— ᠰᠤᠷᠭᠠᠨ ᠬᠥᠮᠦᠵᠢᠯ᠎ᠦᠨ ᠶᠠᠮᠤᠨ ᠲᠥᠯᠥᠭᠡᠯᠡᠭ᠌ᠴᠢ ᠭᠡᠱᠢᠭᠦᠳ᠎ᠦᠨ ᠰᠠᠨᠠᠭᠤᠯᠭ᠎ᠠ ᠳᠤᠷᠠᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠪᠠ
《ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠤᠪᠢᠷᠠᠯᠲᠠ᠎ᠡᠴᠡ ᠪᠣᠯᠤᠭ᠍ᠰᠠᠨ ᠠᠯᠢ ᠣᠯᠠᠨ ᠥᠷᠢᠰᠥᠯᠳᠦᠭᠡᠨ᠎ᠢ ᠠᠷᠭᠠᠴᠠᠭᠠᠬᠤ᠎ᠳᠤ ᠡᠷᠬᠡᠪᠰᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠨᠠᠩ ᠠᠮᠢᠳᠤᠯᠢᠭ᠂ ᠬᠠᠷᠢᠮᠠᠬᠠᠶ᠎ᠪᠠᠷ ᠲᠣᠬᠢᠷᠠᠭᠤᠯᠬᠤ ᠬᠡᠷᠡᠭ᠌ᠲᠡᠶ᠃ ᠥᠩᠭᠡᠷᠡᠭ᠌ᠰᠡᠨ ᠨᠢᠭᠡ ᠵᠢᠯ᠎ᠳᠦ᠂ ᠬᠤᠳᠠ ᠬᠥᠳᠡᠭᠡ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠪᠠᠢᠷᠢᠱᠢᠭᠤᠯᠤᠭ᠍ᠰᠠᠨ᠎ᠡᠴᠡ ᠡᠬᠢ ᠪᠠᠶᠠᠯᠢᠭ᠎ᠢ ᠰᠤᠷᠤᠯᠭ᠎ᠠ᠎ᠶ᠋ᠢᠨ ᠱᠠᠳᠤ ᠠᠯᠤᠰᠯᠠᠨ ᠬᠥᠳᠡᠯᠦᠩᠭᠦᠢ᠎ᠪᠡᠷ ᠲᠤᠬᠢᠷᠠᠭᠤᠯᠬᠤ ᠪᠠ ᠢᠯᠡᠭᠦᠳᠡᠭᠰᠡᠨ ᠳᠤᠲᠠᠭᠤᠳᠠᠭᠰᠠᠨᠢ ᠲᠤᠬᠢᠷᠠᠭᠤᠯᠬᠤ᠎ᠶ᠋ᠢ ᠴᠢᠩᠭᠠᠳᠭᠠᠬᠤ ᠬᠦᠷᠲᠡᠯ᠎ᠡ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠶᠡᠬᠡ ᠬᠡᠮᠵᠢᠶᠡᠨ᠎ᠦ ᠠᠵᠢᠯ ᠬᠢᠭ᠌ᠰᠡᠨ᠎ᠳᠦ ᠪᠢ ᠮᠠᠰᠢ ᠪᠠᠶᠠᠷ ᠲᠠᠢ ᠪᠠᠢᠨ᠎ᠠ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠷᠢᠨ᠎ᠦ ᠭᠠᠳᠠᠭᠠᠳᠤ ᠬᠡᠯᠡᠨ᠎ᠦ ᠶᠡᠬᠡ ᠰᠤᠷᠭᠠᠭᠤᠯᠢ᠎ᠶ᠋ᠢᠨ ᠵᠠᠬᠢᠷᠤᠯ ᠴᠢᠨ ᠾᠧ ᠬᠡᠯᠡᠪᠡ᠃
ᠨᠢᠭᠡ ᠬᠤᠭᠤᠴᠠᠭᠠᠨ᠎ᠤ ᠲᠤᠷᠰᠢ᠂ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠳᠠᠪᠠᠯᠭᠠᠯᠠᠬᠤ ᠮᠠᠶᠢᠭ᠎ᠤᠨ ᠬᠤᠪᠢᠷᠠᠯᠲᠠ ᠨᠢ ᠰᠤᠷᠭᠠᠨ ᠬᠥᠮᠦᠵᠢᠯ᠎ᠦᠨ ᠦᠢᠯᠡᠰ᠎ᠦᠨ ᠥᠭᠡᠷᠡᠴᠢᠯᠡᠯᠲᠡ ᠬᠥᠭ᠌ᠵᠢᠯᠲᠡ᠎ᠳᠦ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠴᠢᠨ ᠾᠧ ᠰᠤᠷᠭᠠᠨ ᠬᠥᠮᠦᠵᠢᠯ᠎ᠦᠨ ᠬᠦᠷᠢᠶᠡᠨ᠎ᠳᠦ ᠣᠷᠳᠣ ᠬᠤᠭᠤᠴᠠᠭ᠎ᠠ᠎ᠪᠠᠷ ᠠᠵᠢᠯᠯᠠᠭ᠍ᠰᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠡᠷᠬᠡᠪᠰᠢ ᠱᠢᠨᠵᠢᠯᠡᠬᠦ᠌ ᠤᠬᠠᠭᠠᠨᠴᠢ ᠤᠷᠢᠳᠠᠴᠢ ᠪᠠᠢᠷᠢᠱᠢᠭᠤᠯᠤᠯᠲᠠ ᠬᠢᠵᠦ᠍᠂ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠤᠪᠢᠷᠠᠯᠲᠠ᠎ᠶ᠋ᠢ ᠪᠦᠲᠦᠮᠵᠢᠲᠡᠶ ᠠᠷᠭᠠᠴᠡᠭᠠᠪᠠᠯ ᠰᠠᠶᠢ ᠰᠤᠷᠭᠠᠨ ᠬᠥᠮᠦᠵᠢᠯ᠎ᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ᠎ᠳᠤ ᠰᠠᠭᠤᠷᠢ ᠲᠠᠯᠪᠢᠵᠤ ᠴᠢᠳᠠᠨ᠎ᠠ ᠭᠡᠳᠡᠭ᠎ᠢ ᠲᠠᠨᠢᠵᠤ ᠤᠯᠪᠠ᠃
2025 ᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠣᠷᠳᠣ ᠬᠤᠭᠤᠴᠠᠭᠠᠨ᠎ᠤ ᠰᠤᠷᠪᠤᠯᠵᠢᠯᠠᠭ᠎ᠠ ᠪᠠ ᠪᠣᠳᠣᠯᠬᠢᠯᠠᠯ᠎ᠢᠶᠡᠷ ᠲᠠᠮᠵᠢᠨ ᠤᠯᠤᠭᠰᠠᠨ ᠦᠷ᠎ᠡ ᠪᠦᠲᠦᠭᠡᠯ᠎ᠢᠶᠡᠨ ᠡᠪᠦᠷᠯᠡᠨ᠂ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠳᠤ ᠰᠠᠨᠠᠭᠠᠴᠢᠯᠠᠭ᠎ᠠ᠎ᠡᠴᠡ᠎ᠪᠠᠨ ᠵᠣᠬᠢᠴᠠᠬᠤ ᠲᠣᠭᠣᠷᠢᠨ᠎ᠳᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠴᠢᠨ ᠾᠧ ᠨᠢᠭᠡ ᠬᠤᠪᠢ ᠰᠠᠨᠠᠭᠤᠯᠭ᠎ᠠ ᠳᠡᠪᠱᠢᠭᠦᠯᠵᠡᠶ᠂ ᠡᠭᠦᠨ᠎ᠳᠤ 《ᠰᠤᠯᠠ ᠲᠠᠯᠪᠢᠭᠳᠠᠵᠤ ᠪᠠᠢᠭ᠎ᠠ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠠᠮᠢᠳᠤᠯᠢᠭ᠍ᠵᠢᠭᠤᠯᠤᠨ ᠠᠱᠢᠭ᠍ᠯᠠᠬᠤ》᠂ 《ᠬᠣᠲᠠ ᠬᠥᠳᠡᠭᠡ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌》᠂ 《ᠪᠠᠭ᠍ᠰᠢ᠎ᠶ᠋ᠢᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌》 ᠵᠡᠷᠭᠡ ᠠᠭᠤᠯᠭ᠎ᠠ᠎ᠶ᠋ᠢ ᠪᠠᠭ᠍ᠲᠠᠭᠠᠭ᠍ᠰᠠᠨ ᠪᠠᠢᠨ᠎ᠠ᠃
《ᠬᠤᠷᠠᠯ᠎ᠤᠨ ᠳᠠᠷᠠᠭ᠎ᠠ᠂ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠥᠬᠥᠶ ᠵᠤᠷᠭᠠᠨ ᠲᠣᠪᠴᠢᠶᠠᠨ᠎ᠤ ᠬᠠᠷᠢᠭᠤᠴᠠᠯᠭᠠᠲᠠᠨ ᠰᠠᠨᠠᠭᠠᠴᠢᠯᠠᠭ᠎ᠠ᠎ᠡᠴᠡ᠎ᠪᠠᠨ ᠨᠠᠳᠠ᠎ᠲᠠᠶ ᠬᠠᠷᠢᠯᠴᠠᠵᠤ᠂ ᠡᠨᠡ ᠬᠦ᠌ ᠠᠰᠠᠭᠤᠳᠠᠯ᠎ᠤᠨ ᠲᠤᠬᠠᠶ ᠰᠠᠨᠠᠯ᠎ᠢᠶᠡᠨ ᠭᠦᠶ᠋ᠴᠡᠳ ᠰᠣᠯᠢᠯᠴᠠᠭ᠍ᠰᠠᠨ ᠪᠥᠭᠡᠳ ᠪᠢᠴᠢᠭ᠎ᠢᠶᠡᠷ ᠬᠠᠷᠢᠭᠤᠯᠲᠠ ᠥᠭ᠌ᠭᠦᠭ᠌ᠰᠡᠨ ᠪᠠᠢᠨ᠎ᠠ》 ᠭᠡᠵᠦ᠍ ᠴᠢᠨ ᠾᠧ ᠬᠡᠯᠡᠨ᠎ᠠ᠃
ᠪᠢᠴᠢᠭ᠎ᠦᠨ ᠬᠠᠷᠢᠭᠤᠯᠲᠠ᠎ᠪᠠᠷ ᠳᠠᠮᠵᠢᠭᠤᠯᠤᠨ᠂ ᠴᠢᠨ ᠾᠧ᠂ ᠰᠤᠷᠭᠠᠨ ᠬᠥᠮᠦᠵᠢᠯ᠎ᠦᠨ ᠶᠠᠮᠤᠨ ᠡᠴᠡ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠰᠤᠷᠭᠠᠨ ᠬᠥᠮᠦᠵᠢᠯ᠎ᠳᠦ ᠠᠪᠴᠢᠷᠠᠭᠰᠠᠨ ᠨᠥᠯᠥᠭᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠨᠢᠭᠡᠨᠲᠡ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ ᠬᠢᠵᠦ᠍᠂ ᠢᠳᠡᠪᠬᠢᠲᠡᠶ᠎ᠪᠡᠷ ᠤᠬᠠᠭᠠᠯᠠᠨ ᠲᠦᠯᠦᠪᠯᠡᠵᠦ ᠠᠷᠭᠠᠴᠠᠭᠠᠵᠤ ᠪᠠᠢᠬᠤ ᠵᠢ ᠤᠢᠯᠠᠭᠠᠨ ᠮᠡᠳᠡᠭᠰᠡᠨ ᠪᠠᠢᠨ᠎ᠠ᠃
ᠨᠢᠭᠡ ᠵᠢᠯ᠎ᠦᠨ ᠲᠤᠷᠰᠢ᠂ ᠰᠤᠷᠭᠠᠨ ᠬᠥᠮᠦᠵᠢᠯ᠎ᠦᠨ ᠶᠠᠮᠤᠨ ᠡᠴᠡ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠢᠯᠡ᠎ᠪᠡᠷ ᠰᠣᠷᠣᠭ᠍ᠴᠢ ᠡᠯᠰᠡᠬᠦ᠌ ᠲᠤᠰᠭᠠᠶ ᠠᠵᠢᠯᠯᠠᠭ᠎ᠠ ᠥᠷᠨᠢᠭᠦᠯᠵᠦ᠍᠂ ᠪᠠᠢᠩᠭᠤ ᠰᠠᠭᠤᠭ᠎ᠠ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠤᠪᠢᠷᠠᠯᠲᠠ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠦᠷᠢᠮ᠎ᠢ ᠪᠦᠷᠢᠨᠱᠢᠭᠦᠯᠪᠡ; ᠱᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠢᠳᠡᠪᠬᠢᠲᠡᠶ᠎ᠪᠡᠷ ᠥᠷᠭᠡᠳᠭᠡᠪᠡ᠃ ᠰᠸᠴᠤᠸᠠᠨ ᠵᠡᠷᠭᠡ ᠭᠠᠵᠠᠷ᠎ᠤᠨ ᠬᠢᠨ ᠪᠠᠰᠠ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠲᠣᠭᠠᠴᠢᠯᠠᠭ᠍ᠰᠠᠨ ᠭᠠᠵᠠᠷ᠎ᠤᠨ ᠵᠢᠷᠤᠭ᠎ᠢ ᠵᠢᠷᠤᠬᠤ᠎ᠪᠠᠷ ᠳᠠᠮᠵᠢᠭᠤᠯᠤᠨ᠂ ᠬᠣᠲᠠ ᠱᠢᠶᠠᠨ᠎ᠤ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠪᠠᠨ ᠱᠢᠯᠢᠳᠡᠭ᠌ᠵᠢᠭᠦᠯᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠵᠢᠯᠣᠭᠣᠳᠴᠠᠶ᠃
《ᠰᠤᠷᠭᠠᠨ ᠬᠥᠮᠦᠵᠢᠯ᠎ᠦᠨ ᠶᠠᠮᠤᠨ ᠡᠴᠡ ᠲᠥᠯᠥᠭᠡᠯᠡᠭ᠌ᠴᠢ ᠭᠡᠱᠢᠭᠦᠳ᠎ᠦᠨ ᠰᠠᠨᠠᠭᠤᠯᠭ᠎ᠠ ᠰᠠᠨᠠᠯ ᠳᠤᠷᠠᠳᠤᠯᠭ᠎ᠠ᠎ᠳᠤ ᠠᠩᠬᠠᠷᠤᠯ ᠲᠠᠯᠪᠢᠭ᠍ᠰᠠᠨ ᠨᠢ ᠨᠠᠳᠠ᠎ᠳᠤ ᠮᠠᠰᠢ ᠶᠡᠬᠡ ᠲᠦᠷᠦᠭ᠌ᠳᠡᠯ ᠥᠭ᠌ᠴᠡᠢ᠃ ᠪᠢ ᠦᠷᠭᠦᠯᠵᠢᠯᠡᠨ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠬᠡᠯᠪᠡᠯᠵᠡᠯ᠎ᠦᠨ ᠰᠤᠷᠭᠠᠨ ᠬᠥᠮᠦᠵᠢᠯ᠎ᠳᠦ ᠦᠵᠡᠭᠦᠯᠬᠦ᠌ ᠨᠥᠯᠥᠭᠡ᠎ᠶ᠋ᠢ ᠠᠩᠬᠠᠷᠴᠤ᠌᠂ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠦᠨᠳᠦᠰᠦᠨ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠠ ᠶᠡᠬᠡ ᠳᠤᠮᠳᠠᠳᠤ ᠪᠠᠭ᠎ᠠ ᠰᠤᠷᠭᠠᠭᠤᠯᠢ ᠵᠡᠷᠭᠡ᠎ᠲᠡᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠵᠦ᠍᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ》 ᠭᠡᠵᠦ᠍ ᠴᠢᠨ ᠾᠧ ᠬᠡᠯᠡᠵᠡᠶ᠃
ᠴᠢᠨ ᠾᠧ ᠰᠢᠭ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠢᠯᠡᠰ᠎ᠲᠦ ᠠᠩᠬᠠᠷᠤᠯ ᠲᠠᠯᠪᠢᠵᠤ ᠪᠠᠢᠭ᠎ᠠ ᠲᠥᠯᠥᠭᠡᠯᠡᠭ᠌ᠴᠢ ᠭᠡᠱᠢᠭᠦᠨ ᠴᠥᠭᠡᠨ ᠪᠤᠰᠤ ᠪᠠᠢᠨ᠎ᠠ᠃ ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ 2025 ᠣᠨ᠎ᠳᠤ ᠰᠤᠷᠭᠠᠨ ᠬᠥᠮᠦᠵᠢᠯ᠎ᠦᠨ ᠶᠠᠮᠤᠨ ᠡᠴᠡ ᠪᠥᠬᠥ᠌ ᠤᠯᠤᠰ᠎ᠤᠨ ᠬᠣᠶᠠᠷ ᠬᠤᠷᠠᠯ᠎ᠤᠨ 2721 ᠬᠤᠪᠢ ᠰᠠᠨᠠᠭᠤᠯᠭ᠎ᠠ ᠰᠠᠨᠠᠯ ᠳᠤᠷᠠᠳᠤᠯᠭ᠎ᠠ᠎ᠶ᠋ᠢ ᠳᠠᠭᠠᠭᠠᠨ ᠠᠪᠴᠤ᠌ ᠱᠢᠶ᠋ᠳᠪᠦᠷᠢᠯᠡᠵᠡᠶ᠂ ᠡᠭᠦᠨ᠎ᠳᠦ 1326 ᠬᠤᠪᠢ᠎ᠶ᠋ᠢ ᠲᠦᠷᠦᠭᠦᠯᠡᠨ ᠭᠦᠶ᠋ᠴᠡᠳᠭᠡᠵᠦ᠍᠂ ᠰᠤᠷᠭᠠᠨ ᠬᠥᠮᠦᠵᠢᠯ᠎ᠦᠨ ᠦᠶ᠋ᠯᠡᠰ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠯ᠎ᠡ ᠲᠠᠯ᠎ᠠ᠎ᠳᠤ ᠬᠣᠯᠪᠣᠭ᠍ᠳᠠᠵᠠᠶ᠃
《ᠡᠳᠡᠭᠡᠷ ᠰᠠᠨᠠᠭᠤᠯᠭ᠎ᠠ ᠰᠠᠨᠠᠯ ᠳᠤᠷᠠᠳᠤᠯᠭ᠎ᠠ ᠨᠢ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠭᠦᠨᠵᠡᠭᠡᠢ ᠲᠤᠰᠭᠠᠵᠥ᠍᠂ ᠰᠤᠷᠭᠠᠨ ᠬᠥᠮᠦᠵᠢᠯ᠎ᠦᠨ ᠠᠵᠢᠯ᠎ᠤᠨ 〈ᠬᠤᠪᠢᠷᠠᠯᠲᠠ᠎ᠶ᠋ᠢᠨ ᠱᠢᠯᠭᠠᠭᠤᠷ〉 ᠪᠣᠯᠬᠤ᠎ᠪᠠᠷ ᠪᠠᠷᠠᠬᠤ ᠦᠬᠡᠢ ᠪᠠᠰᠠ ᠴᠤ᠌ 〈ᠡᠭᠦᠷᠭᠡ᠎ᠶ᠋ᠢᠨ ᠪᠢᠴᠢᠭ〉 ᠪᠠᠢᠵᠤ᠂ ᠲᠥᠯᠥᠭᠡᠯᠡᠭ᠌ᠴᠢ ᠭᠡᠱᠢᠭᠦᠳ᠎ᠦᠨ ᠰᠤᠷᠭᠠᠨ ᠬᠥᠮᠦᠵᠢᠯ᠎ᠦᠨ ᠦᠢᠯᠡᠰ᠎ᠦᠨ ᠲᠤᠬᠠᠢ ᠭᠦᠨ ᠵᠤᠵᠠᠭᠠᠨ ᠬᠠᠢᠷ᠎ᠠ ᠬᠠᠯᠠᠮᠵᠢ᠎ᠶ᠋ᠢ ᠭᠦᠢᠴᠡᠳ ᠢᠯᠡᠷᠡᠭᠦᠯᠵᠦ᠍᠂ ᠪᠦᠬᠦ᠌ ᠤᠯᠤᠰ᠎ᠤᠨ ᠠᠷᠠᠳ ᠲᠦᠮᠡᠨ᠎ᠦ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌ ᠬᠦᠰᠡᠯ ᠡᠷᠡᠮᠡᠯᠵᠡᠯ᠎ᠢ ᠨᠢᠭ᠍ᠲᠠᠷᠠᠭᠤᠯᠵᠤ ᠪᠠᠢᠨ᠎ᠠ》 ᠭᠡᠵᠦ᠍ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃
ᠲᠥᠯᠥᠭᠡᠯᠡᠭ᠌ᠴᠢ ᠭᠡᠱᠢᠭᠦᠳ᠎ᠦᠨ ᠠᠩᠬᠠᠷᠴᠤ᠌ ᠪᠠᠢᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ ᠵᠢᠨ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢᠨ ᠭᠤᠤᠯ ᠰᠡᠳᠦᠪᠲᠦ ᠴᠢᠭ᠌ᠯᠡᠭᠦᠯᠦᠨ᠂ ᠰᠤᠷᠭᠠᠨ ᠬᠥᠮᠦᠵᠢᠯ᠎ᠦᠨ ᠶᠠᠮᠤᠨ ᠡᠴᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭ᠌ᠵᠢᠯᠲᠡ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠪᠠᠷ ᠬᠥᠲᠥᠯᠦᠨ ᠳᠠᠭᠠᠭᠤᠯᠤᠭ᠍ᠰᠠᠨ ᠱᠢᠨᠵᠢᠯᠡᠭᠡᠨ᠎ᠦ ᠰᠠᠯᠠᠭ᠎ᠠ ᠵᠢᠨ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢᠨ ᠲᠣᠭ᠍ᠲᠡᠴᠡ᠎ᠶ᠋ᠢ ᠲᠦᠷᠭᠡᠪᠴᠢᠯᠡᠨ ᠪᠠᠢᠭᠤᠯᠤᠨ ᠪᠦᠷᠢᠨᠱᠢᠭᠦᠯᠪᠡ᠃ 2025 ᠣᠨ᠎ᠤ ᠱᠢᠨᠵᠢᠯᠡᠭᠡᠨ᠎ᠦ ᠰᠠᠯᠠᠭ᠎ᠠ ᠵᠢᠨ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ ᠲᠣᠬᠢᠷᠠᠭᠤᠯᠤᠯᠲᠠ᠎ᠳᠤ᠂ ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠠᠰᠫᠢᠷᠠᠨᠲ ᠳ᠋ᠤᠺᠲ᠋ᠤᠷᠠᠨᠲ᠎ᠤᠨ ᠲᠤᠰᠭᠠᠶ ᠮᠡᠷᠭᠡᠵᠢᠯ᠎ᠦᠨ ᠴᠡᠭ᠎ᠢ 275 ᠱᠢᠨ᠎ᠡ᠎ᠪᠡᠷ ᠨᠡᠮᠡᠭ᠌ᠳᠡᠭᠦᠯᠵᠦ᠍᠂ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠴᠡᠭ᠎ᠢ 1839 ᠱᠢᠨ᠎ᠡ᠎ᠪᠡᠷ ᠨᠡᠮᠡᠭ᠌ᠳᠡᠭᠦᠯᠵᠦ᠍᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠲᠤᠰᠭᠠᠶ ᠮᠡᠷᠭᠡᠵᠢᠯ᠎ᠦᠨ ᠴᠡᠭ᠎ᠢ 1.2 ᠲᠦᠮᠡ ᠱᠢᠨ᠎ᠡ᠎ᠪᠡᠷ ᠨᠡᠮᠡᠭ᠌ᠳᠡᠭᠦᠯᠪᠡ᠃
ᠲᠥᠯᠥᠭᠡᠯᠡᠭ᠌ᠴᠢ ᠭᠡᠱᠢᠭᠦᠳ᠎ᠦᠨ ᠠᠩᠬᠠᠷᠴᠤ᠌ ᠪᠠᠢᠭ᠎ᠠ ᠵᠣᠬᠢᠶᠠᠮᠠᠯ ᠣᠶᠤᠨ ᠴᠢᠳᠠᠪᠤᠷᠢ᠎ᠶ᠋ᠢᠨ ᠣᠷᠣᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠬᠤ ᠠᠰᠠᠭᠤᠳᠠᠯ᠎ᠤᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠶᠠᠮᠤᠨ ᠡᠴᠡ ᠨᠢᠭᠡ ᠪᠦᠯᠦᠭ ᠵᠣᠬᠢᠶᠠᠮᠠᠯ ᠣᠶᠤᠨ ᠴᠢᠳᠠᠪᠤᠷᠢ᠎ᠶ᠋ᠢᠨ ᠬᠠᠮᠢᠶ᠎ᠠ ᠪᠥᠬᠥᠶ ᠱᠢᠨᠵᠢᠯᠡᠭᠡᠨ᠎ᠦ ᠰᠠᠯᠠᠭ᠎ᠠ᠎ᠶ᠋ᠢᠨ ᠲᠤᠰᠭᠠᠶ ᠮᠡᠷᠭᠡᠵᠢᠯ ᠪᠠᠢᠭᠤᠯᠬᠤ᠎ᠶ᠋ᠢ ᠠᠬᠢᠭᠤᠯᠵᠤ᠂ ᠵᠢᠭᠠᠨ ᠰᠤᠷᠭᠠᠯᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠵᠠᠭ᠍ᠪᠤᠷ᠎ᠤᠨ ᠬᠤᠪᠢᠰᠤᠯᠲᠠ ᠱᠢᠨ᠎ᠡ᠎ᠶ᠋ᠢ ᠡᠭᠦᠳᠬᠦ ᠪᠡᠷ ᠶᠡᠬᠡ ᠳᠡᠭᠡᠳᠦ ᠰᠤᠷᠭᠠᠭᠤᠯᠢ᠎ᠶ᠋ᠢᠨ ᠴᠢᠭ᠌ᠯᠡᠭᠦᠯᠦᠯᠲᠦ ᠴᠢᠨᠠᠷᠲᠠᠶ᠂ ᠵᠣᠬᠢᠶᠠᠨ ᠪᠠᠢᠭᠤᠯᠤᠯᠲᠠ᠎ᠲᠠᠶ᠎ᠪᠠᠷ ᠥᠨᠳᠥᠷ ᠬᠡᠪ ᠪᠣᠯᠪᠠᠰᠤᠷᠠᠯ᠎ᠲᠠᠶ ᠵᠣᠬᠢᠶᠠᠮᠠᠯ ᠣᠶᠤᠨ ᠴᠢᠳᠠᠪᠤᠷᠢ᠎ᠶ᠋ᠢᠨ ᠬᠦᠷᠢᠶᠡᠨ᠎ᠦ ᠴᠢᠳᠠᠪᠤᠷᠢᠲᠠᠨ᠎ᠢ ᠲᠥᠷᠥᠯ ᠬᠤᠪᠢᠶᠠᠨ ᠬᠥᠮᠦᠵᠢᠭᠦᠯᠬᠦ᠌᠎ᠶ᠋ᠢ ᠬᠥᠲᠥᠯᠥᠨ ᠲᠠᠢᠴᠢᠯᠠᠪᠠ᠃
ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠲᠤᠮᠤ ᠶᠠᠪᠤᠳᠠᠯ᠎ᠢ ᠪᠤᠲᠠᠲᠠᠢᠵᠢᠭᠤᠯᠤᠭᠰᠠᠨ ᠪᠥᠭᠡᠳ ᠠᠷᠠᠳ᠎ᠤᠨ ᠠᠮᠢᠳᠤᠷᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ ᠬᠠᠯᠠᠮᠵᠢᠯᠠᠭᠰᠠᠨ ᠪᠠᠢᠨ᠎ᠠ᠃
2025 ᠣᠨ᠎ᠤ 10 ᠰᠠᠷ᠎ᠠ᠎ᠳᠤ᠂ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠠᠷᠪᠠᠨ ᠵᠤᠷᠪᠤᠰ ᠠᠷᠭ᠎ᠠ ᠬᠡᠮᠵᠢᠶ᠎ᠡ》 ᠶ᠋ᠢ ᠳᠠᠷᠤᠮᠠᠯᠯᠠᠨ ᠲᠠᠷᠬᠠᠭᠠᠵᠤ᠂ ᠰᠤᠷᠤᠭ᠍ᠴᠢᠳ᠎ᠤᠨ ᠱᠢᠯᠭᠠᠯᠲᠠ᠎ᠳᠤ ᠤᠷᠤᠯᠴᠠᠵᠤ ᠰᠤᠷᠭᠠᠭᠤᠯᠢ ᠳᠡᠪᠱᠢᠬᠦ᠌ ᠵᠣᠪᠠᠨᠢᠯ᠎ᠢ ᠨᠠᠮᠳᠠᠭᠤᠯᠬᠤ᠂ ᠰᠡᠳᠭᠢᠴᠡ᠎ᠶ᠋ᠢᠨ ᠤᠶᠠᠨ ᠬᠠᠲᠠᠨ ᠴᠢᠨᠠᠷ ᠪᠠ ᠰᠡᠳᠭᠢᠴᠡ᠎ᠶ᠋ᠢᠨ ᠡᠭᠡᠯᠢᠯᠡᠭᠡ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠬᠦ᠌ ᠵᠡᠷᠭᠡ᠎ᠲᠡᠶ ᠤᠶᠠᠯᠳᠤᠭᠤᠯᠤᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠳᠤᠷᠠᠳᠪᠠ᠃ ᠡᠨᠡ ᠬᠦ᠌ ᠪᠢᠴᠢᠭ ᠮᠠᠲ᠋ᠧᠷᠢᠶᠠᠯ᠎ᠢ ᠨᠡᠢᠲᠡᠯᠡᠭ᠌ᠰᠡᠨ ᠨᠢ ᠮᠥᠨ ᠴᠦ᠍ ᠲᠥᠯᠥᠭᠡᠯᠡᠭ᠌ᠴᠢ ᠭᠡᠱᠢᠭᠦᠳ᠎ᠦᠨ ᠠᠩᠬᠠᠷᠤᠯ᠎ᠲᠠᠶ ᠰᠠᠯᠵᠤ ᠪᠣᠯᠤᠰᠢ ᠦᠭᠡᠢ ᠨᠢᠭ᠍ᠲᠠ ᠬᠣᠯᠪᠣᠭ᠎ᠠ᠎ᠲᠠᠶ ᠶᠤᠮ᠃
ᠨᠢᠳᠤᠨᠤᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠵᠠᠷᠢᠮ ᠲᠥᠯᠥᠭᠡᠯᠡᠭ᠌ᠴᠢ ᠭᠡᠱᠢᠭᠦᠨ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠬᠥᠮᠦᠵᠢᠯ᠎ᠢ ᠤᠯᠠᠮ ᠨᠢᠭᠡ ᠠᠯᠬᠤᠮ ᠴᠢᠩᠭᠠᠳᠭᠠᠬᠤ᠎ᠲᠠᠶ ᠤᠶᠠᠯᠳᠤᠭᠤᠯᠤᠨ ᠰᠠᠨᠠᠭᠤᠯᠭ᠎ᠠ ᠰᠠᠨᠠᠯ ᠲᠤᠷᠠᠳᠤᠯᠭ᠎ᠠ ᠳᠤᠷᠠᠳᠪᠠ᠃ ᠳᠠᠷᠠᠭ᠎ᠠ ᠨᠢ᠂ ᠰᠤᠷᠭᠠᠨ ᠬᠥᠮᠦᠵᠢᠯ᠎ᠦᠨ ᠶᠠᠮᠤᠨ ᠡᠴᠡ ᠲᠤᠰᠭᠠᠶ ᠠᠵᠢᠯ᠎ᠤᠨ ᠲᠥᠰᠦᠯ ᠲᠣᠭ᠍ᠲᠠᠭᠠᠵᠤ᠂ ᠬᠡᠦᠬᠡᠳ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠡᠭᠦᠳᠡᠨ ᠡᠮᠨᠡᠯᠭᠡ᠎ᠶ᠋ᠢᠨ ᠪᠠᠢᠳᠠᠯ᠎ᠤᠨ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ᠎ᠶ᠋ᠢ ᠭᠦᠶ᠋ᠴᠡᠳᠭᠡᠬᠦ᠌᠎ᠶ᠋ᠢ ᠪᠥᠬᠥ᠌ ᠤᠯᠤᠰ᠎ᠤᠨ ᠰᠤᠷᠤᠭ᠍ᠴᠢᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠠᠵᠢᠯ᠎ᠢ ᠤᠯᠠᠮ ᠨᠢᠭᠡ ᠠᠯᠬᠤᠮ ᠵᠢᠯᠣᠭᠣᠳᠤᠨ ᠠᠬᠢᠭᠤᠯᠬᠤ᠎ᠲᠠᠶ ᠨᠢᠭ᠍ᠲᠠ ᠤᠶᠠᠯᠳᠤᠭᠤᠯᠵᠠᠶ᠃
ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠠᠬᠢᠭᠤᠯᠤᠯ ᠳᠤᠤᠷ᠎ᠠ᠂ ᠣᠳᠣᠬᠠᠨ᠎ᠳᠤ᠂ ᠡᠯ᠎ᠡ ᠭᠠᠵᠠᠷ᠎ᠤᠨ᠎ᠬᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠡᠳᠦᠷ ᠪᠦᠷᠢ᠎ᠶ᠋ᠢᠨ ᠶᠡᠷᠦᠩᠬᠡᠢᠯᠡᠭ᠌ᠰᠡᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠴᠠᠭ᠎ᠢ 2 ᠴᠠᠭ᠎ᠡᠴᠡ ᠳᠤᠤᠷ᠎ᠠ ᠪᠠᠢᠯᠭᠠᠬᠤ ᠥᠬᠡᠶ ᠪᠠᠢᠬᠤ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠯ᠎ᠡ ᠰᠤᠷᠤᠯᠭ᠎ᠠ᠎ᠶ᠋ᠢᠨ ᠱᠠᠲᠤᠨ᠎ᠤ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠪᠠᠭ᠍ᠰᠢ᠎ᠶ᠋ᠢᠨ ᠲᠣᠬᠢᠷᠠᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ ᠪᠠᠢᠨ᠎ᠠ᠃ ᠰᠤᠷᠭᠠᠨ ᠬᠥᠮᠦᠵᠢᠯ᠎ᠦᠨ ᠶᠠᠮᠤᠨ ᠡᠴᠡ ᠪᠠᠰᠠ ᠪᠥᠬᠥ᠌ ᠤᠯᠤᠰ᠎ᠤᠨ ᠰᠤᠷᠤᠭ᠍ᠴᠢᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠶᠠᠷᠢᠶᠠᠨ᠎ᠤ ᠲᠠᠩᠬᠢᠮ ᠭᠠᠷᠭᠠᠵᠤ᠂ ᠪᠠᠭ᠍ᠰᠢ ᠰᠣᠷᠣᠭ᠍ᠴᠢ᠂ ᠬᠡᠷ᠎ᠦᠨ ᠠᠬᠠᠮᠠᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠠᠩᠬᠠᠷᠬᠤ ᠬᠡᠮᠵᠢᠶ᠎ᠡ ᠪᠠ ᠲᠠᠨᠢᠨ ᠮᠡᠳᠡᠬᠦᠶ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠲᠦᠷᠦᠭᠦᠬᠡᠨ᠂ ᠰᠤᠷᠭᠠᠨ ᠬᠥᠮᠦᠵᠢᠯ᠎ᠦᠨ ᠶᠠᠮᠤᠨ ᠡᠴᠡ ᠲᠤᠰᠭᠠᠢᠯᠠᠨ ᠲᠥᠯᠥᠭᠡᠯᠡᠭ᠌ᠴᠢ ᠭᠡᠱᠢᠭᠦᠳ᠎ᠦᠨ ᠶᠠᠷᠢᠯᠴᠠᠬᠤ ᠬᠤᠷᠠᠯ ᠬᠢᠵᠦ᠍᠂ ᠠᠳᠠᠯᠢ ᠪᠤᠰᠤ ᠠᠵᠢᠯ᠎ᠤᠨ ᠬᠦᠷᠢᠶᠡᠨ᠎ᠳᠡᠬᠢ 10 ᠲᠥᠯᠥᠭᠡᠯᠡᠭ᠌ᠴᠢ ᠭᠡᠱᠢᠭᠦᠨ᠎ᠢ ᠤᠷᠢᠵᠤ᠂ ᠱᠢᠨ᠎ᠡ ᠨᠢᠭᠡ ᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠠᠵᠢᠯ᠎ᠤᠨ ᠲᠣᠭᠣᠷᠢᠨ᠎ᠳᠤ ᠦᠷᠭᠦᠯᠵᠢᠯᠡᠨ ᠰᠠᠨᠠᠯ ᠰᠠᠨᠠᠭᠤᠯᠭ᠎ᠠ ᠳᠤᠷᠠᠳᠴᠤ᠌᠂ ᠦᠨᠡᠨ ᠮᠡᠳᠡᠯᠭᠡ ᠨᠡᠪᠲᠡᠷᠬᠡᠶ ᠦᠵᠡᠯᠲᠡ᠎ᠪᠡᠨ ᠢᠯᠡᠳᠭᠡᠵᠡᠶ᠃
ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠲᠠᠷᠠᠭᠠᠴᠢ᠎ᠶ᠋ᠢᠨ ᠠᠯᠬᠤᠮ᠎ᠳᠤ᠂ ᠠᠵᠢᠯ᠎ᠤᠨ ᠲᠣᠭ᠍ᠲᠡᠴᠡ᠎ᠶ᠋ᠢ ᠲᠦᠷᠭᠡᠪᠴᠢᠯᠡᠨ ᠪᠦᠷᠢᠨᠱᠢᠭᠦᠯᠵᠦ᠍᠂ ᠲᠥᠯᠥᠭᠡᠯᠡᠭ᠌ᠴᠢ ᠭᠡᠱᠢᠭᠦᠳᠯᠦᠭᠡᠶ᠋ᠢᠨ ᠪᠠᠢᠩᠭᠤ ᠬᠠᠷᠢᠯᠴᠠᠭ᠎ᠠ ᠤᠯᠤᠯᠴᠠᠭ᠎ᠠ᠎ᠪᠡᠨ ᠤᠯᠠᠮ ᠨᠢᠭᠡ ᠠᠯᠬᠤᠮ ᠴᠢᠩᠭᠠᠳᠭᠠᠵᠤ᠂ ᠰᠤᠷᠭᠠᠨ ᠬᠥᠮᠦᠵᠢᠯ᠎ᠦᠨ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠲᠣᠭ᠍ᠲᠠᠭᠠᠬᠤ ᠶᠠᠪᠤᠴᠠ᠎ᠳᠤ᠂ ᠣᠯᠠᠨ ᠵᠦᠶ᠋ᠯ᠎ᠦᠨ ᠠᠷᠭ᠎ᠠ ᠮᠠᠶᠢᠭ᠎ᠢᠶᠠᠷ ᠲᠥᠯᠥᠭᠡᠯᠡᠭ᠌ᠴᠢ ᠭᠡᠱᠢᠭᠦᠳ᠎ᠦᠨ ᠰᠠᠨᠠᠯ ᠰᠠᠨᠠᠭᠤᠯᠭ᠎ᠠ᠎ᠶ᠋ᠢ ᠬᠤᠷᠢᠶᠠᠨ᠎ᠠ᠃ ᠡᠭᠦᠨ᠎ᠦ ᠬᠠᠮᠲᠤ᠂ ᠰᠠᠨᠠᠭᠤᠯᠭ᠎ᠠ ᠰᠠᠨᠠᠯ ᠳᠤᠷᠠᠳᠤᠯᠭ᠎ᠠ᠎ᠶ᠋ᠢᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠴᠢᠩᠭᠠᠳᠭᠠᠵᠤ᠂ ᠲᠥᠯᠥᠭᠡᠯᠡᠭ᠌ᠴᠢ ᠭᠡᠱᠢᠭᠦᠳ᠎ᠲᠦ ᠨᠠᠢᠳᠠᠪᠤᠷᠢᠵᠢᠭᠤᠯᠤᠯᠲᠠ᠎ᠶ᠋ᠢᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠬᠠᠷᠢᠭᠤ ᠲᠤᠰᠭᠠᠨ᠎ᠠ ᠭᠡᠵᠦ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)