᠨ᠎ᠠ᠃ ᠳᠤᠷ᠎ᠠ᠎ᠪᠠᠷ᠎ᠢᠶᠠᠨ ᠰᠦᠶ᠋ᠳᠭᠡᠯ ᠬᠤᠷᠢᠶᠠᠬᠤ᠂ ᠳᠤᠷ᠎ᠠ᠎ᠪᠠᠷ᠎ᠢᠶᠠᠨ ᠵᠣᠭᠣᠰ᠎ᠢᠶᠠᠷ ᠲᠣᠷᠭᠠᠬᠤ᠂ ᠳᠤᠷ᠎ᠠ᠎ᠪᠠᠷ᠎ᠢᠶᠠᠨ ᠪᠠᠢᠴᠠᠭᠠᠬᠤ ᠵᠡᠷᠭᠡ ᠲᠣᠪᠣᠢᠮ᠎ᠠ ᠠᠰᠠᠭᠤᠳᠠᠯ᠎ᠢ ᠪᠠᠢᠩᠭᠤᠵᠢᠭᠤᠯᠤᠨ ᠴᠡᠭ᠌ᠴᠡᠯᠡᠨ ᠵᠠᠰᠠᠵᠤ᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ᠎ᠠ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢᠶᠠᠷ ᠭᠣᠣᠯ ᠴᠣᠭ᠍ᠴᠠ ᠪᠣᠯᠭᠠᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠢᠨᠠᠨ ᠬᠡᠮᠵᠢᠬᠦ᠌ ᠱᠢᠰᠲ᠋ᠧᠮ᠎ᠢ ᠪᠠᠢᠭᠤᠯᠤᠨ᠎ᠠ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠭᠣᠣᠯ ᠪᠤᠰᠤ ᠠᠵᠢᠯ ᠲᠦᠷᠦᠯ᠎ᠦᠨ ᠳᠠᠪᠠᠭᠤᠯᠢᠭ ᠪᠤᠰᠤ ᠲᠤᠬᠠᠢᠯᠠᠭ᠍ᠰᠠᠨ ᠠᠵᠢᠯ᠎ᠢ ᠴᠡᠪᠡᠷᠯᠡᠬᠦ᠌᠂ ᠢᠵᠢᠯ ᠴᠢᠨᠠᠷ ᠪᠦᠬᠦᠢ ᠲᠤᠬᠠᠢᠯᠠᠭ᠍ᠰᠠᠨ ᠠᠵᠢᠯ᠎ᠢ ᠲᠠᠬᠢᠨ ᠪᠠᠢᠭᠤᠯᠵᠤ ᠨᠡᠢᠳᠭᠡᠬᠦ᠌᠎ᠶ᠋ᠢ ᠲᠦᠷᠭᠡᠳᠭᠡᠵᠦ᠍᠂ 《ᠨᠢᠭᠡ ᠠᠵᠤ ᠠᠬᠤᠢᠯᠠᠯ᠎ᠳᠤ ᠨᠢᠭᠡ ᠲᠦᠷᠦ᠍᠎ᠶ᠋ᠢᠨ ᠪᠤᠳᠤᠯᠭ᠎ᠠ ᠬᠡᠷᠡᠭ᠌ᠵᠢᠭᠦᠯᠬᠦ᠌》 ᠪᠠᠷ ᠠᠯᠳᠠᠭ᠍ᠳᠠᠯ᠎ᠲᠠᠶ ᠠᠵᠤ ᠠᠬᠤᠢᠯᠠᠯ᠎ᠤᠨ ᠵᠠᠰᠠᠯᠲᠠ᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠵᠡᠩᠨᠡᠯᠲᠡ᠎ᠶ᠋ᠢᠨ ᠴᠢᠨᠠᠷᠲᠠᠢ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ᠎ᠶ᠋ᠢ ᠡᠮᠬᠢ ᠵᠢᠷᠤᠮ᠎ᠲᠠᠶ ᠠᠬᠢᠭᠤᠯᠤᠨ᠎ᠠ᠃ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠂ ᠬᠣᠨᠤᠭ ᠪᠠᠭᠤᠳᠠᠯ ᠢᠳᠡᠭᠡᠨ ᠤᠮᠳᠠᠭᠠᠨ᠎ᠤ ᠦᠶ᠋ᠯᠡᠰ᠎ᠦᠨ ᠠᠵᠤ ᠠᠬᠤᠢᠯᠠᠯ᠂ ᠬᠡᠪᠴᠢᠶᠡᠵᠢᠯ᠎ᠡᠴᠡ ᠳᠡᠭᠡᠭ᠌ᠰᠢᠬᠢ ᠦᠶ᠋ᠯᠡᠴᠢᠯᠡᠭᠡᠨ᠎ᠦ ᠦᠶ᠋ᠯᠡᠰ᠎ᠦᠨ ᠠᠵᠤ ᠠᠬᠤᠢᠯᠠᠯ᠎ᠢ ᠬᠦᠭᠵᠢᠬᠦᠯᠬᠦ ᠱᠠᠲᠤᠯᠢᠭ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠠᠩ ᠣᠯᠠᠨ ᠱᠢᠯᠢᠳᠡᠭ ᠠᠵᠤ ᠠᠬᠤᠢᠯᠠᠯ᠎ᠢ ᠬᠥᠭ᠌ᠵᠢᠭᠦᠯᠦᠨ ᠪᠤᠵᠠᠭᠠᠢᠷᠠᠭᠤᠯᠤᠨ᠎ᠠ᠃

ᠡᠭᠦᠨ᠎ᠡᠴᠡ ᠭᠠᠳᠠᠨ᠎ᠠ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠌᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠪᠣᠳᠠᠲᠠᠶ᠎ᠶ᠋ᠢ ᠡᠷᠬᠢᠮᠯᠡᠭ᠌ᠰᠡᠨ ᠪᠥᠭᠡᠳ ᠲᠤᠰᠠᠲᠠᠶ ᠬᠠᠲᠠᠭᠤ ᠠᠷᠭ᠎ᠠ ᠬᠡᠮᠵᠢᠶ᠎ᠡ ᠠᠪᠴᠤ᠌᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠶ᠋ᠢ ᠬᠦᠴᠦᠯᠡᠨ ᠠᠬᠢᠭᠤᠯᠤᠨ᠎ᠠ᠃

《2026 ᠣᠨ ᠳ᠋ᠦ᠂ ᠦᠪᠦᠷ ᠮᠤᠩᠭᠤᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠂ 〈1571〉 ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠦ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠦ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ ᠪᠠ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠪᠡᠷ ᠬᠦᠴᠦᠯᠡᠨ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠤᠨ᠂ ᠨᠡᠢᠭᠡᠮ᠎ᠦᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠪᠠᠲᠤᠯᠠᠵᠦ᠂ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠪᠡᠶᠡᠯᠡᠭᠦᠯᠤᠨ᠎ᠠ》 ᠬᠡᠵᠦ ᠦᠪᠦᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ ᠬᠠᠮᠢᠶ᠎ᠠ ᠪᠥᠬᠥᠢ ᠬᠠᠷᠢᠭᠤᠴᠠᠯᠭᠠᠲᠠᠨ ᠡᠴᠡ  ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号