ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠣᠨᠴᠠ ᠲᠥᠷᠥᠯ ᠤ᠋ᠨ ᠲᠥᠬᠥᠭᠡᠷᠦᠮᠵᠢ ᠶ᠋ᠢᠨ ᠠᠮᠤᠷ ᠲᠦᠪᠱᠢᠨ ᠤ᠋ ᠭᠡᠮ ᠰᠤᠭᠤᠭ ᠢ᠋ ᠵᠢᠭ᠍ᠰᠠᠭᠠᠨ ᠪᠠᠢᠴᠠᠭᠠᠬᠤ ᠠᠵᠢᠯ ᠥᠷᠨᠢᠭᠦᠯᠵᠠᠢ
2026-02-12 11:36:11
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠤᠢᠷ᠎ᠠ᠎ᠳᠦ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠦᠬᠦ᠌ ᠣᠷᠣᠨ ᠤ᠋ ᠬᠡᠪᠴᠢᠶᠡᠨ ᠳ᠋ᠤ ᠣᠨᠴᠠ ᠲᠦᠷᠦᠯ ᠤ᠋ᠨ ᠲᠥᠬᠥᠭᠡᠷᠦᠮᠵᠢ ᠶ᠋ᠢᠨ ᠠᠮᠤᠷ ᠲᠦᠪᠱᠢᠨ ᠤ᠋ ᠭᠡᠮ ᠰᠣᠭᠣᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠲᠤᠰᠭᠠᠢ ᠪᠠᠢᠴᠠᠭᠠᠯᠲᠠ ᠵᠢ ᠲᠥᠪᠯᠡᠷᠡᠭᠦᠯᠦᠨ ᠥᠷᠨᠢᠭᠦᠯᠦᠭᠰᠡᠨ᠎ᠤ ᠬᠠᠮᠲᠤ ᠡᠮᠦᠨᠡᠬᠢ ᠬᠤᠭᠤᠴᠠᠭᠠᠨ ᠤ᠋ ᠵᠢᠭ᠍ᠰᠠᠭᠠᠨ ᠪᠠᠢᠴᠠᠭᠠᠯᠲᠠ ᠳ᠋ᠤ ᠢᠯᠡᠷᠡᠭᠦᠯᠦᠭᠰᠡᠨ ᠠᠰᠠᠭᠤᠳᠠᠯ ᠤ᠋ᠨ ᠭᠡᠮ ᠰᠣᠭᠣᠭ ᠢ᠋ 《ᠡᠷᠬᠢᠨ ᠬᠠᠷᠠᠵᠤ 》᠂ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠵᠢ ᠱᠠᠲᠤ ᠱᠠᠲᠤ ᠪᠡᠷ ᠪᠣᠳᠠᠲᠠᠢᠵᠢᠭᠤᠯᠵᠤ᠂ ᠣᠨᠴᠠ ᠲᠦᠷᠦᠯ ᠤ᠋ᠨ ᠲᠥᠬᠥᠭᠡᠷᠦᠮᠵᠢ ᠶ᠋ᠢᠨ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠪᠠ᠃

ᠲᠣᠰ ᠤᠳᠠᠭᠠᠨ ᠤ᠋ ᠲᠤᠰᠭᠠᠶ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠲᠢᠩᠬᠢᠮ ᠤ᠋ᠨ ᠲᠠᠰ ᠤ᠋ᠨ ᠤᠳᠤᠷᠢᠳᠤᠯᠭ᠎ᠠ ᠡᠴᠡ ᠳᠠᠭᠠᠭᠤᠯᠤᠨ᠂ 5 ᠰᠠᠯᠠᠭ᠎ᠠ ᠲᠤᠰᠭᠠᠶ ᠪᠠᠢᠴᠠᠭᠠᠬᠤ ᠳᠤᠭᠤᠢᠯᠠᠩ ᠪᠠᠢᠭᠤᠯᠵᠤ᠂ ᠠᠵᠢᠯ ᠲᠥᠷᠥᠯ ᠤ᠋ᠨ ᠮᠡᠷᠭᠡᠵᠢᠯ ᠤ᠋ᠨ ᠲᠤᠰᠭᠠᠶ ᠮᠡᠷᠭᠡᠵᠢᠯᠲᠡᠨ ᠬᠢᠭᠡᠳ ᠦᠨᠳᠦᠰᠦᠨ ᠱᠠᠲᠤᠨ ᠤ᠋ ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ ᠲᠤᠬᠢᠷᠠᠭᠤᠯᠵᠤ᠂ ᠮᠡᠳᠡᠭᠳᠡᠯ ᠪᠠᠭᠤᠯᠭᠠᠬᠤ ᠦᠭᠡᠢ᠂ ᠤᠷᠢᠳᠴᠢᠯᠠᠨ ᠰᠠᠨᠠᠭᠤᠯᠬᠤ ᠦᠭᠡᠢ᠂ ᠬᠠᠷᠢᠭᠤ ᠮᠡᠳᠡᠭᠦᠯᠦᠯᠲᠡ ᠵᠢ ᠰᠤᠨᠤᠰᠬᠤ ᠦᠭᠡᠢ᠂ ᠪᠠᠷ᠎ᠠ ᠪᠤᠯᠬᠤ ᠵᠢ ᠬᠦᠯᠢᠶᠡᠨ ᠠᠪᠬᠤ ᠦᠭᠡᠢ ᠪᠠᠷ ᠰᠢᠭᠤᠳ ᠦᠨᠳᠦᠰᠦᠨ ᠱᠠᠲᠤᠨ ᠳ᠋ᠤ ᠪᠠᠭᠤᠵᠤ᠂ ᠲᠤᠬᠠᠢ ᠶ᠋ᠢᠨ ᠲᠠᠯᠠᠪᠤᠷ ᠲᠦ᠍ ᠬᠦᠷᠬᠦ ᠠᠷᠭ᠎ᠠ ᠬᠡᠯᠪᠡᠷᠢ ᠪᠠᠷ 12 ᠠᠢᠮᠠᠭ ᠬᠣᠲᠠ ᠳ᠋ᠤ ᠬᠦᠷᠴᠦ᠍ ᠢᠯᠡ ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠭᠠᠶ ᠮᠡᠷᠭᠡᠵᠢᠯᠲᠡᠨ ᠡᠴᠡ ᠬᠠᠪᠰᠤᠷᠤᠨ ᠲᠡᠳᠬᠦᠬᠦ᠌ ᠪᠠ ᠬᠦᠨᠳᠦ ᠶᠡᠬᠡ ᠡᠨᠳᠡᠯ ᠤ᠋ᠨ ᠭᠡᠮ ᠰᠤᠭᠤᠭ ᠢ᠋ ᠵᠢᠭ᠍ᠰᠠᠭᠠᠨ ᠪᠠᠢᠴᠠᠭᠠᠬᠤ ᠠᠵᠢᠯ ᠥᠷᠨᠢᠭᠦᠯᠪᠡ᠃ ᠪᠠᠢᠴᠠᠭᠠᠯᠲᠠ ᠳ᠋ᠤ ᠲᠡᠮᠦᠷᠯᠢᠭ᠂ ᠬᠢᠮᠢ ᠶ᠋ᠢᠨ ᠠᠵᠤ ᠦᠶ᠋ᠯᠡᠳᠪᠦᠷᠢ᠂ ᠡᠨᠧᠷᠭᠢ᠂ ᠪᠠᠷᠢᠯᠭ᠎ᠠ ᠶ᠋ᠢᠨ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠵᠢᠴᠢ ᠡᠮᠨᠡᠯᠭᠡ ᠶ᠋ᠢᠨ ᠬᠣᠷᠢᠶ᠎ᠠ᠂ ᠰᠤᠷᠭᠠᠭᠤᠯᠢ᠂ ᠬᠤᠳᠠᠯᠳᠤᠭᠠᠨ ᠤ᠋ ᠲᠠᠯᠠᠪᠤᠷ᠂ ᠦᠵᠡᠮᠵᠢ ᠶ᠋ᠢᠨ ᠣᠷᠣᠨ᠂ ᠲᠡᠷᠭᠡᠨ ᠥᠷᠲᠡᠭᠡ ᠵᠡᠷᠭᠡ ᠬᠥᠮᠦᠨ ᠬᠠᠷ᠎ᠠ ᠨᠢᠭ᠍ᠲᠠᠷᠠᠭ᠍ᠰᠠᠨ ᠲᠠᠯᠠᠪᠤᠷ ᠭᠠᠵᠠᠷ ᠢ᠋ ᠬᠠᠮᠤᠷᠴᠤ᠌᠂ ᠳᠠᠷᠤᠯᠲᠠᠲᠤ ᠰᠠᠪᠠ᠂ ᠭᠦᠸᠧᠯᠦ᠍᠂ ᠳᠠᠷᠤᠯᠲᠠᠲᠤ ᠬᠣᠭᠣᠯᠠᠶ᠂ ᠴᠠᠬᠢᠯᠭᠠᠨ ᠱᠠᠲᠤ᠂ ᠡᠷᠭᠦᠬᠦᠯ ᠮᠠᠱᠢᠨ᠂ ᠲᠠᠯᠠᠪᠠᠶ (ᠦᠶ᠋ᠯᠡᠳᠪᠦᠷᠢ)  ᠶ᠋ᠢᠨ ᠳᠣᠲᠣᠷᠠᠬᠢ ᠲᠤᠰᠭᠠᠶ ᠬᠡᠷᠡᠭ᠌ᠯᠡᠬᠦ᠌ ᠮᠠᠱᠢᠨ ᠲᠡᠷᠭᠡ᠂ ᠲᠣᠮᠣ ᠬᠡᠯᠪᠡᠷᠢ ᠶ᠋ᠢᠨ ᠵᠤᠭ᠎ᠠ ᠴᠡᠩᠭᠡᠯ ᠤ᠋ᠨ ᠲᠦᠬᠦᠭᠡᠷᠦᠮᠵᠢ᠂ ᠠᠶᠠᠨᠴᠢᠳ ᠤ᠋ᠨ ᠵᠦᠭᠡᠭᠡᠪᠦᠷᠢ ᠶ᠋ᠢᠨ ᠳᠡᠭᠦᠵᠢᠩ ᠵᠠᠮ ᠵᠡᠷᠭᠡ ᠨᠠᠶ᠋ᠮᠠᠨ ᠶᠡᠬᠡ ᠲᠥᠷᠥᠯ ᠤ᠋ᠨ ᠣᠨᠴᠠ ᠲᠥᠷᠥᠯ ᠤ᠋ᠨ ᠲᠥᠬᠥᠭᠡᠷᠦᠮᠵᠢ ᠳ᠋ᠤ ᠴᠢᠭ᠌ᠯᠡᠭᠦᠯᠦᠨ᠂ ᠪᠥᠬᠥ᠌ ᠲᠠᠯ᠎ᠠ ᠶ᠋ᠢᠨ ᠠᠮᠤᠷ ᠲᠦᠪᠱᠢᠨ ᠤ᠋ ᠪᠠᠢᠴᠠᠭᠠᠯᠲᠠ ᠥᠷᠨᠢᠭᠦᠯᠵᠦ᠍᠂ ᠲᠥᠬᠥᠭᠡᠷᠦᠮᠵᠢ ᠶ᠋ᠢᠨ ᠬᠠᠤᠯᠢ ᠶᠣᠰᠣᠴᠢ ᠴᠢᠨᠠᠷ᠂ ᠬᠡᠷᠡᠭ᠌ᠯᠡᠯᠲᠡ ᠵᠢ ᠳᠡᠩᠰᠡᠯᠡᠨ ᠲᠡᠮᠳᠡᠭ᠌ᠯᠡᠬᠦ᠌᠂ ᠲᠣᠭ᠍ᠲᠠᠮᠠᠯ ᠬᠤᠭᠤᠴᠠᠭ᠎ᠠ ᠲᠠᠢ ᠪᠠᠷ ᠱᠢᠯᠭᠠᠨ ᠪᠠᠢᠴᠠᠭᠠᠬᠤ᠂ ᠡᠳᠦᠷ ᠲᠤᠲᠤᠮ ᠤ᠋ᠨ ᠠᠷᠠᠴᠢᠯᠠᠨ ᠬᠠᠮᠠᠭᠠᠯᠠᠬᠤ ᠵᠡᠷᠭᠡ ᠪᠠᠢᠳᠠᠯ ᠵᠢᠴᠢ ᠠᠵᠤ ᠠᠬᠤᠢᠯᠠᠯ ᠤ᠋ᠨ ᠭᠤᠤᠯ ᠴᠤᠬᠴᠠ ᠶ᠋ᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤ᠋ᠨ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠵᠢ ᠨᠠᠢᠳᠠᠪᠤᠷᠢᠵᠢᠭᠤᠯᠤᠬᠰᠠᠨ ᠪᠠᠢᠳᠠᠯ ᠢ᠋ ᠭᠤᠤᠯᠳᠠᠯᠭ᠎ᠠ ᠲᠠᠢ ᠬᠢᠨᠠᠨ ᠪᠠᠢᠴᠠᠭᠠᠪᠠ᠃

ᠪᠠᠢᠴᠠᠭᠠᠬᠤ ᠶᠠᠪᠤᠴᠠ ᠳ᠋ᠤ ᠂ ᠪᠠᠢᠴᠠᠭᠠᠬᠤ ᠳᠤᠭᠤᠢᠯᠠᠩ ᠤ᠋ᠨ ᠬᠢᠨ ᠠᠰᠠᠭᠤᠳᠠᠯ ᠢ᠋ᠶ᠋ᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ ᠣᠨᠴᠠ ᠲᠦᠷᠦᠯ ᠤ᠋ᠨ ᠲᠥᠬᠥᠭᠡᠷᠦᠮᠵᠢ ᠵᠢ ᠬᠡᠷᠡᠭ᠌ᠯᠡᠬᠦ᠌ 43 ᠨᠢᠭᠡᠴᠢ ᠵᠢ ᠵᠢᠭ᠍ᠰᠠᠭᠠᠨ ᠪᠠᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳ᠋ᠤ ᠴᠢᠭ᠌ᠯᠡᠭᠦᠯᠦᠨ ᠲᠡᠷᠡ ᠳᠠᠷᠤᠢ ᠳ᠋ᠤᠨᠢ ᠴᠡᠭ᠌ᠴᠡᠯᠡᠨ ᠰᠠᠢᠵᠢᠷᠠᠭᠤᠯᠬᠤ ᠰᠠᠨᠠᠯ  ᠳᠤᠷᠠᠳᠴᠤ᠂ ᠠᠵᠤ ᠠᠬᠤᠢᠯᠠᠯ ᠢ᠋ ᠠᠰᠠᠭᠤᠳᠠᠯ ᠤ᠋ᠨ ᠡᠬᠡ ᠲᠠᠩᠰᠠ ᠪᠠᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ ᠵᠢ ᠬᠡᠷᠡᠭ᠌ᠵᠢᠭᠦᠯᠵᠦ᠍᠂ ᠳᠠᠷᠤᠢ ᠳ᠋ᠤᠨᠢ ᠪᠠᠢᠴᠠᠭᠠᠵᠤ ᠳᠠᠷᠤᠢ ᠳ᠋ᠤᠨᠢ ᠴᠡᠭ᠌ᠴᠡᠯᠡᠨ ᠰᠠᠢᠵᠢᠷᠠᠭᠤᠯᠬᠤ᠂ ᠪᠠᠢᠴᠠᠭᠠᠬᠤ ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号