ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠭᠠᠷᠭᠠᠯᠲᠠ ᠲᠣᠭ᠍ᠲᠠᠭᠤᠨ᠎ᠢᠶᠠᠷ ᠨᠡᠮᠡᠭ᠌ᠳᠡᠵᠦ᠍᠂ 2025 ᠣᠨ᠎ᠳᠤ ᠪᠥᠬᠥ᠌ ᠣᠷᠣᠨ᠎ᠤ ᠭᠠᠳᠠᠭᠠᠳᠤ ᠭᠠᠷᠭᠠᠯᠲᠠ 898.7 ᠳ᠋ᠦᠩᠱᠢᠭᠤᠷ ᠲᠥᠭᠥᠷᠢᠭ᠎ᠲᠦ ᠬᠦᠷᠴᠦ᠍᠂ 5.4% ᠪᠠᠷ ᠨᠡᠮᠡᠭ᠌ᠳᠡᠵᠦ᠍᠂ 5 ᠵᠢᠯ ᠳᠠᠷᠠᠭᠠᠯᠠᠨ ᠨᠡᠮᠡᠭ᠌ᠳᠡᠯ᠎ᠢ ᠪᠠᠲᠤᠯᠠᠪᠠ᠃ ᠵᠦᠪᠭᠡᠨ 2025 ᠤᠨ ᠤ 12 ᠰᠠᠷ᠎ᠠ᠎ᠶ᠋ᠢᠨ ᠭᠠᠳᠠᠭᠠᠳᠤ ᠭᠠᠷᠭᠠᠯᠲᠠ 105.1 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠠᠩ ᠰᠠᠷ᠎ᠠ᠎ᠶ᠋ᠢᠨ ᠬᠠᠮᠤᠭ᠎ᠤᠨ ᠥᠨᠳᠥᠷ ᠲᠡᠮᠳᠡᠭ᠌ᠯᠡᠯ᠎ᠢ ᠱᠢᠨᠡᠳᠭᠡᠪᠡ᠃
ᠮᠠᠨ᠎ᠤ ᠤᠷᠤᠨ᠎ᠤ ᠭᠠᠳᠠᠭᠠᠳᠤ ᠠᠷᠠᠯᠵᠢᠶ᠎ᠠ ᠵᠢᠨ ᠭᠠᠳᠠᠭᠠᠳᠤ ᠭᠠᠷᠭᠠᠯᠳᠠ ᠲᠤᠬᠳᠠᠭᠤᠨ ᠵᠢᠡᠷ ᠨᠡᠮᠡᠭᠳᠡᠵᠤ ᠪᠠᠢᠭ᠎ᠠ ᠨᠢ ᠭᠤᠤᠯᠳᠠᠭᠤ ᠲᠤᠤᠷᠠᠬᠢ ᠮᠡᠳᠤ ᠬᠡᠳᠤᠨ ᠰᠢᠯᠳᠠᠭᠠᠨ ᠡᠴᠡ ᠪᠤᠯᠵᠠᠢ᠃ ᠨᠢᠭᠡ᠎ᠳᠤ᠂ ᠠᠵᠤ ᠦᠢᠯᠡᠰ ᠦᠨ ᠳᠠᠢᠴᠢᠯᠠᠬᠤ ᠦᠢᠯᠡᠳᠦᠯ ᠢᠯᠡᠷᠬᠡᠶ ᠪᠤᠯᠵᠠᠢ᠃ 2025 ᠣᠨ᠎ᠳᠤ ᠪᠥᠬᠥ᠌ ᠣᠷᠣᠨ ᠤ ᠭᠠᠳᠠᠭᠠᠳᠤ ᠭᠠᠷᠭᠠᠯᠲᠠ᠎ᠶ᠋ᠢᠨ ᠲᠠᠷᠢᠶᠠᠯᠠᠩ᠎ᠤᠨ ᠪᠦᠲᠦᠭᠡᠭ᠌ᠳᠡᠬᠦᠨ 139.1 ᠳ᠋ᠦᠩᠱᠢᠭᠤᠷ ᠲᠥᠭᠥᠷᠢᠭ᠎ᠲᠦ ᠬᠦᠷᠴᠦ᠍᠂ 15.4% ᠪᠠᠷ ᠨᠡᠮᠡᠭ᠌ᠳᠡᠨ᠂ ᠪᠥᠬᠥ᠌ ᠣᠷᠣᠨ᠎ᠤ ᠭᠠᠳᠠᠭᠠᠳᠤ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠠ ᠵᠢᠨ15.5% ᠶ᠋ᠢ ᠡᠵᠡᠯᠡᠵᠦ᠍᠂ ᠭᠠᠳᠠᠭᠠᠳᠤ ᠭᠠᠷᠭᠠᠯᠲᠠ᠎ᠶ᠋ᠢᠨ ᠨᠡᠮᠡᠭ᠌ᠳᠡᠯ ᠢ ᠵᠠᠭᠤᠨ᠎ᠤ ᠬᠠᠷᠢᠴᠠᠯ ᠵᠢᠡᠷ 2.2 ᠬᠤᠪᠢ ᠳᠠᠢᠴᠢᠯᠠᠪᠠ᠃ ᠡᠭᠦᠨ᠎ᠳᠦ᠂ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠵᠡᠷᠭᠡ ᠱᠢᠨ᠎ᠡ᠎ᠪᠡᠷ ᠮᠠᠨᠳᠤᠭ᠍ᠰᠠᠨ ᠵᠠᠬ᠎ᠠ ᠳᠡᠯᠭᠡᠭᠦᠷ᠎ᠦᠨ ᠦᠷᠡᠴᠦᠮᠠᠶ᠋ᠢᠨ ᠲᠦᠷᠦᠯ ᠦᠨ ᠦᠢᠯᠡᠳᠬᠦᠨ(ᠨᠡᠷᠡᠨ ᠬᠤᠸᠠᠷ᠎ᠤᠨ ᠦᠷ᠎ᠡ ) ᠤ᠋ ᠬᠡᠷᠡᠭ᠌ᠴᠡᠭᠡ ᠶᠡᠬᠡᠪᠡᠷ ᠨᠡᠮᠡᠭᠳᠡᠭᠰᠡᠨ ᠡᠴᠡ ᠭᠠᠳᠠᠨ᠎ᠠ ᠳᠡᠭᠡᠳᠦ ᠱᠢᠨ᠎ᠡ ᠮᠡᠷᠭᠡᠵᠢᠯ᠎ᠦᠨ ᠦᠶ᠋ᠯᠡᠳᠬᠦᠨ᠎ᠦ ᠳᠠᠢᠴᠢᠯᠠᠬᠤ ᠦᠢᠯᠡᠳᠦᠯ ᠢᠯᠡᠷᠬᠡᠶ ᠪᠠᠢᠵᠤ᠂ ᠭᠠᠳᠠᠭᠠᠳᠤ ᠭᠠᠷᠭᠠᠯᠲᠠ 121 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 24% ᠪᠠᠷ ᠨᠡᠮᠡᠭ᠌ᠳᠡᠪᠡ; ᠬᠣᠶᠠᠷ᠎ᠲᠤ᠂ ᠵᠠᠪᠰᠠᠷ᠎ᠤᠨ ᠪᠦᠲᠦᠭᠡᠭ᠌ᠳᠡᠬᠦᠨ᠎ᠦ ᠠᠷᠠᠯᠵᠢᠶ᠎ᠠ ᠨᠡᠯᠢᠶᠡᠳ ᠲᠦᠷᠭᠡᠨ ᠨᠡᠮᠡᠭ᠌ᠳᠡᠪᠡ᠃ 2025 ᠣᠨ᠎ᠳᠤ᠂ ᠪᠥᠬᠥ᠌ ᠣᠷᠣᠨ᠎ᠤ ᠭᠠᠳᠠᠭᠠᠳᠤ ᠭᠠᠷᠭᠠᠯᠲᠠ᠎ᠶ᠋ᠢᠨ ᠵᠠᠪᠰᠠᠷ᠎ᠤᠨ ᠪᠦᠲᠦᠭᠡᠭ᠌ᠳᠡᠬᠦᠨ᠎ᠤ ᠦᠷᠲᠡᠭ 564.3 ᠳ᠋ᠦᠩᠱᠢᠭᠤᠷ ᠲᠥᠭᠥᠷᠢᠭ᠎ᠲᠦ ᠬᠦᠷᠴᠦ᠍᠂ 6.6% ᠪᠠᠷ ᠨᠡᠮᠡᠭ᠌ᠳᠡᠨ᠂ ᠪᠥᠬᠥ᠌ ᠣᠷᠣᠨ᠎ᠤ ᠭᠠᠳᠠᠭᠠᠳᠤ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠠ ᠵᠢᠨ 62.8% ᠶ᠋ᠢ ᠡᠵᠡᠯᠡᠵᠦ᠍᠂ ᠭᠠᠳᠠᠭᠠᠳᠤ ᠭᠠᠷᠭᠠᠯᠲᠠ᠎ᠶ᠋ᠢᠨ ᠨᠡᠮᠡᠭ᠌ᠳᠡᠯ᠎ᠢ ᠵᠠᠭᠤᠨ᠎ᠤ ᠬᠠᠷᠢᠴᠠᠯ ᠵᠢᠡᠷ 4.1 ᠬᠤᠪᠢ ᠳᠠᠢᠴᠢᠯᠠᠵᠤ᠂ ᠭᠠᠳᠠᠭᠠᠳᠤ ᠭᠠᠷᠭᠠᠯᠲᠠ᠎ᠶ᠋ᠢ ᠳᠠᠢᠴᠢᠯᠠᠬᠤ ᠭᠤᠤᠯ ᠬᠦᠴᠦᠨ ᠪᠣᠯᠵᠣ᠂ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠬᠠᠮᠲᠤᠷᠠᠯᠴᠠᠭ᠎ᠠ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ᠭᠤᠷᠪᠠ᠎ᠳᠤ᠂ ᠵᠠᠬ᠎ᠠ ᠳᠡᠯᠭᠡᠭᠦᠷ᠎ᠦᠨ ᠤᠯᠠᠨ ᠡᠱᠢᠵᠢᠯᠲᠡᠶ᠋ᠢ ᠤᠯᠠᠮ ᠨᠢᠭᠡ ᠠᠯᠬᠤᠮ ᠥᠷᠭᠡᠳᠭᠡᠪᠡ᠃ ᠣᠷᠣᠰ ᠮᠣᠩᠭᠣᠯ᠎ᠤᠨ ᠵᠠᠬ᠎ᠠ ᠳᠡᠯᠭᠡᠭᠦᠷ᠎ᠢ ᠪᠡᠬᠢᠵᠢᠭᠦᠯᠬᠦ᠌᠎ᠶ᠋ᠢᠨ ᠬᠠᠮᠲᠤ᠂ ᠱᠢᠨ᠎ᠡ᠎ᠪᠡᠷ ᠪᠤᠶ ᠪᠣᠯᠤᠭ᠍ᠰᠠᠨ ᠵᠠᠬ᠎ᠠ ᠳᠡᠯᠭᠡᠭᠦᠷ᠎ᠢ ᠢᠳᠡᠪᠬᠢᠲᠡᠶ᠎ᠪᠡᠷ ᠨᠡᠭᠡᠭᠡᠨ ᠬᠦᠭᠵᠢᠬᠦᠯᠵᠠᠢ᠃ 2025 ᠣᠨ᠎ᠳᠤ᠂ ᠮᠠᠨ᠎ᠤ ᠣᠷᠣᠨ 199 ᠤᠯᠤᠰ ᠪᠠ ᠭᠠᠵᠠᠷ ᠣᠷᠣᠨ᠎ᠲᠠᠶ ᠭᠠᠳᠠᠭᠠᠳᠤ ᠭᠠᠷᠭᠠᠯᠲᠠ᠎ᠶ᠋ᠢᠨ ᠠᠷᠠᠯᠵᠢᠶᠠᠨ᠎ᠤ ᠶᠠᠪᠤᠯᠴᠠᠭᠠᠦᠷᠨᠢᠬᠦᠯᠵᠤ᠂ 2024 ᠣᠨ᠎ᠤ᠎ᠬᠢ᠎ᠡᠴᠡ 11.8% ᠪᠠᠷ ᠨᠡᠮᠡᠭ᠌ᠳᠡᠵᠦ᠍᠂ ᠡᠭᠦᠨ᠎ᠦ ᠳᠣᠲᠣᠷᠠᠬᠢ 140 ᠭᠠᠷᠤᠶ ᠤᠯᠤᠰ ᠪᠠ ᠭᠠᠵᠠᠷ ᠣᠷᠣᠨ ᠲᠠᠶ ᠠᠷᠠᠯᠵᠢᠶᠠᠨ ᠤ ᠦᠷᠳᠡᠭ᠎ᠤᠨ ᠨᠡᠮᠡᠭ᠌ᠳᠡᠯ᠎ᠢ ᠪᠡᠶᠡᠯᠡᠭᠦᠯᠪᠡ᠃ ᠳᠥᠷᠪᠡ᠎ᠳᠦ᠂ ᠲᠥᠷᠥ ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠪᠣᠭᠣᠮᠲᠠ᠎ᠪᠠᠷ ᠥᠩᠭᠡᠷᠡᠬᠦ᠌᠎ᠶ᠋ᠢ ᠳᠥᠭᠥᠮᠴᠢᠯᠡᠬᠦ᠌᠎ᠪᠡᠷ ᠭᠠᠳᠠᠭᠠᠳᠤ ᠭᠠᠷᠭᠠᠯᠲᠠ᠎ᠶ᠋ᠢᠨ ᠨᠡᠮᠡᠭ᠌ᠳᠡᠯ᠎ᠳᠦ ᠬᠦᠴᠦᠨ ᠨᠡᠮᠡᠷᠢᠯᠡᠪᠡ᠃
ᠬᠥᠬᠡᠬᠣᠲᠠ ᠪᠣᠭᠣᠮᠲᠠ᠎ᠶ᠋ᠢᠨ᠎ᠬᠢᠨ ᠭᠠᠳᠠᠭᠠᠳᠤ ᠨᠡᠭᠡᠭᠡᠯᠲᠡ ᠶ᠋ᠢᠨ ᠲᠠᠪᠴᠠᠩ᠎ᠤᠨ ᠴᠢᠳᠠᠪᠤᠷᠢ ᠲᠠᠰ᠎ᠢ ᠳᠡᠭᠡᠭ᠌ᠰᠢᠯᠡᠭᠦᠯᠵᠦ᠍᠂ 《ᠲᠠᠷᠢᠶᠠᠯᠠᠩ ᠤᠨ ᠪᠦᠲᠦᠭᠡᠭ᠌ᠳᠡᠬᠦᠨ ᠦ ᠭᠠᠳᠠᠭᠠᠳᠤ ᠭᠠᠷᠭᠠᠯᠲᠠ ᠶ᠋ᠢ ᠳᠡᠮᠵᠢᠬᠦ᠌ ᠭᠤᠷᠪᠠᠨ ᠵᠢᠯ ᠦᠨ ᠲᠤᠰᠭᠠᠶ ᠠᠵᠢᠯᠯᠠᠭ᠎ᠠ 》 ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠣᠨᠴᠠᠯᠢᠭ᠍ᠲᠤ ᠠᠵᠤ ᠦᠶ᠋ᠯᠡᠰ ᠦᠨ ᠬᠥᠭ᠌ᠵᠢᠯᠲᠡ᠎ᠶ᠋ᠢ ᠳᠡᠮᠵᠢᠪᠡ᠃ ᠪᠣᠭᠣᠮᠲᠠ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠂ 《ᠪᠣᠭᠣᠮᠲᠠ᠎ᠶ᠋ᠢᠨ ᠳᠠᠷᠤᠭ᠎ᠠ᠎ᠠᠴᠠ ᠲᠥᠷᠥ᠎ᠶ᠋ᠢᠨ ᠪᠣᠳᠣᠯᠭ᠎ᠠ ᠵᠢ ᠲᠠᠢᠯᠪᠤᠷᠢᠯᠠᠬᠤ 》 ᠠᠵᠢᠯ᠎ᠢ ᠭᠦᠨᠵᠡᠭᠡᠶ ᠥᠷᠨᠢᠭᠦᠯᠵᠦ᠍᠂ 《ᠨᠢᠭᠡ ᠥᠷᠲᠡᠭᠡᠴᠢᠯᠡᠭᠰᠡᠨ ᠮᠠᠶᠢᠭ ᠤᠨ ᠦᠢᠯᠡᠴᠢᠯᠡᠭᠡ 》 ᠵᠢᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠭᠠᠳᠠᠭᠠᠳᠤ ᠠᠷᠠᠯᠵᠢᠶᠠᠨ ᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ ᠲᠣᠭ᠍ᠲᠠᠪᠤᠷᠢᠵᠢᠭᠤᠯᠤᠨ᠂ ᠵᠠᠬ᠎ᠠ ᠳᠡᠯᠭᠡᠭᠦᠷ᠎ᠢ ᠨᠢ ᠦᠷᠭᠡᠳᠭᠡᠪᠡ᠃