ᠦᠪᠦᠷ ᠮᠤᠩᠭᠤᠯ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠰᠢᠰᠲᠸᠮ ᠢ᠋ ᠦᠨᠳᠦᠰᠦᠨ᠎ᠳᠡᠭᠡᠨ ᠪᠠᠢᠭᠤᠯᠪᠠ
2026-02-12 11:45:50
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠲᠦᠷᠦᠭᠦᠭᠡᠨ  ᠡᠷᠬᠢᠯᠡᠨ  ᠬᠤᠷᠠᠯᠳᠤᠭᠤᠯᠤᠭᠰᠠᠨ ᠪᠦᠬᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠬᠤᠷᠠᠯ ᠡᠴᠡ ᠣᠢᠯᠠᠭᠠᠭᠰᠠᠨ ᠢ᠋ᠢᠡᠷ᠂ ᠥᠩᠭᠡᠷᠡᠭᠰᠡᠨ 5 ᠵᠢᠯ᠎ᠳᠦ᠂ ᠦᠪᠦᠷ ᠮᠤᠩᠭᠤᠯ᠎ᠤᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠬᠢᠨ ᠬᠠᠤᠯᠢ᠎ᠪᠠᠷ ᠵᠠᠰᠠᠬᠤ᠎ᠪᠠᠷ ᠦᠨᠳᠦᠰᠦ᠎ᠶᠢ ᠪᠡᠬᠢᠵᠢᠭᠦᠯᠬᠦ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠬᠡᠲᠦ᠎ᠳᠦ ᠠᠰᠢᠭ᠍ᠲᠠᠢ ᠪᠠᠢᠯᠭᠠᠬᠤ ᠪᠠᠲᠤᠯᠠᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠬᠠᠤᠯᠢᠴᠢ᠂ ᠠᠯᠪᠠᠨ ᠭᠡᠷᠡᠴᠢᠯᠡᠭᠡ᠂ ᠬᠥᠨᠳᠡᠯᠡᠨ᠎ᠡᠴᠡ ᠲᠠᠰᠤᠯᠬᠤ᠂ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠬᠦ ᠵᠡᠷᠭᠡ ᠠᠵᠢᠯ ᠲᠥᠷᠥᠯ᠎ᠳᠦ ᠵᠢᠯ ᠳᠤᠮᠳᠠᠴᠢ᠎ᠪᠠᠷ 60 ᠲᠦᠮᠡᠨ ᠬᠤᠪᠢ ᠬᠠᠤᠯᠢ ᠴᠠᠭᠠᠵᠠ᠎ᠶᠢᠨ ᠬᠡᠷᠡᠭ ᠶᠠᠪᠤᠳᠠᠯ᠎ᠢ ᠭᠦᠢᠴᠡᠳᠬᠡᠵᠦ᠂ ᠬᠣᠲᠠ ᠬᠥᠳᠡᠭᠡ᠎ᠶᠢ ᠬᠠᠮᠤᠷᠤᠭᠰᠠᠨ᠂ ᠳᠥᠭᠥᠮ ᠳᠥᠲᠡ ᠥᠨᠳᠥᠷ ᠪᠦᠲᠦᠮᠵᠢᠲᠡᠶ᠂ ᠠᠳᠠᠯᠢ ᠲᠡᠭᠰᠢ ᠲᠦᠭᠡᠮᠡᠯ ᠠᠰᠢᠭ᠋ ᠬᠦᠷᠲᠡᠭᠡᠬᠦ ᠣᠯᠠᠨ ᠨᠡᠶ᠋ᠢᠲᠡ ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠰᠢᠰᠲᠧᠮ  ᠢ᠋ ᠦᠨᠳᠦᠰᠦᠨ᠎ᠳᠡᠭᠡᠨ ᠪᠠᠢᠭᠤᠯᠪᠠ ᠃

5 ᠵᠢᠯ᠎ᠦᠨ ᠲᠤᠷᠰᠢ᠂ ᠪᠦᠬᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠬᠢᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠦᠨ ᠠᠵᠢᠯᠯᠠᠭ᠎ᠠ ᠥᠷᠨᠢᠭᠦᠯᠵᠦ᠂ ᠲᠦᠷᠪᠡᠨ ᠱᠠᠲᠤᠨ᠎ᠤ ᠪᠦᠬᠦᠨ᠎ᠢ ᠬᠠᠮᠤᠷᠤᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠵᠣᠬᠢᠴᠠᠭᠤᠯᠤᠨ ᠬᠢᠨᠠᠬᠤ ᠠᠵᠢᠯ᠎ᠤᠨ ᠰᠢᠰᠲᠧᠮ᠎ᠢ ᠪᠠᠢᠭᠤᠯᠵᠤ᠂ ᠵᠠᠰᠠᠭ ᠵᠠᠬᠢᠷᠭᠠᠨ ᠎ᠤ ᠬᠠᠤᠯᠢ ᠬᠡᠷᠡᠭᠵᠢᠭᠦᠯᠦᠯᠲᠡ᠎ᠶᠢᠨ ᠨᠡᠢᠭᠡᠮ᠎ᠦᠨ ᠬᠢᠨᠠᠭ᠍ᠴᠢ᠎ᠶᠢ 1 ᠲᠦᠮᠡ ᠭᠠᠷᠤᠢ ᠰᠣᠩᠭᠣᠨ ᠤᠷᠢᠵᠤ᠂ 6556 ᠵᠦᠢᠯ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠵᠦᠢᠯᠡᠰ ᠎ᠢ ᠲᠣᠳᠣᠷᠬᠠᠢᠯᠠᠵᠤ᠂ ᠬᠠᠤᠯᠢ ᠬᠡᠷᠡᠭᠵᠢᠭᠦᠯᠬᠦ ᠡᠷᠬᠡ᠎ᠶᠢᠨ ᠬᠢᠵᠠᠭᠠᠷ ᠪᠠ ᠲᠡᠰ ᠲᠠᠷᠠᠭᠠᠯᠠᠯ ᠢ᠋ ᠵᠢᠷᠤᠮᠵᠢᠭᠤᠯᠤᠨ᠂ ᠭᠣᠣᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠎ᠢ ᠵᠢᠯᠣᠭᠣᠳᠤᠨ ᠵᠠᠰᠠᠭ ᠵᠠᠬᠢᠷᠭᠠᠨ᠎ᠤ ᠲᠠᠰᠤᠯᠤᠯᠲᠠ᠎ᠶᠢᠨ ᠡᠷᠬᠡ᠎ᠶᠢᠨ ᠰᠠᠭᠤᠷᠢ ᠪᠠᠷᠢᠮᠵᠢᠶ᠎ᠠ ᠎ᠶᠢ 54 ᠲᠣᠭᠲᠠᠭᠠᠵᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠨᠢᠭᠡᠳᠦᠯ ᠦᠭᠡᠢ᠂ ᠱᠠᠭᠠᠷᠳᠠᠯᠭ᠎ᠠ ᠨᠢᠭᠡᠳᠦᠯ ᠦᠭᠡᠢ ᠪᠠᠢᠬᠤ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠪᠠ; 《30 ᠮᠢᠨᠦ᠋ᠲ ᠎ᠦᠨ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠣᠭᠣᠷᠢᠭ᠋ 》᠎ᠢ᠋ ᠪᠠᠢᠭᠤᠯᠵᠤ ᠂ ᠬᠠᠤᠯᠢ ᠎ᠪᠠᠷ ᠵᠠᠰᠠᠬᠤ ᠎ᠪᠠᠷ ᠠᠷᠠᠳ᠎ᠲᠤ ᠠᠰᠢᠭ᠋ ᠬᠦᠷᠲᠡᠭᠡᠬᠦ 《ᠡᠴᠦᠰ᠎ᠦᠨ ᠨᠢᠭᠡ ᠺᠢᠯᠣᠮᠧᠲᠷ 》 ᠢ᠋ ᠨᠡᠪᠲᠡᠷᠡᠭᠦᠯᠪᠡ ;  ᠬᠠᠤᠯᠢ ᠲᠦᠭᠡᠮᠡᠯᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠴᠦ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠲᠠᠢ ᠬᠣᠯᠪᠤᠭᠠᠯᠠᠨ 1.1 ᠲᠦᠮᠡᠨ ᠺᠢᠯᠣᠮᠧᠲᠷ 《ᠤᠮᠠᠷᠠᠲᠤ ᠬᠢᠯᠢ᠎ᠶᠢᠨ ᠲᠦᠮᠡᠨ ᠭᠠᠵᠠᠷ᠎ᠤᠨ ᠬᠠᠤᠯᠢ᠎ᠪᠠᠷ ᠵᠠᠰᠠᠬᠤ ᠵᠠᠮ 》 ᠢ᠋ ᠴᠣᠭᠴᠠᠯᠠᠪᠠ;  《 ᠵᠥᠷᠢᠴᠡᠯ ᠠᠶᠤᠯ ᠲᠦᠭᠰᠢᠭᠦᠷᠢ᠎ᠶᠢ ᠨᠠᠮᠳᠠᠭᠤᠯᠤᠨ ᠨᠡᠢᠭᠡᠮ᠎ᠦᠨ ᠲᠣᠭᠲᠠᠭᠤᠨ ᠪᠠᠢᠳᠠᠯ᠎ᠢ ᠬᠠᠮᠠᠭᠠᠯᠠᠬᠤ 》 ᠲᠤᠰᠬᠠᠢ ᠵᠠᠰᠠᠯᠲᠠ᠎ᠶᠢ ᠪᠠᠢᠩᠭᠤᠵᠢᠭᠤᠯᠤᠨ ᠥᠷᠨᠢᠭᠦᠯᠵᠦ᠂ 80 ᠲᠦᠮᠡ ᠰᠢᠬᠠᠮ ᠬᠤᠪᠢ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠵᠤ᠂ ᠠᠮᠵᠢᠯᠲᠠ ᠣᠯᠣᠭᠰᠠᠨ ᠨᠤᠷᠮ᠎ᠠ ᠨᠢ 98.9%᠎ᠳᠤ ᠬᠦᠷᠴᠡᠢ; 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ 》 ᠵᠡᠷᠭᠡ 37 ᠬᠠᠤᠯᠢ ᠲᠣᠭᠲᠠᠭᠠᠯ ᠳᠦᠷᠢᠮ ᠲᠣᠭᠲᠠᠭᠠᠯ᠎ᠢ ᠴᠢᠨᠠᠷ ᠰᠠᠢᠲᠠᠢ ᠬᠢᠨᠠᠨ ᠪᠠᠢᠴᠠᠭᠠᠵᠤ ᠵᠠᠰᠠᠪᠤᠷᠢ ᠣᠷᠣᠭᠤᠯᠬᠤ᠎ᠶᠢᠨ ᠬᠠᠮᠲᠤ ᠨᠡᠢᠲᠡᠯᠡᠨ ᠬᠡᠷᠡᠭᠵᠢᠭᠦᠯᠬᠦ᠎ᠶᠢ ᠠᠬᠢᠭᠤᠯᠵᠤ᠂ ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ᠎ᠶᠢ ᠥᠷᠨᠢᠭᠦᠯᠦᠨ᠂ 《 ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ 》 ᠪᠠ 《ᠺᠣᠳ᠋ ᠰᠢᠷᠪᠢᠵᠦ ᠠᠵᠤ ᠠᠬᠤᠢᠯᠠᠯ᠎ᠳᠤ ᠣᠷᠣᠬᠤ 》 ᠵᠢ ᠬᠡᠷᠡᠭᠵᠢᠭᠦᠯᠵᠦ᠂ ᠪᠥᠬᠥ ᠣᠷᠣᠨ᠎ᠤ ᠵᠠᠰᠠᠭ ᠵᠠᠬᠢᠷᠭᠠᠨ ᠎ᠤ ᠰᠢᠢᠳᠬᠡᠯ ᠲᠣᠷᠭᠠᠭᠤᠯᠢ᠎ᠶᠢᠨ ᠬᠡᠷᠡᠭ᠎ᠦᠨ ᠲᠣᠭ᠎ᠠ ᠦᠩᠭᠡᠷᠡᠭᠰᠡᠨ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 20.54% ᠪᠡᠷ ᠪᠠᠭᠤᠷᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号