ᠰᠤᠷᠪᠤᠯᠵᠢᠯᠠᠭ᠍ᠴᠢ ᠤᠢᠷ᠎ᠡ ᠵᠢᠨ ᠡᠳᠦᠷ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠡᠴᠡ ᠣᠢᠯᠠᠭᠠᠭᠰᠠᠨᠵᠢᠡᠷ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠭᠠᠢᠯᠢ ᠲᠠᠲᠠᠪᠤᠷᠢ᠎ᠶᠢᠨ ᠲᠣᠮᠣ᠌ ᠳ᠋ᠠᠢᠲ᠋ᠠ᠎ᠶᠢᠨ ᠵᠠᠳᠠᠯᠤᠯᠲᠠ᠎ᠡᠴᠡ ᠦᠵᠡᠪᠡᠯ᠂ ᠣᠢᠷ᠎ᠠ᠎ᠶᠢᠨ ᠵᠢᠯ᠎ᠦᠳ᠎ᠲᠦ ᠮᠠᠨ᠎ᠤ ᠤᠯᠤᠰ᠎ᠤᠨ ᠠᠵᠤ ᠦᠢᠯᠡᠰ᠂ ᠡᠨᠧᠷᠭᠢ᠎ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠡᠭᠦᠨ᠎ᠦ ᠬᠠᠮᠲᠤ᠂ ᠭᠠᠢᠯᠢ ᠲᠠᠲᠠᠪᠤᠷᠢ᠎ᠶᠢᠨ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ ᠳᠣᠣᠷ᠎ᠠ᠂ ᠨᠡᠢᠭᠡᠮ᠎ᠦᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠦᠢᠯᠡᠳᠦᠯ ᠢᠯᠡᠷᠬᠡᠢ ᠪᠣᠯᠪᠠ᠃
ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠬᠥᠭᠵᠢᠯᠲᠡ ᠰᠠᠢᠨ ᠪᠠᠢᠨ᠎ᠠ᠃ ᠭᠠᠢᠯᠢ ᠲᠠᠲᠠᠪᠤᠷᠢ᠎ᠶᠢᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠢᠨ᠎ᠡ ᠡᠨᠧᠷᠭᠢ᠎ᠶᠢᠨ ᠪᠦᠬᠦᠯᠢ ᠲᠡᠷᠭᠡ᠂ ᠬᠡᠷᠡᠯᠴᠢ ᠴᠡᠨᠡᠭ᠎ᠦᠨ ᠲᠥᠬᠦᠭᠡᠷᠦᠮᠵᠢ ᠵᠢᠴᠢ ᠲᠣᠨᠣᠭ ᠰᠡᠯᠪᠢᠭ᠂ ᠯᠢᠲ᠋ᠢ ᠢᠶᠤᠨ᠎ᠤ ᠳ᠋ᠢᠶᠠᠨ ᡂᠢ ᠪᠣᠯᠣᠨ ᠨᠡᠷᠡᠨ᠎ᠦ ᠡᠨᠧᠷᠭᠢ᠎ᠶᠢᠨ ᠪᠠᠭᠠᠵᠢ ᠬᠡᠷᠡᠭᠰᠡᠯ ᠵᠡᠷᠭᠡ ᠴᠢᠬᠤᠯᠠ ᠪᠣᠬᠢᠷᠲᠤᠯ ᠦᠭᠡᠢ ᠦᠢᠯᠡᠳᠬᠦᠨ ᠦᠢᠯᠡᠳᠬᠦ ᠠᠵᠢᠯ ᠲᠥᠷᠥᠯ᠎ᠦᠨ ᠪᠣᠷᠣᠯᠠᠭᠤᠯᠤᠯᠲᠠ᠎ᠶᠢᠨ ᠣᠷᠣᠯᠭ᠎ᠠ᠎ᠶᠢᠨ ᠵᠢᠯ ᠳᠤᠮᠳᠠᠴᠢ᠎ᠶᠢᠨ ᠨᠡᠮᠡᠭᠳᠡᠯ᠎ᠦᠨ ᠬᠤᠷᠳᠤᠴᠠ ᠨᠢ ᠴᠥᠮ 30% ᠡᠴᠡ ᠳᠡᠭᠡᠭᠰᠢ ᠪᠣᠯᠪᠠ; ᠰᠢᠨ᠎ᠡ ᠡᠨᠧᠷᠭᠢ᠂ ᠡᠨᠧᠷᠭᠢ ᠠᠷᠪᠢᠯᠠᠬᠤ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠪᠣᠬᠢᠷᠲᠤᠯ ᠦᠭᠡᠢ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠵᠢᠯ ᠪᠦᠷᠢ ᠳᠤᠮᠳᠠᠴᠢ᠎ᠪᠠᠷ ᠲᠣᠰ ᠲᠣᠰ 51.1%᠂ 28.5% ᠪᠠ 18.2% ᠵᠢᠡᠷ ᠨᠡᠮᠡᠭᠳᠡᠵᠦ᠂ ᠠᠮᠢ ᠠᠬᠤᠢ᠎ᠶᠢᠨ ᠬᠠᠮᠠᠭᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ᠎ᠶᠢᠨ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠵᠢᠯ ᠪᠦᠷᠢ ᠳᠤᠮᠳᠠᠴᠢ᠎ᠪᠠᠷ 13.2%ᠵᠢᠡᠷ ᠨᠡᠮᠡᠭᠳᠡᠵᠦ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠪᠠ᠃
ᠠᠷᠢᠭᠤᠨ ᠴᠡᠪᠡᠷ ᠡᠨᠧᠷᠭᠢ᠎ᠶᠢᠨ ᠡᠵᠡᠯᠡᠬᠦ ᠬᠠᠷᠢᠴᠠᠯ ᠲᠣᠭᠲᠠᠭᠤᠨ᠎ᠢᠶᠠᠷ ᠳᠡᠭᠡᠭᠰᠢᠯᠡᠪᠡ᠃ 2025 ᠣᠨ᠎ᠳᠤ᠂ ᠰᠠᠯᠬᠢᠨ ᠬᠦᠴᠦ᠎ᠪᠡᠷ ᠴᠠᠬᠢᠯᠭᠠᠨ ᠭᠠᠷᠭᠠᠬᠤ᠂ ᠨᠡᠷᠡᠨ ᠡᠨᠧᠷᠭᠢ᠎ᠪᠡᠷ ᠴᠠᠬᠢᠯᠭᠠᠨ ᠭᠠᠷᠭᠠᠬᠤ᠂ ᠤᠰᠤᠨ ᠬᠦᠴᠦ᠎ᠪᠡᠷ ᠴᠠᠬᠢᠯᠭᠠᠨ ᠭᠠᠷᠭᠠᠬᠤ᠂ ᠴᠥᠮ᠎ᠡ᠎ᠶᠢᠨ ᠡᠨᠧᠷᠭᠢ᠎ᠪᠡᠷ ᠴᠠᠬᠢᠯᠭᠠᠨ ᠭᠠᠷᠭᠠᠬᠤ᠎ᠶᠢ ᠪᠠᠭᠲᠠᠭᠠᠭᠰᠠᠨ ᠴᠡᠪᠡᠷ ᠡᠨᠧᠷᠭᠢ᠎ᠪᠡᠷ ᠴᠠᠬᠢᠯᠭᠠᠨ ᠭᠠᠷᠭᠠᠵᠤ ᠪᠣᠷᠣᠯᠠᠭᠤᠯᠤᠭᠰᠠᠨ ᠣᠷᠣᠯᠭ᠎ᠠ ᠨᠢ ᠶᠡᠷᠦᠩᠬᠡᠢ ᠴᠠᠬᠢᠯᠭᠠᠨ ᠭᠠᠷᠭᠠᠵᠤ ᠪᠣᠷᠣᠯᠠᠭᠤᠯᠤᠭᠰᠠᠨ ᠣᠷᠣᠯᠭ᠎ᠠ᠎ᠶᠢᠨ 42.6% ᠶ᠋ᠢ ᠡᠵᠡᠯᠡᠵᠦ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠡᠴᠦᠰ᠎ᠦᠨ ᠬᠢ᠎ᠡᠴᠡ ᠵᠠᠭᠤᠨ᠎ᠤ ᠬᠠᠷᠢᠴᠠᠯ᠎ᠵᠢᠡᠷ 7.2 ᠬᠤᠪᠢ ᠳᠡᠭᠡᠭᠰᠢᠯᠡᠪᠡ᠃ ᠡᠭᠦᠨ᠎ᠳᠦ ᠰᠠᠯᠬᠢᠨ ᠬᠦᠴᠦ᠂ ᠨᠡᠷᠡᠨ ᠡᠨᠧᠷᠭᠢ᠎ᠪᠡᠷ ᠴᠠᠬᠢᠯᠭᠠᠨ ᠭᠠᠷᠭᠠᠵᠤ ᠪᠣᠷᠣᠯᠠᠭᠤᠯᠤᠭᠰᠠᠨ ᠣᠷᠣᠯᠭ᠎ᠠ ᠵᠢᠯ ᠳᠤᠮᠳᠠᠴᠢ᠎ᠪᠠᠷ 25.4% ᠨᠡᠮᠡᠭᠳᠡᠪᠡ᠃
ᠭᠠᠢᠯᠢ ᠬᠥᠩᠭᠡᠯᠡᠯᠲᠡ᠎ᠶᠢᠨ ᠠᠰᠢᠭ᠋᠎ᠢᠶᠠᠷ ᠪᠣᠬᠢᠷᠲᠤᠯ᠎ᠢ ᠪᠠᠭᠠᠰᠬᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ᠎ᠶᠢ ᠬᠢᠵᠠᠭᠠᠷᠯᠠᠬᠤ ᠦᠢᠯᠡᠳᠦᠯ ᠲᠠᠰᠤᠷᠠᠯᠲᠠ ᠦᠭᠡᠢ ᠢᠯᠡᠷᠡᠪᠡ᠃ 2018 ᠣᠨ᠎ᠳᠤ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠭᠠᠢᠯᠢ᠎ᠶᠢ ᠡᠬᠢᠯᠡᠨ ᠲᠠᠲᠠᠪᠤᠷᠢᠯᠠᠭᠰᠠᠨ᠎ᠡᠴᠡ ᠨᠠᠭᠠᠰᠢ᠂ ᠪᠥᠬᠥ ᠤᠯᠤᠰ᠎ᠲᠤ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠭᠠᠢᠯᠢ᠎ᠶᠢᠨ ᠬᠠᠷᠠᠭᠠᠯᠵᠠᠯ᠎ᠢ ᠨᠡᠶ᠋ᠢᠲᠡ 1110.6 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠬᠦ᠎ᠶᠢ ᠨᠠᠢᠳᠠᠪᠤᠷᠢᠵᠢᠭᠤᠯᠪᠠ᠂ ᠡᠭᠦᠨ᠎ᠳᠦ ᠲᠥᠪᠯᠡᠷᠡᠭᠦᠯᠦᠨ ᠰᠢᠢᠳᠪᠦᠷᠢᠯᠡᠬᠦ᠎ᠶᠢ ᠠᠬᠢᠭᠤᠯᠬᠤ᠂ ᠪᠣᠬᠢᠷᠲᠤᠯ᠎ᠢ ᠵᠠᠰᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ 599.45 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠬᠦ᠂ ᠠᠷᠢᠭᠤᠨ ᠴᠡᠪᠡᠷ ᠦᠢᠯᠡᠳᠪᠦᠷᠢᠯᠡᠯ᠎ᠢ ᠠᠬᠢᠭᠤᠯᠬᠤ᠂ ᠪᠣᠬᠢᠷᠲᠤᠯ ᠭᠠᠳᠠᠭᠰᠢᠯᠠᠭᠤᠯᠬᠤ᠎ᠶᠢ ᠪᠠᠭᠠᠰᠬᠠᠬᠤ᠎ᠳᠤ 243.7 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯ᠎ᠤᠨ᠂ ᠶᠡᠷᠦᠩᠬᠡᠢᠯᠡᠨ ᠠᠰᠢᠭ᠍ᠯᠠᠬᠤ᠎ᠶᠢ ᠠᠬᠢᠭᠤᠯᠬᠤ᠂ ᠵᠠᠰᠠᠯᠲᠠ᠎ᠶᠢᠨ ᠦᠷ᠎ᠡ ᠠᠰᠢᠭ᠋᠎ᠢ ᠳᠡᠭᠡᠭᠰᠢᠯᠡᠭᠦᠯᠬᠦ᠎ᠳᠦ 261.34 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠪᠡ᠃ 2025 ᠣᠨ᠎ᠳᠤ᠂ ᠤᠯᠤᠰ᠎ᠡᠴᠡ ᠭᠣᠣᠯᠳᠠᠯᠭ᠎ᠠ᠎ᠲᠠᠢ ᠲᠣᠬᠢᠷᠠᠭᠤᠯᠤᠨ ᠡᠵᠡᠮᠳᠡᠵᠦ ᠪᠠᠢᠭ᠎ᠠ ᠠᠭᠠᠷ ᠮᠠᠨᠳᠠᠯ᠎ᠤᠨ ᠪᠣᠬᠢᠷᠲᠤᠯ ᠪᠣᠳᠠᠰ᠎ᠤᠨ ᠬᠦᠬᠦᠷ᠎ᠦᠨ ᠳᠠᠪᠬᠤᠷ ᠢᠰᠦᠯ᠂ ᠠᠽᠣᠲ᠎ᠤᠨ ᠢᠰᠦᠮᠡᠭ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠠᠢᠯᠢ᠎ᠶᠢᠨ ᠣᠷᠣᠯᠭ᠎ᠠ᠎ᠶᠢ 2020 ᠣᠨ᠎ᠤ ᠬᠢ᠎ᠡᠴᠡ ᠲᠣᠰ ᠲᠣᠰ 33.8% ᠪᠠ 34.03% ᠪᠠᠷ ᠪᠠᠭᠤᠷᠠᠭᠤᠯᠪᠠ᠃
ᠡᠭᠦᠨ᠎ᠡᠴᠡ ᠭᠠᠳᠠᠨ᠎ᠠ᠂ ᠤᠰᠤᠨ᠎ᠤ ᠡᠬᠢ ᠪᠠᠶᠠᠯᠢᠭ᠋᠎ᠤᠨ ᠰᠦᠢᠳᠬᠡᠯ᠎ᠢ ᠭᠠᠢᠯᠢ ᠪᠣᠯᠭᠠᠬᠤ ᠥᠭᠡᠷᠡᠴᠢᠯᠡᠯᠲᠡ᠎ᠶᠢᠨ ᠲᠤᠷᠰᠢᠯᠲᠠ᠎ᠵᠢᠨ ᠴᠡᠭ᠎ᠢ 2024 ᠣᠨ᠎ᠤ 12 ᠰᠠᠷ᠎ᠠ᠎ᠶᠢᠨ 1 ᠤ᠋ ᠡᠳᠦᠷ᠎ᠡᠴᠡ ᠪᠥᠬᠥ ᠤᠯᠤᠰ᠎ᠲᠤ ᠬᠡᠷᠡᠭᠵᠢᠭᠦᠯᠦᠭᠰᠡᠨ᠎ᠡᠴᠡ ᠨᠠᠭᠠᠰᠢ ᠢᠳᠡᠪᠬᠢᠲᠡᠢ ᠦᠷ᠎ᠡ ᠪᠦᠲᠦᠮᠵᠢ ᠣᠯᠵᠤ᠂ 2025 ᠣᠨ᠎ᠳᠤ ᠰᠢᠨ᠎ᠡ ᠲᠤᠷᠰᠢᠯᠲᠠ᠎ᠵᠢᠨ ᠴᠡᠭ᠎ᠤᠨ ᠭᠠᠵᠠᠷ ᠣᠷᠣᠨ᠎ᠤ ᠭᠠᠢᠯᠢ ᠲᠤᠰᠢᠶᠠᠭ᠍ᠴᠢ᠎ᠶᠢᠨ ᠲᠠᠲᠠᠵᠤ ᠬᠡᠷᠡᠭᠯᠡᠭᠰᠡᠨ ᠭᠠᠵᠠᠷ ᠳᠣᠣᠷᠠᠬᠢ ᠤᠰᠤ 54.7 ᠳ᠋ᠦᠩᠰᠢᠭᠤᠷ ᠲᠣᠨ᠎ᠳᠤ ᠬᠦᠷᠴᠦ᠂ 2024 ᠣᠨ᠎ᠤ ᠬᠢ᠎ᠡᠴᠡ 7.1% ᠪᠡᠷ ᠪᠠᠭᠤᠷᠠᠵᠤ᠂ 4500 ᠭᠠᠷᠤᠢ ᠥᠪᠡᠰᠦᠪᠡᠨ ᠪᠡᠯᠡᠳᠬᠡᠭᠰᠡᠨ ᠬᠤᠳᠳᠤᠭ᠎ᠢ ᠬᠠᠭᠠᠵᠤ ᠵᠣᠭᠰᠣᠭᠠᠪᠠ᠃ ᠭᠤᠯᠹ ᠪᠥᠮᠪᠥᠭᠡ᠎ᠶᠢᠨ ᠲᠠᠯᠠᠪᠠᠢ᠂ ᠴᠠᠨᠡᠯᠡᠯᠲᠡᠵᠢᠨ ᠲᠠᠯᠠᠪᠠᠢ᠂ ᠲᠡᠷᠭᠡ ᠤᠬᠢᠶᠠᠬᠤ᠂ ᠪᠡᠶ᠎ᠡ ᠤᠬᠢᠶᠠᠬᠤ ᠵᠡᠷᠭᠡ ᠣᠨᠴᠠ ᠲᠦᠷᠦᠯ᠎ᠦᠨ ᠤᠰᠤ ᠲᠠᠲᠠᠬᠤ ᠬᠡᠮᠵᠢᠶ᠎ᠡ 2024 ᠣᠨ᠎ᠤ ᠬᠢ᠎ᠡᠴᠡ 34.3% ᠪᠡᠷ ᠪᠠᠭᠤᠷᠠᠪᠠ᠃ ᠤᠰᠤ ᠠᠷᠪᠢᠯᠠᠬᠤ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢᠨ ᠨᠥᠬᠥᠴᠡᠯ᠎ᠳᠦ ᠨᠡᠢᠴᠡᠬᠦ 381 ᠡᠷᠦᠬᠡ ᠭᠠᠢᠯᠢ ᠲᠤᠰᠢᠶᠠᠭ᠍ᠴᠢ᠎ᠡᠴᠡ 6119.7 ᠲᠦᠮᠡᠨ ᠲᠥᠭᠥᠷᠢᠭ᠎ᠦᠨ ᠭᠠᠢᠯᠢ᠎ᠶᠢᠨ ᠵᠣᠭᠣᠰ᠎ᠢ ᠬᠠᠰᠤᠵᠤ ᠲᠠᠲᠠᠪᠤᠷᠢᠯᠠᠪᠠ᠃
(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)